ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠪᠦᠬᠦ ᠬᠣᠲᠠ ᠶ᠋ᠢᠨ ᠰᠢᠭᠦᠬᠦ ᠬᠣᠷᠢᠶ᠎ᠠ ᠶ᠋ᠢᠨ ᠰᠡᠷᠡᠮᠵᠢᠯᠡᠭᠦᠯᠬᠦ ᠬᠥᠮᠦᠵᠢᠯ ᠵᠢᠴᠢ ᠡᠩᠨᠡᠭᠡ ᠶ᠋ᠢᠨ ᠰᠤᠷᠭᠠᠨ ᠬᠥᠮᠦᠵᠢᠯ  ᠢ᠋ ᠴᠡᠭᠴᠡᠯᠡᠬᠦ ᠠᠵᠢᠯ  ᠤ᠋ᠨ ᠳᠠᠢᠴᠢᠯᠠᠯᠲᠠ  ᠶ᠋ᠢᠨ ᠬᠤᠷᠠᠯ ᠬᠤᠷᠠᠯᠳᠤᠭᠤᠯᠪᠠ
2020.12.14 ᠲᠣᠰ ᠥᠷᠲᠡᠭᠡᠨ ᠦ ᠨᠠᠢᠷᠠᠭᠤᠯᠤᠭᠴᠢ

      ᠶᠡᠷᠦᠩᠬᠡᠢ ᠱᠦᠵᠢ ᠰᠢ ᠵᠢᠨ ᠫᠢᠩ  ᠤ᠋ᠨ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠨᠠᠷᠢᠨ ᠬᠢᠨᠠᠮᠠᠭᠠᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡᠨ  ᠤ᠋ ᠰᠤᠷᠭᠠᠨ ᠬᠥᠮᠦᠵᠢᠯ  ᠤ᠋ᠨ ᠴᠡᠭᠴᠡᠯᠡᠬᠦ ᠠᠵᠢᠯ  ᠢ᠋ ᠥᠷᠨᠢᠭᠦᠯᠵᠦ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡᠨ ᠤ᠋ ᠰᠤᠷᠲᠠᠯ ᠂ ᠰᠠᠬᠢᠯᠭ᠎ᠠ ᠪᠠᠲᠤ ᠶ᠋ᠢ ᠴᠡᠭᠴᠡᠯᠡᠬᠦ  ᠶ᠋ᠢᠨ ᠲᠥᠯᠥᠭᠡ ᠂ 12 ᠰᠠᠷ᠎ᠠ ᠶ᠋ᠢᠨ 11 ᠤ᠋ ᠡᠳᠦᠷ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠸᠢᠳᠢᠣ᠋  ᠶ᠋ᠢᠨ ᠬᠡᠯᠪᠡᠷᠢ ᠪᠡᠷ ᠪᠦᠬᠦ ᠬᠣᠲᠠ ᠶ᠋ᠢᠨ ᠰᠢᠭᠦᠬᠦ ᠬᠣᠷᠢᠶ᠎ᠠ ᠶ᠋ᠢᠨ ᠰᠡᠷᠡᠮᠵᠢᠯᠡᠭᠦᠯᠬᠦ ᠬᠥᠮᠦᠵᠢᠯ ᠵᠢᠴᠢ ᠡᠩᠨᠡᠭᠡ ᠶ᠋ᠢ ᠴᠡᠭᠴᠡᠯᠡᠬᠦ ᠠᠵᠢᠯ  ᠤ᠋ᠨ ᠳᠠᠢᠴᠢᠯᠠᠯᠲᠠ  ᠵᠢᠨ ᠬᠤᠷᠠᠯ ᠢ᠋  ᠬᠤᠷᠠᠯᠳᠤᠭᠤᠯᠤᠭᠰᠠᠨ ᠪᠠᠢᠨ᠎ᠠ᠃ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ  ᠤ᠋ᠨ ᠤᠳᠤᠷᠢᠳᠬᠤ ᠳᠤᠭᠤᠢᠯᠠᠩ  ᠤ᠋ᠨ ᠱᠦᠵᠢ᠂ ᠬᠣᠷᠢᠶᠠᠨ ᠳᠠᠷᠤᠭ᠎ᠠ ᠰᠥᠥ ᠯᠢ ᠵᠢᠶᠦ᠋ᠨ ᠬᠤᠷᠠᠯ ᠳ᠋ᠤ᠌  ᠣᠷᠤᠯᠴᠠᠨ ᠶᠠᠷᠢᠶ᠎ᠠ ᠲᠠᠯᠪᠢᠵᠠᠢ᠃

      ᠬᠤᠷᠠᠯ᠎ ᠳ᠋ᠤ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠳᠤᠭᠤᠢᠯᠠᠩ  ᠤ᠋ᠨ ᠭᠡᠰᠢᠭᠦᠨ ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠬᠢᠨᠠᠨ ᠪᠠᠢᠴᠠᠭᠠᠬᠤ ᠳᠤᠭᠤᠢᠯᠠᠩ  ᠤ᠋ᠨ ᠳᠠᠷᠤᠭ᠎ᠠ ᠪᠠᠢ ᠯᠠᠨ ᠵᠥᠥ  ᠠ᠋ᠴᠠ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ  ᠤ᠋ ᠺᠠᠲ᠋ᠷ ᠴᠠᠭᠳᠠᠭ᠎ᠠ ᠵᠢᠨ ᠣᠢᠷ᠎ᠠ ᠶ᠋ᠢᠨ ᠭᠤᠷᠪᠠᠨ ᠵᠢᠯ  ᠤ᠋ᠨ ᠰᠠᠬᠢᠯᠭ᠎ᠠ ᠪᠠᠲᠤ ᠬᠠᠤᠯᠢ ᠴᠠᠭᠠᠵᠠ ᠶ᠋ᠢ ᠵᠥᠷᠢᠴᠡᠭᠰᠡᠨ ᠪᠠᠢᠳᠠᠯ  ᠢ᠋ ᠣᠯᠠᠨ ᠳ᠋ᠤ᠌ ᠮᠡᠳᠡᠭᠳᠡᠪᠡ ᠃ 

       ᠬᠤᠷᠠᠯ ᠤ᠋ᠨ ᠰᠡᠭᠦᠯ ᠲᠤ  ᠰᠦ ᠯᠢ ᠵᠢᠶᠦ᠋ᠨ ᠠ᠋ᠴᠠ  ᠣᠳᠣᠬᠠᠨ ᠤ᠋ ᠪᠥᠬᠥ ᠬᠣᠲᠠ ᠶ᠋ᠢᠨ ᠰᠢᠭᠦᠬᠦ ᠬᠣᠷᠢᠶᠠᠨ ᠳ᠋ᠤ᠌ ᠲᠤᠯᠭᠠᠷᠠᠵᠤ ᠪᠠᠢᠭ᠎ᠠ ᠨᠠᠮ ᠤ᠋ᠨ ᠰᠤᠷᠲᠠᠯ ᠴᠢᠬᠡᠴᠢ᠂ ᠵᠠᠰᠠᠭ ᠤ᠋ᠨ ᠪᠦᠲᠦᠭᠡᠨ ᠪᠠᠢᠭᠤᠯᠤᠯᠲᠠ ᠪᠣᠯᠤᠨ ᠡᠩᠨᠡᠭᠡᠨ  ᠤ᠋ ᠪᠦᠲᠦᠭᠡᠨ ᠪᠠᠢᠭᠤᠯᠤᠯᠲᠠ ᠶ᠋ᠢᠨ ᠪᠠᠢᠳᠠᠯ  ᠢ᠋  ᠭᠦᠨᠵᠡᠭᠡᠢ  ᠵᠠᠳᠠᠯᠬᠤ ᠵᠢᠨ ᠬᠠᠮᠲᠤ ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠵᠦ ᠰᠤᠷᠭᠠᠨ ᠬᠥᠮᠦᠵᠢᠯ  ᠤ᠋ᠨ ᠴᠡᠭᠴᠡᠯᠡᠯᠲᠡ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠡᠨ ᠨᠡᠮᠡᠭᠳᠡᠭᠦᠯᠬᠦ ᠳ᠋ᠦ᠍ ᠨᠢᠮᠪᠠᠢ ᠠᠵᠢᠯᠯᠠᠬᠤ ᠬᠡᠷᠡᠭᠲᠡᠢ ᠭᠡᠮᠡᠨ ᠳᠤᠷᠠᠳᠤᠭᠰᠠᠨ ᠪᠠᠢᠨ᠎ᠠ ᠃

      ᠲᠤᠰ ᠤᠳᠠᠭᠠᠨ ᠤ᠋ ᠬᠤᠷᠠᠯ ᠢ᠋ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ  ᠤ᠋ ᠨᠠᠮ ᠤ᠋ᠨ ᠤᠳᠤᠷᠢᠳᠬᠤ ᠳᠤᠭᠤᠢᠯᠠᠩ  ᠤ᠋ᠨ ᠳᠡᠳ᠋ ᠱᠦᠵᠢ ᠂ ᠰᠢᠭᠦᠬᠦ ᠬᠣᠷᠢᠶᠠᠨ  ᠤ᠋ ᠳᠡᠳ᠋ ᠳᠠᠷᠤᠭ᠎ᠠ ᠯᠢ ᠵᠢᠩ ᠭᠦᠸᠧ  ᠡᠷᠬᠢᠯᠡᠨ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠳᠤᠷᠢᠳᠬᠤ ᠪᠠᠭ  ᠤ᠋ᠨ  ᠭᠡᠰᠢᠭᠦᠨ  ᠵᠢᠴᠢ ᠪᠥᠬᠥ ᠺᠠᠲ᠋ᠷ ᠴᠠᠭᠳᠠᠭ᠎ᠠ ᠨᠠᠷ  ᠬᠤᠷᠠᠯ  ᠳ᠋ᠤ ᠣᠷᠤᠯᠴᠠᠭᠰᠠᠨ ᠪᠠᠢᠨ᠎ᠠ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )