ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠤᠷᠢᠶ᠎ᠠ ᠨᠢ ᠨᠣᠮ ᠤᠨ《 ᠤᠷᠤᠰᠬᠠᠯ》  ᠤᠨ ᠬᠦᠳᠡᠯᠭᠡᠭᠡᠨ ᠢ᠋ ᠦᠷᠨᠢᠭᠦᠯᠦᠭᠰᠡᠨ ᠪᠠᠢᠨ᠎ᠠ
2020.12.21 ᠲᠣᠰ ᠥᠷᠲᠡᠭᠡᠨ᠎ᠦ ᠨᠠᠢᠷᠠᠭᠤᠯᠤᠭᠴᠢ

   

      ᠨᠣᠮ ᠤᠩᠰᠢᠬᠤ ᠤᠷᠮ᠎ᠠ ᠪᠠᠬ᠎ᠠ ᠶ᠋ᠢ ᠨᠡᠮᠡᠭᠳᠡᠭᠦᠯᠬᠦ ᠶ᠋ᠢᠨ ᠲᠥᠯᠥᠭᠡ᠂ ᠣᠢᠷ᠎ᠠ ᠳ᠋ᠤ᠌ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ  ᠨᠢ ᠨᠣᠮ ᠪᠢᠴᠢᠭ᠌  ᠤᠨ ᠬᠦᠪᠦᠯᠲᠡ ᠵᠢᠨ ᠬᠦᠳᠡᠯᠭᠡᠭᠡᠨ ᠢ ᠦᠷᠨᠢᠭᠦᠯᠦᠭᠰᠡᠨ ᠪᠠᠢᠨ᠎ᠠ᠃

 

      ᠨᠣᠮ  ᠪᠢᠴᠢᠭ᠌  ᠦᠨ ᠤᠷᠤᠰᠬᠠᠯ ᠨᠢ ᠳᠡᠭᠡᠷ᠎ᠡ ᠵᠠᠭᠤᠨ ᠤ᠋ ᠵᠢᠷᠠ ᠳᠠᠯᠠᠭᠠᠳ ᠣᠨ ᠤ ᠧᠦ᠋ᠷᠣᠫᠠ  ᠲᠢᠪ ᠡᠴᠡ  ᠢᠷᠡᠯᠲᠡ ᠲᠠᠢ ᠪᠠᠢᠵᠤ᠂ ᠬᠥᠮᠦᠰ ᠤᠩᠰᠢᠵᠤ  ᠪᠠᠷᠠᠭᠰᠠᠨ ᠨᠣᠮ ᠢ᠋ᠶ᠋ᠠᠨ ᠣᠯᠠᠨ ᠨᠡᠢᠲᠡ ᠶ᠋ᠢᠨ  ᠲᠠᠯᠠᠪᠤᠷ ᠲᠤ ᠲᠠᠯᠪᠢᠵᠤ ᠡᠨᠡ ᠨᠣᠮ ᠢ᠋  ᠳᠠᠬᠢᠨ ᠥᠭᠡᠷ᠎ᠡ ᠬᠥᠮᠦᠨ ᠠᠪᠴᠤ  ᠤᠩᠰᠢᠨ᠂  ᠤᠩᠰᠢᠵᠤ ᠪᠠᠷᠠᠭᠰᠠᠨ ᠤ ᠪᠠᠨ ᠳᠠᠷᠠᠭ᠎ᠠ ᠳᠠᠬᠢᠨ ᠣᠯᠠᠨ ᠨᠡᠢᠲᠡ ᠶ᠋ᠢᠨ  ᠲᠠᠯᠠᠪᠤᠷ ᠲᠤ ᠠᠪᠠᠴᠢᠵᠤ ᠳᠠᠷᠠᠭ᠎ᠠ ᠨᠢᠭᠡ  ᠬᠦᠮᠦᠨ ᠳᠦ ᠳᠠᠮᠵᠢᠭᠤᠯᠤᠨ ᠥᠭᠬᠦ᠁ ᠢᠩᠭᠢᠵᠦ ᠬᠢᠬᠦ ᠨᠢ  ᠰᠠᠢᠨ ᠨᠣᠮ ᠢ ᠬᠦᠮᠦᠨ ᠪᠦᠬᠦᠨ ᠤᠩᠰᠢᠵᠤ ᠡᠳ᠋ᠯᠡᠵᠦ ᠴᠢᠳᠠᠬᠤ ᠪᠤᠯᠤᠨ᠎ᠠ᠃

  

      ᠨᠢᠭᠡᠨ ᠰᠢᠯᠢᠳᠡᠭ ᠨᠣᠮ ᠨᠢ ᠬᠥᠮᠦᠨ ᠦ᠌ ᠠᠮᠢᠳᠤᠷᠠᠯ ᠤ᠋ᠨ ᠰᠢᠨ᠎ᠡ ᠢᠷᠡᠭᠡᠳᠦᠢ ᠶ᠋ᠢ ᠨᠡᠭᠡᠭᠡᠵᠦ ᠴᠢᠳᠠᠳᠠᠭ᠃ ᠨᠣᠮ  ᠪᠢᠴᠢᠭ᠌ ᠦᠨ ᠤᠷᠤᠰᠬᠠᠯ ᠤᠨ ᠠᠵᠢᠯᠯᠠᠭ᠎ᠠ ᠨᠢ  ᠺᠠᠲ᠋ᠠᠷ ᠴᠠᠭᠳᠠᠭ᠎ᠠ ᠳᠤ ᠴᠢᠯᠦᠭᠡᠲᠡᠢ  ᠪᠡᠷ ᠨᠣᠮ ᠤᠩᠰᠢᠬᠤ ᠲᠠᠪᠴᠠᠩ ᠢ ᠪᠠᠢᠭᠤᠯᠤᠨ ᠥᠭᠴᠦ᠂  ᠺᠠᠲ᠋ᠠᠷ ᠴᠠᠭᠳᠠᠭᠠᠨ ᠤ ᠨᠣᠮ ᠤᠩᠰᠢᠬᠤ ᠤᠷᠮ᠎ᠠ ᠪᠠᠬ᠎ᠠ ᠶᠢ ᠬᠥᠭᠵᠢᠭᠡᠨ᠂ ᠤᠩᠰᠢᠯᠭ᠎ᠠ ᠵᠢᠨ ᠠᠭᠤᠷ ᠠᠮᠢᠰᠬᠤᠯ ᠢ ᠪᠤᠢ ᠪᠤᠯᠭᠠᠵᠤ ᠴᠢᠳᠠᠨ᠎ᠠ᠃

      ᠤᠩᠰᠢᠯᠭ᠎ᠠ ᠵᠢᠨ ᠭᠤᠤᠯᠳᠠᠯᠭ᠎ᠠ ᠨᠢ ᠬᠤᠷᠠᠮᠳᠤᠭᠤᠯᠤᠯ ᠳᠤ ᠪᠤᠢ᠃ ᠪᠢᠳᠡ ᠵᠥᠪᠬᠡᠨ ᠲᠠᠰᠤᠷᠠᠯᠲᠠ ᠦᠭᠡᠢ  ᠨᠣᠮ ᠤᠩᠰᠢᠵᠤ᠂ ᠨᠣᠮ ᠤᠨ ᠳᠤᠲᠤᠷ᠎ᠠ ᠠᠴᠠ ᠮᠡᠳᠡᠯᠭᠡ ᠶᠢ ᠬᠤᠷᠠᠮᠳᠤᠭᠤᠯᠪᠠᠯ ᠰᠠᠶ᠋ᠢ ᠤᠶᠤᠨ ᠲᠠᠷᠢᠬᠢ ᠪᠠᠨ ᠵᠡᠪᠰᠡᠭᠯᠡᠵᠦ᠂ ᠮᠡᠳᠡᠯᠭᠡ ᠴᠢᠳᠠᠪᠤᠷᠢ ᠪᠠᠨ ᠳᠡᠭᠡᠭᠰᠢᠯᠡᠭᠦᠯᠵᠦ ᠴᠢᠳᠠᠨ᠎ᠠ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )