ᠠᠵᠢᠯ ᠤᠨ ᠶᠠᠰᠤ ᠴᠢᠨᠠᠷ ᠂ ᠦᠷ᠎ᠡ ᠪᠦᠲᠦᠮᠵᠢ ᠪᠡᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠰᠢᠭᠦᠨ ᠲᠠᠰᠤᠯᠬᠤ ᠠᠵᠢᠯ ᠢ᠋ ᠪᠦᠬᠦ ᠲᠠᠯ᠎ᠠ ᠪᠠᠷ ᠲᠦᠯᠬᠢᠨ ᠠᠬᠢᠭᠤᠯᠬᠤ ᠶ᠋ᠢᠨ ᠲᠤᠯᠠᠳᠠ 10 ᠰᠠᠷ᠎ᠠ ᠶ᠋ᠢᠨ 28 ᠤ᠋ ᠡᠳᠦᠷ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ 2020 ᠣᠨ ᠤ᠋ ᠬᠡᠷᠡᠭ ᠵᠢᠱᠢᠶ᠎ᠡ ᠵᠢᠨ ᠵᠠᠳᠠᠯᠤᠯᠲᠠ ᠵᠢᠨ ᠬᠤᠷᠠᠯ ᠢ ᠬᠤᠷᠠᠯᠳᠤᠭᠤᠯᠪᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠬᠤᠷᠠᠯ ᠳ᠋ᠤ᠌ ᠤᠷᠤᠯᠴᠠᠨ ᠶᠠᠷᠢᠶ᠎ᠠ ᠲᠠᠯᠪᠢᠭᠰᠠᠨ ᠪᠦᠭᠡᠳ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ ᠭᠡᠰᠢᠭᠦᠳ᠂ ᠪᠦᠬᠦ ᠰᠢᠭᠦᠬᠦ ᠲᠤᠰᠢᠶᠠᠯᠲᠠᠨ ᠂ ᠬᠠᠮᠢᠶ᠎ᠠ ᠪᠦᠬᠦᠢ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠵᠢᠴᠢ ᠬᠢᠨᠠᠨ ᠬᠠᠮᠢᠶᠠᠷᠬᠤ ᠠᠯᠪᠠᠨ ᠭᠡᠷ ᠦ᠋ᠨ ᠪᠦᠬᠦ ᠺᠠᠲ᠋ᠷ ᠴᠠᠭᠳᠠᠭ᠎ᠠ ᠨᠠᠷ ᠬᠤᠷᠠᠯ ᠳ᠋ᠤ᠌ ᠣᠷᠣᠯᠴᠠᠪᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠭᠡᠰᠢᠭᠦᠨ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠬᠤᠷᠠᠯ ᠡᠷᠬᠢᠯᠡᠪᠡ ᠃
ᠬᠤᠷᠠᠯ ᠳᠡᠭᠡᠷ᠎ᠡ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠬᠢᠨᠠᠨ ᠬᠠᠮᠢᠶᠠᠷᠬᠤ ᠠᠯᠪᠠᠨ ᠭᠡᠷ ᠦ᠋ᠨ ᠡᠷᠬᠢᠯᠡᠭᠴᠢ ᠴᠧᠨ ᠰᠢᠶᠣᠤ ᠵᠢᠩ 2020 ᠣᠨ ᠤ᠋ ᠥᠪᠡᠷᠲᠡᠭᠡᠨ ᠵᠠᠰᠠᠬᠤ ᠣᠷᠣᠨ ᠤ᠋ ᠳᠡᠭᠡᠳᠦ ᠵᠡᠷᠭᠡ ᠶ᠋ᠢᠨ ᠰᠢᠭᠦᠬᠦ ᠬᠣᠷᠢᠶᠠᠨ ᠤ᠋ ᠥᠭᠡᠷᠡᠴᠢᠯᠡᠨ ᠲᠠᠰᠤᠯᠤᠭᠰᠠᠨ ᠪᠠ ᠪᠤᠴᠠᠭᠠᠵᠤ ᠳᠠᠬᠢᠨ ᠰᠢᠭᠦᠯᠭᠡᠭᠰᠡᠨ ᠬᠡᠷᠡᠭ ᠦ᠋ᠨ ᠦᠨᠳᠦᠰᠦᠨ ᠪᠠᠢᠳᠠᠯ ᠢ᠋ ᠦᠨᠡᠯᠡᠭᠰᠡᠨ ᠶᠤᠮ᠃
ᠰᠦ᠍ ᠯᠢ ᠵᠢᠦ᠋ᠨ ᠳᠤᠷᠠᠳᠤᠭᠰᠠᠨ ᠨᠢ᠂ ᠨᠢᠭᠡ ᠳ᠋ᠦ᠍ ᠂ ᠦᠵᠡᠯ ᠲᠠᠨᠢᠯᠲᠠ ᠲᠣᠳᠣᠷᠬᠠᠢ ᠪᠠᠢᠬᠤ ᠬᠡᠷᠡᠭᠲᠡᠢ ᠃ ᠰᠢᠭᠦᠬᠦ ᠬᠣᠷᠢᠶᠠᠨ ᠤ᠋ ᠠᠵᠢᠯ ᠤ᠋ᠨ ᠶᠠᠰᠤ ᠴᠢᠨᠠᠷ ᠦᠷ᠎ᠡ ᠪᠦᠲᠦᠮᠵᠢ ᠶ᠋ᠢ ᠳᠡᠭᠡᠭᠰᠢᠯᠡᠭᠦᠯᠬᠦ ᠶ᠋ᠢᠨ ᠬᠠᠮᠲᠤ ᠬᠡᠷᠡᠭ ᠦ᠋ᠨ ᠴᠢᠨᠠᠷ ᠦᠷ᠎ᠡ ᠠᠰᠢᠭ ᠢ᠋ ᠳᠡᠭᠡᠭᠰᠢᠯᠡᠭᠦᠯᠬᠦ ᠨᠢ ᠰᠢᠭᠦᠭᠴᠢ ᠨᠢᠭᠡᠪᠦᠷᠢ ᠶ᠋ᠢᠨ ᠡᠭᠦᠷᠭᠡ ᠬᠠᠷᠢᠭᠤᠴᠠᠯᠭ᠎ᠠ ᠂ ᠬᠡᠷᠡᠭ ᠨᠢᠭᠡᠪᠦᠷᠢ ᠶ᠋ᠢ ᠴᠥᠮ ᠪᠠᠲᠤᠯᠠᠨ ᠲᠠᠨᠢᠯᠴᠠᠭᠤᠯᠵᠤ ᠳᠡᠢᠯᠬᠦ ᠬᠡᠷᠡᠭᠲᠡᠢ ᠭᠡᠳᠡᠭ ᠢ᠋ ᠭᠦᠢᠴᠡᠳ ᠲᠠᠨᠢᠬᠤ ᠬᠡᠷᠡᠭᠲᠡᠢ ᠃ ᠬᠣᠶᠠᠷ ᠲᠤ᠌ ᠠᠵᠢᠯ ᠤ᠋ᠨ ᠰᠡᠳᠬᠢᠬᠦᠢ ᠲᠣᠳᠣᠷᠬᠠᠢ ᠪᠠᠢᠬᠤ ᠬᠡᠷᠡᠭᠲᠡᠢ ᠃ ᠳᠤᠲᠠᠭᠳᠠᠯ ᠢ᠋ ᠨᠥᠬᠥᠪᠥᠷᠢᠯᠡᠨ ᠂ ᠬᠦᠴᠢᠷ ᠠᠰᠠᠭᠤᠳᠠᠯ ᠢ᠋ ᠰᠢᠢᠳᠪᠦᠷᠢᠯᠡᠵᠦ ᠂ ᠭᠣᠣᠯᠳᠠᠯᠭ᠎ᠠ ᠶ᠋ᠢ ᠠᠳᠬᠤᠨ ᠪᠥᠬᠥ ᠰᠢᠭᠦᠭᠴᠢ ᠡᠷᠬᠡᠪᠰᠢ ᠬᠠᠷᠢᠭᠤᠴᠠᠯᠭᠠᠲᠤ ᠤᠬᠠᠮᠰᠠᠷ ᠢ᠋ᠶ᠋ᠠᠨ ᠤᠯᠠᠮ ᠴᠢᠩᠭᠠᠳᠬᠠᠨ ᠂ ᠨᠠᠷᠢᠨ ᠬᠢᠨᠠᠮᠠᠭᠠᠢ ᠳ᠋ᠦᠩᠨᠡᠵᠦ ᠂ ᠭᠦᠨᠵᠡᠭᠡᠢ ᠡᠷᠭᠢᠴᠡᠭᠦᠯᠦᠨ ᠪᠣᠳᠣᠯᠬᠢᠯᠠᠵᠤ ᠂ ᠳᠤᠲᠠᠭᠳᠠᠯ ᠢ᠋ᠶ᠋ᠠᠨ ᠨᠥᠬᠥᠪᠥᠷᠢᠯᠡᠨ ᠂ ᠬᠡᠷᠡᠭ ᠨᠢᠭᠡᠪᠦᠷᠢ ᠶ᠋ᠢ ᠨᠠᠷᠢᠨ ᠨᠢᠮᠪᠠᠢ ᠰᠢᠭᠦᠨ ᠰᠢᠢᠳᠪᠦᠷᠢᠯᠡᠵᠦ ᠂ ᠬᠡᠷᠡᠭ ᠦ᠋ᠨ ᠶᠠᠰᠤ ᠴᠢᠨᠠᠷ ᠢ᠋ ᠪᠥᠬᠥ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠃ ᠬᠣᠷᠸ᠎ᠠ ᠰᠢᠭᠦᠨ ᠲᠠᠰᠤᠯᠤᠯᠲᠠ ᠶ᠋ᠢᠨ ᠬᠠᠮᠢᠶᠠᠷᠤᠯᠲᠠ ᠪᠠ ᠪᠣᠳᠠᠲᠠᠢ ᠬᠤᠪᠢ ᠶ᠋ᠢᠨ ᠬᠡᠷᠡᠭ ᠲᠦ᠍ ᠬᠢᠨᠠᠯᠲᠠ ᠲᠠᠯᠪᠢᠬᠤ ᠶ᠋ᠢᠨ ᠬᠠᠷᠢᠴᠠᠭ᠎ᠠ ᠶ᠋ᠢ ᠵᠥᠪ ᠣᠨᠣᠪᠴᠢᠲᠠᠢ ᠰᠠᠢᠲᠤᠷ ᠰᠢᠢᠳᠪᠦᠷᠢᠯᠡᠵᠦ ᠂ ᠰᠢᠭᠦᠨ ᠲᠠᠰᠤᠯᠬᠤ ᠠᠵᠢᠯ ᠤ᠋ᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ᠋ ᠤᠶᠠᠨ ᠬᠠᠳᠠᠨ ᠢ᠋ᠶ᠋ᠠᠷ ᠰᠢᠢᠳᠪᠦᠷᠢᠯᠡᠵᠦ ᠂ ᠭᠡᠷᠡᠴᠢ ᠪᠠᠷᠢᠮᠲᠠ ᠴᠤᠭᠯᠠᠭᠤᠯᠬᠤ ᠂ ᠪᠣᠳᠠᠲᠤ ᠶᠠᠪᠤᠳᠠᠯ ᠢ᠋ ᠡᠵᠡᠮᠳᠡᠬᠦ ᠬᠡᠷᠡᠭᠲᠡᠢ ᠃ ᠬᠡᠷᠡᠭ ᠦ᠋ᠨ ᠶᠠᠰᠤ ᠴᠢᠨᠠᠷ ᠢ᠋ ᠦᠨᠡᠯᠡᠨ ᠪᠠᠢᠴᠠᠭᠠᠬᠤ ᠳᠦᠷᠢᠮ ᠢ᠋ ᠪᠠᠢᠭᠤᠯᠵᠤ ᠂ ᠬᠡᠷᠡᠭ ᠶᠠᠪᠤᠳᠠᠯ ᠢ᠋ ᠦᠨᠡᠯᠡᠨ ᠪᠠᠢᠴᠠᠭᠠᠬᠤ ᠬᠦᠴᠦᠯᠡᠴᠡ ᠪᠡᠨ ᠭᠣᠣᠯᠳᠠᠯᠭ᠎ᠠ ᠲᠠᠢ ᠴᠢᠩᠭᠠᠳᠬᠠᠵᠤ ᠂ ᠦᠨᠡᠯᠡᠨ ᠪᠠᠢᠴᠠᠭᠠᠭᠰᠠᠨ ᠦᠷ᠎ᠡ ᠳ᠋ᠦᠩ ᠢ᠋ ᠬᠤᠪᠢᠷᠠᠭᠤᠯᠤᠨ ᠬᠡᠷᠡᠭᠯᠡᠬᠦ ᠶ᠋ᠢ ᠴᠢᠬᠤᠯᠠᠴᠢᠯᠠᠨ ᠂ ᠵᠠᠷᠯᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠶ᠋ᠢ ᠴᠢᠩᠭᠠᠳᠬᠠᠪᠠ ᠃ ᠭᠤᠷᠪᠠ ᠳ᠋ᠤ᠌ ᠠᠷᠭ᠎ᠠ ᠬᠡᠮᠵᠢᠶ᠎ᠡ ᠶ᠋ᠢ ᠪᠣᠳᠠᠲᠠᠢ ᠨᠠᠢᠳᠠᠪᠤᠷᠢᠵᠢᠭᠤᠯᠬᠤ ᠬᠡᠷᠡᠭᠲᠡᠢ ᠃ ᠬᠤᠪᠢᠳᠠᠨ ᠬᠠᠮᠢᠶᠠᠷᠴᠤ ᠪᠠᠢᠭ᠎ᠠ ᠤᠳᠤᠷᠢᠳᠤᠯᠭ᠎ᠠ ᠬᠤᠪᠢᠳᠠᠨ ᠬᠠᠮᠢᠶᠠᠷᠴᠤ ᠪᠠᠢᠭ᠎ᠠ ᠰᠠᠯᠠᠭ᠎ᠠ ᠮᠥᠴᠢᠷ ᠪᠣᠯᠤᠨ ᠬᠠᠮᠲᠤᠷᠠᠨ ᠵᠥᠪᠯᠡᠬᠦ ᠲᠢᠩᠬᠢᠮ ᠦ᠋ᠨ ᠬᠡᠷᠡᠭ ᠦ᠋ᠨ ᠶᠠᠰᠤ ᠴᠢᠨᠠᠷ ᠤ᠋ᠨ ᠪᠦᠬᠦᠯᠢ ᠴᠣᠭᠴᠠ ᠶ᠋ᠢᠨ ᠪᠠᠢᠳᠠᠯ ᠢ᠋ ᠪᠦᠬᠦ ᠲᠠᠯ᠎ᠠ ᠪᠠᠷ ᠠᠳᠬᠤᠬᠤ ᠬᠡᠷᠡᠭᠲᠡᠢ ᠃ ᠡᠯ᠎ᠡ ᠬᠠᠮᠲᠤᠷᠠᠨ ᠵᠥᠪᠯᠡᠬᠦ ᠲᠢᠩᠬᠢᠮ ᠨᠢ ᠬᠥᠭᠵᠢᠭᠦᠯᠦᠯᠲᠡ ᠥᠭᠡᠷᠡᠴᠢᠯᠡᠯᠲᠡ ᠶ᠋ᠢᠨ ᠬᠡᠷᠡᠭ ᠨᠢᠭᠡᠪᠦᠷᠢ ᠳ᠋ᠦ᠍ ᠴᠢᠭᠯᠡᠭᠦᠯᠦᠨ ᠭᠦᠨᠵᠡᠭᠡᠢ ᠪᠥᠭᠡᠳ ᠨᠡᠪᠲᠡᠷᠬᠡᠢ ᠵᠠᠳᠠᠯᠤᠯᠲᠠ ᠬᠢᠵᠦ ᠰᠤᠳᠤᠯᠤᠨ ᠶᠠᠷᠢᠯᠴᠠᠬᠤ ᠠᠵᠢᠯ ᠢ᠋ ᠪᠣᠳᠠᠲᠠᠢ ᠠᠳᠬᠤᠵᠤ ᠂ ᠰᠢᠭᠦᠨ ᠰᠢᠢᠳᠪᠦᠷᠢᠯᠡᠭᠰᠡᠨ ᠲᠤᠷᠰᠢᠯᠭ᠎ᠠ ᠪᠠᠨ ᠳ᠋ᠦᠩᠨᠡᠨ ᠲᠠᠰᠤᠷᠠᠯᠲᠠ ᠦᠭᠡᠢ ᠰᠠᠢᠵᠢᠷᠠᠭᠤᠯᠬᠤ ᠠᠵᠢᠯ ᠤ᠋ᠨ ᠰᠡᠳᠬᠢᠮᠵᠢ ᠶ᠋ᠢ ᠪᠣᠢ ᠪᠣᠯᠭᠠᠬᠤ ᠬᠡᠷᠡᠭᠲᠡᠢ ᠃ ᠬᠢᠨᠠᠨ ᠬᠠᠮᠢᠶᠠᠷᠬᠤ ᠠᠯᠪᠠᠨ ᠭᠡᠷ ᠨᠢ ᠰᠢᠭᠦᠨ ᠲᠠᠰᠤᠯᠤᠯᠲᠠ ᠳ᠋ᠤ᠌ ᠬᠢᠨᠠᠯᠲᠠ ᠲᠠᠯᠪᠢᠵᠤ ᠬᠠᠮᠢᠶᠠᠷᠬᠤ ᠶ᠋ᠢ ᠴᠢᠩᠭᠠᠳᠬᠠᠬᠤ ᠠᠵᠢᠯ ᠢ᠋ ᠭᠦᠨᠵᠡᠭᠡᠢ ᠠᠳᠬᠤᠵᠤ ᠂ ᠰᠢᠭᠦᠨ ᠲᠠᠰᠤᠯᠤᠯᠲᠠ ᠶ᠋ᠢᠨ ᠴᠢᠨᠠᠷ ᠦᠷ᠎ᠡ ᠪᠦᠲᠦᠮᠵᠢ ᠶ᠋ᠢ ᠦᠨᠡᠯᠡᠨ ᠵᠢᠱ᠌ᠢᠬᠦ ᠂ ᠰᠢᠭᠦᠨ ᠲᠠᠰᠤᠯᠤᠯᠲᠠ ᠶ᠋ᠢᠨ ᠪᠠᠢᠳᠠᠯ ᠢ᠋ ᠵᠠᠳᠠᠯᠬᠤ ᠂ ᠰᠢᠭᠦᠨ ᠲᠠᠰᠤᠯᠬᠤ ᠬᠢᠵᠠᠭᠠᠷ ᠢ᠋ ᠬᠢᠨᠠᠨ ᠬᠠᠮᠢᠶᠠᠷᠬᠤ ᠵᠡᠷᠭᠡ ᠠᠵᠢᠯ ᠢ᠋ ᠯᠠᠪᠳᠠᠭᠤᠨ ᠪᠠᠲᠤᠲᠠᠢ ᠦᠷᠨᠢᠭᠦᠯᠦᠨ᠎ᠡ ᠃ ᠤᠯᠤᠰ ᠲᠥᠷᠥ ᠶ᠋ᠢᠨ ᠶᠠᠮᠤᠨ ᠠ᠋ᠴᠠ ᠰᠢᠭᠦᠬᠦ ᠲᠤᠰᠢᠶᠠᠯᠲᠠᠨ ᠤ᠋ ᠰᠢᠭᠦᠨ ᠲᠠᠰᠤᠯᠬᠤ ᠠᠵᠢᠯ ᠤ᠋ᠨ ᠠᠮᠵᠢᠯᠲᠠ ᠶ᠋ᠢ ᠰᠢᠯᠭᠠᠨ ᠦᠨᠡᠯᠡᠬᠦ ᠳᠦᠷᠢᠮ ᠢ᠋ ᠭᠣᠣᠯᠴᠢᠯᠠᠨ ᠨᠠᠷᠢᠯᠢᠭᠵᠢᠭᠤᠯᠤᠨ᠎ᠠ᠃
ᠵᠠᠳᠠᠯᠤᠯᠲᠠ ᠶ᠋ᠢᠨ ᠬᠤᠷᠠᠯ ᠤ᠋ᠨ ᠳᠠᠷᠠᠭ᠎ᠠ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ 2020 ᠣᠨ ᠤ᠋ ᠰᠢᠭᠦᠬᠦ ᠲᠤᠰᠢᠶᠠᠯᠲᠠᠨ ᠤ᠋ ᠶᠡᠬᠡ ᠬᠤᠷᠠᠯ ᠢ ᠬᠤᠷᠠᠯᠳᠤᠭᠤᠯᠵᠤ 《ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠠᠷᠠᠳ ᠤ᠋ᠨ ᠰᠢᠭᠦᠬᠦ ᠬᠣᠷᠢᠶᠠᠨ ᠤ᠋ ᠠᠵᠢᠯ ᠤ᠋ᠨ ᠠᠮᠵᠢᠯᠲᠠ ᠪᠦᠲᠦᠮᠵᠢ ᠶ᠋ᠢᠨ ᠬᠢᠨᠠᠨ ᠰᠢᠯᠭᠠᠯᠲᠠ ᠵᠢᠴᠢ ᠱᠠᠩᠨᠠᠯ ᠤ᠋ᠨ ᠮᠥᠩᠭᠥ ᠬᠤᠪᠢᠶᠠᠷᠢᠯᠠᠬᠤ ᠠᠷᠭ᠎ᠠ ᠶ᠋ᠢ ᠶᠠᠷᠢᠯᠴᠠᠬᠤ ᠡᠬᠡ ᠪᠢᠴᠢᠭ᠌ 》 ᠢ᠋ ᠶᠠᠷᠢᠯᠴᠠᠨ ᠪᠠᠲᠤᠯᠠᠪᠠ ᠃
ᠦᠨᠡᠯᠡᠬᠦ 0ᠦᠨᠡᠯᠡᠯᠲᠡ ᠲᠠᠢ