ᠦᠨᠳᠦᠰᠦᠨ ᠱᠠᠲᠤᠨ ᠳ᠋ᠤ᠌ ᠭᠦᠨᠵᠡᠭᠡᠢᠷᠡᠵᠦ ᠶᠠᠳᠠᠭᠤ ᠬᠦᠴᠢᠷᠳᠡᠯᠲᠡᠢ ᠡᠷᠦᠬᠡ ᠶ᠋ᠢ ᠬᠠᠯᠠᠮᠵᠢᠯᠠᠬᠤ — ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠤᠳᠤᠷᠢᠳᠬᠤ ᠪᠠᠭ ᠶᠠᠳᠠᠭᠤ ᠬᠦᠴᠢᠷᠳᠡᠯᠳᠡᠢ ᠲᠠᠢ ᠡᠷᠦᠬᠡ ᠶᠢ ᠬᠠᠪᠰᠤᠷᠠᠨ ᠳᠡᠮᠵᠢᠭᠰᠡᠨ ᠪᠠᠢᠨ᠎ᠠ
2020.12.23 ᠲᠣᠰ ᠥᠷᠲᠡᠭᠡᠨ ᠦ ᠨᠠᠢᠷᠠᠭᠤᠯᠤᠭᠴᠢ

 

     ᠶᠠᠳᠠᠭᠤ ᠠ᠋ᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ ᠢ᠋ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶ᠋ᠢᠨ ᠲᠤᠰᠠᠳᠠ 11 ᠰᠠᠷ᠎ᠠ ᠶ᠋ᠢᠨ 5  ᠤ᠋ ᠡᠳᠦᠷ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠤᠳᠤᠷᠢᠳᠬᠤ ᠪᠠᠭ ᠤ᠋ᠨ ᠭᠡᠰᠢᠭᠦᠳ ᠳᠠᠯᠠᠳ ᠬᠤᠰᠢᠭᠤᠨ ᠤ᠋ ᠪᠠᠢ ᠨᠢ ᠵᠢᠩ ᠪᠠᠯᠭᠠᠰᠤ ᠶ᠋ᠢᠨ ᠴᠢ ᠹᠧᠨ ᠽᠢ ᠲᠣᠰᠬᠣᠨ ᠳ᠋ᠤ᠌ ᠭᠦᠨᠵᠡᠭᠡᠢᠷᠡᠵᠦ ᠬᠠᠪᠰᠤᠷᠤᠨ ᠲᠡᠳᠬᠦᠵᠦ ᠪᠠᠢᠭ᠎ᠠ  ᠡᠷᠦᠬᠡ ᠶ᠋ᠢ ᠪᠣᠯᠭᠣᠭᠠᠨ ᠲᠣᠬᠣᠨᠢᠭᠤᠯᠪᠠ᠃


     

       ᠲᠣᠰᠬᠣᠨ ᠳ᠋ᠤ᠌ ᠰᠠᠭᠤᠭ᠎ᠠ ᠠᠵᠢᠯᠯᠠᠬᠤ ᠠᠩᠭᠢ ᠶ᠋ᠢᠨ ᠠᠵᠢᠯᠲᠠᠨ ᠤ᠋ ᠪᠠᠷ᠎ᠠ ᠪᠣᠯᠵᠤ᠂ ᠪᠠᠭ ᠤ᠋ᠨ  ᠭᠡᠰᠢᠭᠦᠳ ᠡᠮᠦᠨ᠎ᠡ ᠬᠤᠢᠨ᠎ᠠ 6 ᠬᠠᠪᠰᠤᠷᠤᠨ ᠲᠡᠳᠬᠦᠬᠦ ᠠᠢᠯ ᠡᠷᠦᠬᠡ ᠪᠡᠷ ᠬᠦᠷᠴᠦ ᠂ ᠲᠡᠳᠡᠨ ᠦ᠌ ᠠᠮᠢᠳᠤᠷᠠᠯ ᠤ᠋ᠨ ᠪᠠᠢᠳᠠᠯ ᠢ᠋ ᠨᠠᠷᠢᠨ ᠣᠢᠯᠠᠭᠠᠵᠤ ᠂ ᠪᠣᠳᠠᠲᠤ ᠬᠦᠴᠢᠷᠳᠡᠯ ᠪᠣᠯᠤᠨ ᠬᠠᠪᠰᠤᠷᠤᠨ ᠲᠡᠳᠬᠦᠬᠦ ᠬᠡᠷᠡᠭᠴᠡᠭᠡ ᠶ᠋ᠢ ᠨᠠᠷᠢᠨ ᠬᠢᠨᠠᠮᠠᠭᠠᠢ  ᠰᠤᠨᠤᠰᠪᠠ᠃

 


     

      ᠦᠨᠡᠨ ᠳᠦ ᠪᠠᠨ ᠶᠠᠳᠠᠭᠤ ᠶ᠋ᠢ ᠲᠡᠳᠬᠦᠬᠦ ᠠᠵᠢᠯ ᠢ᠋ ᠪᠦᠬᠦ ᠲᠠᠯ᠎ᠠ ᠪᠠᠷ ᠥᠷᠨᠢᠭᠦᠯᠦᠭᠰᠡᠨ ᠡᠴᠡ ᠨᠡᠰᠢ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠢᠳᠡᠪᠬᠢᠲᠡᠢ ᠪᠡᠷ ᠣᠯᠠᠨ ᠤᠳᠠᠭ᠎ᠠ ᠶᠠᠳᠠᠭᠤ ᠶ᠋ᠢ ᠲᠡᠳᠬᠦᠬᠦ ᠴᠢᠭ᠌ ᠲᠦ᠍ ᠭᠦᠨᠵᠡᠭᠡᠢᠷᠡᠨ ᠶᠠᠳᠠᠭᠤ ᠶ᠋ᠢ ᠲᠡᠳᠬᠦᠬᠦ ᠠᠵᠢᠯ ᠥᠷᠨᠢᠭᠦᠯᠵᠦ ᠂ ᠬᠠᠪᠰᠤᠷᠤᠨ ᠲᠡᠳᠬᠦᠬᠦ ᠡᠷᠦᠬᠡ ᠶ᠋ᠢ ᠬᠠᠪᠰᠤᠷᠤᠨ ᠶᠠᠳᠠᠭᠤ ᠠ᠋ᠴᠠ ᠠᠩᠭᠢᠵᠢᠷᠠᠭᠤᠯᠬᠤ ᠲᠥᠯᠥᠪᠯᠡᠭᠡ ᠪᠠ ᠲᠥᠰᠦᠯ ᠢ᠋ ᠲᠣᠭᠲᠠᠭᠠᠵᠤ ᠂ ᠶᠠᠳᠠᠭᠤ ᠠ᠋ᠴᠠ ᠠᠩᠭᠢᠵᠢᠷᠠᠭᠤᠯᠬᠤ ᠡᠯ᠎ᠡ ᠵᠦᠢᠯ ᠦ᠋ᠨ ᠠᠷᠭ᠎ᠠ ᠬᠡᠮᠵᠢᠶ᠎ᠡ ᠶ᠋ᠢ ᠢᠳᠡᠪᠬᠢᠲᠡᠢ ᠨᠠᠢᠳᠠᠪᠤᠷᠢᠵᠢᠭᠤᠯᠵᠤ ᠂ ᠬᠠᠢᠷ᠎ᠠ ᠬᠠᠯᠠᠮᠵᠢ ᠬᠦᠷᠭᠡᠬᠦ ᠵᠡᠷᠭᠡ ᠲᠣᠬᠣᠨᠢᠭᠤᠯᠬᠤ ᠠᠵᠢᠯᠯᠠᠭ᠎ᠠ ᠶ᠋ᠢ ᠥᠷᠨᠢᠭᠦᠯᠵᠦ ᠂ ᠣᠯᠠᠨ ᠲᠦᠮᠡᠨ  ᠤ ᠪᠤᠲᠠᠲᠠᠢ ᠬᠦᠴᠢᠷᠳᠡᠯ ᠢ ᠬᠠᠪᠰᠤᠷᠤᠨ ᠰᠢᠢᠳᠪᠦᠷᠢᠯᠡᠭᠰᠡᠨ ᠶᠤᠮ᠃
       ᠡᠨᠡ ᠵᠢᠯ ᠪᠣᠯ ᠴᠢᠨᠡᠭᠡᠯᠢᠭ ᠨᠡᠢᠭᠡᠮ ᠢ᠋ ᠪᠦᠬᠦ ᠲᠠᠯ᠎ᠠ ᠪᠠᠷ  ᠪᠡᠶᠡᠯᠡᠭᠦᠯᠬᠦ ᠰᠢᠢᠳᠪᠦᠷᠢᠲᠦ ᠢᠯᠠᠯᠲᠠ ᠶ᠋ᠢ ᠣᠯᠬᠤ ᠂ ᠶᠠᠳᠠᠭᠤ ᠠ᠋ᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢᠯᠠᠯᠳᠤᠭᠠᠨ ᠤ᠋ ᠢᠯᠠᠯᠲᠠ ᠶ᠋ᠢ ᠣᠯᠬᠤ ᠵᠢᠯ ᠮᠥᠨ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠤᠯᠤᠰ ᠲᠥᠷᠥ ᠶ᠋ᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠬᠠᠷᠢᠭᠤᠴᠠᠯᠭ᠎ᠠ ᠡᠭᠦᠷᠭᠡᠯᠡᠯ ᠢ᠋ᠶ᠋ᠡᠨ ᠴᠢᠩᠭᠠᠳᠬᠠᠨ ᠶᠠᠳᠠᠭᠤ ᠠ᠋ᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠂ ᠶᠠᠳᠠᠭᠤ ᠶ᠋ᠢ ᠲᠡᠳᠬᠦᠬᠦ ᠳᠠᠢᠯᠠᠯᠳᠤᠭᠠᠨ ᠳᠤ ᠪᠦᠬᠦ ᠲᠠᠯ᠎ᠠ ᠪᠠᠷ ᠬᠦᠴᠦ ᠪᠡᠨ ᠡᠷᠭᠦᠭᠰᠡᠨ ᠪᠠᠢᠨ᠎ᠠ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )