ᠠᠷᠠᠳ ᠤ᠋ᠨ ᠲᠥᠯᠥᠭᠡᠯᠡᠭᠴᠢᠳ ᠂ ᠤᠯᠤᠰ ᠲᠥᠷᠥ ᠶ᠋ᠢᠨ ᠵᠥᠪᠯᠡᠯᠭᠡᠨ ᠦ᠌ ᠭᠡᠰᠢᠭᠦᠳ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠢᠷᠭᠡᠨ ᠦ᠌ ᠬᠡᠷᠡᠭ ᠦ᠋ᠨ ᠲᠦᠷᠭᠡᠨ ᠰᠢᠭᠦᠯᠲᠡ ᠶ᠋ᠢᠨ ᠠᠵᠢᠯ ᠢ᠋ ᠪᠠᠢᠴᠠᠭᠠᠨ ᠦᠵᠡᠪᠡ
2020.12.23 ᠲᠣᠰ ᠥᠷᠲᠡᠭᠡᠨ ᠦ ᠨᠠᠢᠷᠠᠭᠤᠯᠤᠭᠴᠢ

      ᠬᠠᠷᠢᠯᠴᠠᠬᠤ ᠠᠵᠢᠯ ᠢ᠋ ᠤᠯᠠᠮ ᠨᠢᠭᠡ ᠠᠯᠬᠤᠮ ᠴᠢᠩᠭᠠᠳᠬᠠᠬᠤ ᠶ᠋ᠢᠨ ᠲᠥᠯᠥᠭᠡ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ ᠂ ᠤᠯᠤᠰ ᠲᠥᠷᠥ ᠶ᠋ᠢᠨ ᠵᠥᠪᠯᠡᠯᠭᠡᠨ ᠦ᠌ ᠭᠡᠰᠢᠭᠦᠳ ᠦ᠋ᠨ ᠰᠢᠭᠦᠬᠦ ᠬᠣᠷᠢᠶᠠᠨ ᠤ᠋ ᠠᠵᠢᠯ ᠤ᠋ᠨ ᠲᠤᠬᠠᠢ ᠰᠠᠨᠠᠯ ᠰᠠᠨᠠᠭᠤᠯᠭ᠎ᠠ ᠶ᠋ᠢ ᠭᠦᠢᠴᠡᠳ ᠰᠣᠨᠣᠰᠬᠤ ᠶ᠋ᠢᠨ ᠲᠥᠯᠥᠭᠡ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠂ ᠤᠯᠤᠰ ᠲᠥᠷᠥ ᠶ᠋ᠢᠨ ᠵᠥᠪᠯᠡᠯᠭᠡᠨ ᠦ᠌ ᠬᠢᠨᠠᠯᠲᠠ ᠶ᠋ᠢᠤᠬᠠᠮᠰᠠᠷ ᠠ᠋ᠴᠠ ᠪᠠᠨ ᠬᠦᠯᠢᠶᠡᠵᠦ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ ᠂ ᠤᠯᠤᠰ ᠲᠥᠷᠥ ᠶ᠋ᠢᠨ ᠵᠥᠪᠯᠡᠯᠭᠡᠨ ᠦ᠌ ᠭᠡᠰᠢᠭᠦᠳ ᠦ᠋ᠨ ᠰᠢᠭᠦᠬᠦ ᠬᠣᠷᠢᠶᠠᠨ ᠤ᠋ ᠠᠵᠢᠯ ᠤ᠋ᠨ ᠲᠤᠬᠠᠢ ᠲᠠᠨᠢᠯᠲᠠ ᠂ ᠵᠥᠪᠰᠢᠶᠡᠷᠡᠯ ᠪᠠ ᠬᠠᠨᠤᠮᠵᠢ ᠶ᠋ᠢᠨ ᠬᠡᠮᠵᠢᠶ᠎ᠡ ᠶ᠋ᠢ ᠳᠡᠭᠡᠭᠰᠢᠯᠡᠭᠦᠯᠬᠦ ᠶ᠋ᠢᠨ ᠲᠥᠯᠥᠭᠡ 11 ᠰᠠᠷ᠎ᠠ ᠶ᠋ᠢᠨ 2 ᠤ᠋ ᠦᠳᠡ ᠶ᠋ᠢᠨ ᠡᠮᠦᠨ᠎ᠡ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠠ᠋ᠴᠠ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ ᠂ ᠤᠯᠤᠰ ᠲᠥᠷᠥ ᠶ᠋ᠢᠨ ᠵᠥᠪᠯᠡᠯᠭᠡᠨ ᠢ᠋ ᠤᠷᠢᠵᠤ ᠪᠠᠢᠴᠠᠭᠠᠨ ᠰᠤᠳᠤᠯᠵᠠᠢ᠃ ᠬᠣᠲᠠ ᠶ᠋ᠢᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠳᠣᠲᠣᠭᠠᠳᠤ ᠶᠠᠪᠤᠳᠠᠯ ᠬᠠᠤᠯᠢ ᠴᠠᠭᠠᠵᠠ ᠶ᠋ᠢᠨ ᠵᠥᠪᠯᠡᠯ ᠦ᠋ᠨ ᠳᠡᠳ᠋ ᠡᠷᠬᠢᠯᠡᠭᠴᠢ ᠯᠢᠨ ᠬᠠᠢ ᠶᠢᠩ ᠵᠢᠴᠢ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ ᠂ ᠤᠯᠤᠰ ᠲᠥᠷᠥ ᠶ᠋ᠢᠨ ᠵᠥᠪᠯᠡᠯᠭᠡᠨ ᠦ᠌ ᠭᠡᠰᠢᠭᠦᠨ ᠨᠠᠷ 7 ᠬᠥᠮᠦᠨ ᠤᠷᠢᠭᠳᠠᠨ ᠪᠠᠢᠴᠠᠭᠠᠨ ᠰᠤᠳᠤᠯᠤᠯᠲᠠ ᠳ᠋ᠤ᠌ ᠣᠷᠣᠯᠴᠠᠵᠠᠢ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ  ᠤ᠋ ᠳᠡᠳ᠋ ᠳᠠᠷᠤᠭ᠎ᠠ ᠯᠢ ᠬᠤ᠌ ᠷᠦᠩ ᠂ ᠰᠢᠭᠦᠨ ᠲᠠᠰᠤᠯᠬᠤ ᠵᠥᠪᠯᠡᠯ ᠦ᠋ᠨ ᠲᠤᠰᠬᠠᠢ ᠲᠤᠰᠢᠶᠠᠯᠲᠤ ᠭᠡᠰᠢᠭᠦᠨ ᠰᠢᠶᠧ ᠨᠢᠩ ᠨᠠᠷ ᠪᠠᠷ᠎ᠠ ᠪᠣᠯᠵᠣ ᠪᠠᠢᠴᠠᠭᠠᠨ ᠰᠤᠳᠤᠯᠪᠠ᠃


   

 

      ᠲᠢᠩᠬᠢᠮ ᠦ᠋ᠨ ᠰᠢᠭᠦᠯᠲᠡ ᠶ᠋ᠢᠨ ᠠᠬᠤᠢ ᠲᠠᠯᠠᠪᠠᠢ ᠳ᠋ᠤ᠌  ᠲᠥᠯᠥᠭᠡᠯᠡᠭᠴᠢ ᠭᠡᠰᠢᠭᠦᠨ  ᠬᠠᠮᠲᠤᠪᠠᠷ ᠳᠡᠭᠡᠭᠰᠢ ᠵᠠᠭᠠᠯᠳᠤᠭᠴᠢ ᠯᠢ ᠣᠪᠣᠭᠲᠤ ᠪᠣᠯᠤᠨ ᠳᠡᠭᠡᠭᠰᠢ ᠵᠠᠭᠠᠯᠳᠤᠭᠳᠠᠭᠴᠢ ᠣᠷᠳᠣᠰ ᠬᠣᠲᠠ ᠶ᠋ᠢᠨ ᠨᠢᠭᠡᠨ ᠭᠡᠷ ᠪᠠᠢᠰᠢᠩ ᠭᠠᠵᠠᠷ ᠬᠥᠷᠥᠩᠭᠡ ᠶ᠋ᠢᠨ ᠺᠣᠮᠫᠠᠨᠢ ᠶ᠋ᠢᠨ ᠲᠠᠸᠠᠷ ᠤ᠋ᠨ ᠭᠡᠷ ᠪᠠᠢᠰᠢᠩ ᠤ᠋ᠨ ᠬᠤᠳᠠᠯᠳᠤᠭᠠᠨ ᠤ᠋ ᠭᠡᠷ᠎ᠡ ᠶ᠋ᠢᠨ ᠵᠢᠭᠤᠷᠠᠯᠳᠤᠭᠠᠨ ᠤ᠋ ᠬᠡᠷᠡᠭ ᠦ᠋ᠨ ᠲᠦᠷᠭᠡᠨ ᠰᠢᠭᠦᠯᠲᠡ ᠶ᠋ᠢᠨ ᠬᠡᠷᠡᠭ ᠢ᠋ ᠣᠢᠯᠠᠭᠠᠬᠤ ᠶᠠᠪᠤᠴᠠ ᠶ᠋ᠢ ᠰᠤᠷᠪᠤᠯᠵᠢᠯᠠᠪᠠ᠃ ᠲᠤᠰ ᠤᠳᠠᠭᠠᠨ ᠤ᠋ ᠲᠢᠩᠬᠢᠮ ᠦ᠋ᠨ ᠰᠢᠭᠦᠯᠲᠡ ᠨᠢ 50 ᠮᠢᠨᠦ᠋ᠲ ᠦ᠋ᠨ ᠪᠦᠬᠦ ᠶᠠᠪᠤᠴᠠ ᠶ᠋ᠢ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠵᠦ᠂ ᠰᠢᠭᠦᠯᠲᠡ ᠵᠢᠨ ᠳᠠᠷᠠᠭ᠎ᠠ ᠡᠶᠡᠳᠡᠭᠦᠯᠦᠭᠰᠡᠨ ᠪᠠᠢᠨ᠎ᠠ᠃ ᠡᠨᠡ ᠨᠢ  ᠦᠵᠡ ᠦᠨᠳᠦᠷ ᠪᠦᠲᠦᠮᠵᠢᠲᠦ ᠰᠢᠭᠦᠯᠲᠡ ᠵᠢᠨ ᠶᠠᠪᠤᠴᠠ ᠶᠢ ᠪᠦᠷᠢᠮᠦᠰᠦᠨ ᠢᠯᠡᠷᠡᠭᠦᠯᠦᠭᠰᠡᠨ ᠪᠠᠢᠨ᠎ᠠ᠃   

        

      ᠶᠠᠷᠢᠯᠴᠠᠭᠠᠨ ᠤ ᠶᠠᠪᠤᠴᠠ ᠳ᠋ᠤ᠌ ᠲᠥᠯᠥᠭᠡᠯᠡᠭᠴᠢᠳ ᠭᠡᠰᠢᠭᠦᠨ ᠤᠷᠢᠵᠤ ᠢᠷᠭᠡᠨ ᠦ᠌ ᠬᠡᠷᠡᠭ ᠦ᠋ᠨ ᠲᠦᠷᠭᠡᠨ ᠰᠢᠭᠦᠨ ᠲᠠᠰᠤᠯᠬᠤ ᠠᠵᠢᠯ ᠤ᠋ᠨ ᠪᠠᠢᠳᠠᠯ ᠤ᠋ᠨ ᠬᠠᠷᠢᠭᠤ ᠮᠡᠳᠡᠭᠦᠯᠦᠯᠲᠡ ᠶ᠋ᠢ ᠰᠣᠨᠣᠰᠤᠭᠰᠠᠨ ᠤ᠋ ᠬᠠᠮᠲᠤ ᠠᠵᠢᠯ ᠢ᠋ᠶ᠋ᠠᠨ ᠬᠡᠷᠬᠢᠨ ᠰᠠᠢᠵᠢᠷᠠᠭᠤᠯᠬᠤ ᠲᠤᠬᠠᠢ ᠶᠠᠷᠢᠯᠴᠠᠪᠠ ᠃ ᠳᠡᠳ᠋ ᠡᠷᠬᠢᠯᠡᠭᠴᠢ ᠯᠢᠨ ᠬᠠᠢ ᠶᠢᠩ ᠢᠷᠭᠡᠨ ᠦ᠌ ᠬᠡᠷᠡᠭ ᠦ᠋ᠨ ᠲᠦᠷᠭᠡᠨ ᠰᠢᠭᠦᠯᠲᠡ ᠶ᠋ᠢᠨ ᠠᠵᠢᠯ ᠳ᠋ᠤ᠌ ᠳᠡᠭᠡᠳᠦ ᠬᠡᠮᠵᠢᠶᠡᠨ ᠦ᠌ ᠦᠨᠡᠯᠡᠯᠲᠡ ᠥᠭᠴᠦ ᠂ ᠲᠤᠰ ᠤᠳᠠᠭᠠᠨ ᠤ᠋ ᠠᠵᠢᠯᠯᠠᠭ᠎ᠠ ᠨᠢ ᠰᠢᠭᠦᠬᠦ ᠬᠣᠷᠢᠶᠠᠨ ᠤ᠋ ᠬᠢᠨᠠᠯᠲᠠ ᠲᠠᠯᠪᠢᠬᠤ ᠶ᠋ᠢ ᠤᠬᠠᠮᠰᠠᠷ ᠠ᠋ᠴᠠ ᠪᠠᠨ ᠬᠦᠯᠢᠶᠡᠬᠦ ᠬᠠᠷᠢᠭᠤᠴᠠᠯᠭ᠎ᠠ ᠶ᠋ᠢᠨ ᠦᠵᠡᠯ ᠤᠬᠠᠮᠰᠠᠷ ᠢ᠋ ᠬᠠᠷᠠᠭᠤᠯᠵᠤ ᠪᠠᠢᠬᠤ ᠪᠠᠷ ᠪᠠᠷᠠᠬᠤ ᠥᠬᠡᠢ ᠂ ᠲᠥᠯᠥᠭᠡᠯᠡᠭᠴᠢ ᠂ ᠭᠡᠰᠢᠭᠦᠳ ᠲᠦ᠍ ᠰᠢᠭᠦᠬᠦ ᠬᠣᠷᠢᠶᠠᠨ ᠤ᠋ ᠠᠵᠢᠯ ᠢ᠋ ᠤᠯᠠᠮ ᠨᠢᠭᠡ ᠠᠯᠬᠤᠮ ᠣᠢᠯᠠᠭᠠᠭᠤᠯᠪᠠ ᠭᠡᠵᠡᠢ ᠃ ᠢᠷᠭᠡᠨ ᠦ᠌ ᠬᠡᠷᠡᠭ ᠦ᠋ᠨ ᠲᠦᠷᠭᠡᠨ ᠰᠢᠭᠦᠯᠲᠡ ᠶ᠋ᠢᠨ ᠠᠵᠢᠯ ᠢ᠋ ᠦᠷᠭᠦᠯᠵᠢᠯᠡᠨ ᠲᠦᠯᠬᠢᠨ ᠠᠬᠢᠭᠤᠯᠵᠤ ᠂ ᠢᠵᠢ ᠪᠦᠷᠢᠳᠦᠭᠰᠡᠨ ᠳᠦᠷᠢᠮ ᠢ᠋ ᠲᠡᠭᠦᠯᠳᠡᠷᠵᠢᠭᠦᠯᠦᠨ ᠂ ᠬᠡᠷᠡᠭ ᠢ᠋ ᠰᠢᠭᠦᠨ ᠲᠠᠰᠤᠯᠬᠤ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶ᠋ᠢ ᠳᠡᠭᠡᠭᠰᠢᠯᠡᠭᠦᠯᠵᠦ ᠂ ᠠᠷᠠᠳ ᠣᠯᠠᠨ ᠳ᠋ᠤ᠌ ᠬᠠᠤᠯᠢ ᠴᠠᠭᠠᠵᠠ ᠶ᠋ᠢᠨ ᠬᠡᠷᠡᠭ ᠪᠣᠯᠭᠠᠨ ᠳ᠋ᠤ᠌ ᠲᠥᠪ ᠭᠣᠣᠯᠴᠢ ᠰᠢᠳᠤᠷᠭᠤ ᠶᠣᠰᠣ ᠶ᠋ᠢ ᠡᠳ᠋ᠯᠡᠭᠦᠯᠦᠨ᠎ᠡ ᠃


     

       ᠪᠠᠢᠴᠠᠭᠠᠨ ᠰᠤᠳᠤᠯᠤᠯᠲᠠ ᠶ᠋ᠢᠨ ᠳᠤᠮᠳᠠ ᠲᠥᠯᠥᠭᠡᠯᠡᠭᠴᠢ ᠭᠡᠰᠢᠭᠦᠳ ᠪᠠᠰᠠ ᠵᠠᠷᠭᠤ ᠶ᠋ᠢᠨ ᠦᠢᠯᠡᠴᠢᠯᠡᠭᠡᠨ ᠦ᠌ ᠲᠥᠪ ᠡᠴᠡ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ 《ᠬᠣᠶᠠᠷ ᠥᠷᠲᠡᠭᠡᠨ ᠦ᠌ ᠬᠡᠯᠪᠡᠷᠢ》 ᠶ᠋ᠢᠨ ᠵᠠᠷᠭᠤ ᠶ᠋ᠢᠨ ᠦᠢᠯᠡᠴᠢᠯᠡᠭᠡᠨ ᠦ᠌ ᠶᠡᠬᠡ ᠲᠢᠩᠬᠢᠮ ᠪᠣᠯᠤᠨ ᠵᠠᠷᠭᠤᠯᠳᠤᠬᠤ ᠡᠶᠡᠳᠡᠭᠦᠯᠬᠦ ᠶ᠋ᠢ ᠵᠣᠯᠭᠠᠭᠤᠯᠬᠤ ᠲᠥᠪ ᠦ᠋ᠨ ᠠᠵᠢᠯᠯᠠᠭᠠᠨ ᠤ᠋ ᠪᠠᠢᠳᠠᠯ ᠢ᠋ ᠲᠣᠭᠣᠷᠢᠨ ᠦᠵᠡᠪᠡ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )