ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ  ᠤ ᠶᠡᠷᠦᠩᠬᠡᠢ ᠠᠵᠢᠯᠲᠠᠨ ᠤ᠋ ᠡᠪᠯᠡᠯ ᠦ᠋ᠨ ᠪᠠᠢᠴᠠᠭᠠᠨ ᠰᠤᠳᠤᠯᠬᠤ ᠳᠤᠭᠤᠢᠯᠠᠩ ᠤ᠋ᠨ ᠨᠢᠭᠡᠳᠦᠭᠡᠷ ᠠᠵᠢᠯ ᠲᠥᠷᠥᠯ ᠦ᠋ᠨ ᠬᠢᠨ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠳ᠋ᠤ᠌ ᠬᠦᠷᠴᠦ  ᠠᠵᠢᠯ ᠢ ᠪᠠᠢᠴᠠᠭᠠᠨ ᠵᠢᠯᠤᠭᠤᠳᠪᠠ
2020.12.24 ᠲᠣᠰ ᠥᠷᠲᠡᠭᠡᠨ᠎ᠦ ᠨᠠᠢᠷᠠᠭᠤᠯᠤᠭᠴᠢ

      8 ᠰᠠᠷ᠎ᠠ ᠶ᠋ᠢᠨ 7 ᠤ᠋ ᠡᠳᠦᠷ ᠦᠨ ᠦᠳᠡ ᠶ᠋ᠢᠨ ᠬᠣᠢᠨ᠎ᠠ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠵᠢᠯᠴᠢᠨ ᠤ᠋ ᠶᠡᠷᠦᠩᠬᠡᠢ ᠡᠪᠯᠡᠯ ᠦ᠋ᠨ ᠳᠡᠳ᠋ ᠲᠡᠷᠢᠭᠦᠯᠡᠭᠴᠢ ᠪᠤᠤ ᠲᠢᠶᠧ ᠴᠢᠶᠠᠩ ᠂ ᠥᠪᠡᠷᠲᠡᠭᠡᠨ ᠵᠠᠰᠠᠬᠤ ᠣᠷᠣᠨ ᠤ᠋ ᠠᠵᠢᠯᠴᠢᠨ ᠤ᠋ ᠶᠡᠷᠦᠩᠬᠡᠢ ᠡᠪᠯᠡᠯ ᠦ᠋ᠨ ᠬᠠᠤᠯᠢ ᠴᠠᠭᠠᠵᠠ ᠶ᠋ᠢᠨ ᠠᠵᠢᠯ ᠤ᠋ᠨ ᠬᠡᠯᠲᠡᠰ ᠦ᠋ᠨ ᠳᠠᠷᠤᠭ᠎ᠠ ᠡᠦ ᠶᠠᠨ ᠫᠢᠩ ᠂ ᠥᠪᠡᠷᠲᠡᠭᠡᠨ ᠵᠠᠰᠠᠬᠤ ᠣᠷᠣᠨ ᠤ᠋ ᠠᠵᠢᠯᠴᠢᠨ ᠤ᠋ ᠶᠡᠷᠦᠩᠬᠡᠢ ᠡᠪᠯᠡᠯ ᠦ᠋ᠨ ᠬᠠᠤᠯᠢ ᠴᠠᠭᠠᠵᠠ ᠶ᠋ᠢᠨ ᠠᠵᠢᠯ ᠤ᠋ᠨ ᠬᠡᠯᠲᠡᠰ ᠦ᠋ᠨ ᠪᠠᠢᠴᠠᠭᠠᠨ ᠰᠤᠳᠤᠯᠤᠭᠴᠢ ᠶᠤᠰᠤᠯᠲᠤ ᠨᠠᠷ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠳ᠋ᠤ᠌ ᠬᠦᠷᠴᠦ ᠪᠠᠢᠴᠠᠭᠠᠨ ᠰᠤᠳᠤᠯᠤᠯᠲᠠ ᠬᠢᠵᠦ ᠠᠵᠢᠯ ᠢ ᠵᠢᠯᠤᠭᠤᠳᠤᠭᠰᠠᠨ ᠪᠠᠢᠨ᠎ᠠ᠃

ᠨᠢᠭᠡᠳᠦᠭᠡᠷ ᠰᠢᠭᠦᠯᠲᠡ ᠶ᠋ᠢᠨ ᠲᠢᠩᠬᠢᠮ ᠢ ᠲᠤᠭᠤᠷᠢᠨ ᠦᠵᠡᠵᠦ ᠪᠠᠢᠭ᠎ᠠ

ᠵᠠᠷᠭᠤ ᠶ᠋ᠢᠨ ᠦᠢᠯᠡᠴᠢᠯᠡᠭᠡᠨ ᠦ᠌ ᠲᠥᠪ ᠢ ᠲᠤᠭᠤᠷᠢᠨ ᠦᠵᠡᠵᠦ ᠪᠠᠢᠭ᠎ᠠ

ᠨᠠᠢᠳᠠᠨ ᠬᠠᠮᠢᠶᠠᠷᠤᠭᠤᠯᠬᠤ ᠠᠩᠭᠢ ᠶᠢ ᠲᠤᠭᠤᠷᠢᠨ ᠦᠵᠡᠵᠦ ᠪᠠᠢᠭ᠎ᠠ
 
     ᠪᠠᠢᠴᠠᠭᠠᠨ ᠰᠤᠳᠤᠯᠬᠤ ᠳᠤᠭᠤᠢᠯᠠᠩ ᠤ᠋ᠨ ᠬᠢᠨ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠵᠠᠷᠭᠤ ᠶ᠋ᠢᠨ ᠦᠢᠯᠡᠴᠢᠯᠡᠭᠡᠨ ᠦ᠌ ᠲᠥᠪ ᠂ ᠰᠢᠨᠵᠢᠯᠡᠬᠦ ᠤᠬᠠᠭᠠᠨ ᠮᠡᠷᠭᠡᠵᠢᠯ ᠦ᠋ᠨ ᠰᠢᠭᠦᠨ ᠲᠠᠰᠤᠯᠬᠤ ᠲᠢᠩᠬᠢᠮ ᠂ ᠮᠡᠳᠡᠭᠡ ᠵᠠᠩᠭᠢ ᠶ᠋ᠢᠨ ᠬᠠᠮᠢᠶᠠᠷᠤᠯᠲᠠ ᠶ᠋ᠢᠨ ᠲᠥᠪ ᠂ ᠭᠦᠢᠴᠡᠳᠬᠡᠬᠦ ᠶ᠋ᠢ ᠵᠢᠯᠣᠭᠣᠳᠬᠤ ᠲᠥᠪ ᠂ ᠵᠤᠨ ᠤ᠋ ᠠᠮᠠᠷᠠᠯᠲᠠ ᠶ᠋ᠢᠨ ᠨᠠᠢᠳᠠᠨ ᠬᠠᠮᠢᠶᠠᠷᠤᠭᠤᠯᠬᠤ ᠠᠩᠭᠢ ᠵᠡᠷᠭᠡ ᠲᠠᠯᠠᠪᠤᠷ ᠢ  ᠲᠣᠭᠣᠷᠢᠨ ᠦᠵᠡᠵᠦ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠬᠣᠶᠠᠷ 《ᠨᠢᠭᠡ ᠥᠷᠲᠡᠭᠡ ᠬᠡᠯᠪᠡᠷᠢ 》 ᠤ᠋ᠨ ᠵᠠᠷᠭᠤ ᠶ᠋ᠢᠨ ᠦᠢᠯᠡᠴᠢᠯᠡᠭᠡᠨ ᠦ᠌ ᠪᠠᠢᠭᠤᠯᠤᠯᠲᠠ ᠶ᠋ᠢᠨ ᠠᠵᠢᠯ ᠵᠢᠴᠢ ᠴᠠᠭᠳᠠᠭ᠎ᠠ ᠳ᠋ᠤ᠌ ᠬᠠᠷᠠᠭᠠᠯᠵᠠᠯ ᠦᠵᠡᠭᠦᠯᠬᠦ ᠲᠥᠷᠥ ᠶ᠋ᠢᠨ ᠪᠣᠳᠣᠯᠭ᠎ᠠ ᠶ᠋ᠢ ᠨᠠᠢᠳᠠᠪᠤᠷᠢᠵᠢᠭᠤᠯᠬᠤ ᠵᠡᠷᠭᠡ ᠠᠵᠢᠯ ᠢ᠋ ᠨᠠᠷᠢᠨ ᠣᠢᠯᠠᠭᠠᠪᠠ ᠃

ᠭᠦᠢᠴᠡᠳᠬᠡᠬᠦ ᠶ᠋ᠢ ᠵᠢᠯᠣᠭᠣᠳᠬᠤ ᠲᠥᠪ ᠶᠢ ᠲᠤᠭᠤᠷᠢᠨ ᠦᠵᠡᠵᠦ ᠪᠠᠢᠭ᠎ᠠ


 

ᠮᠡᠳᠡᠭᠡ ᠵᠠᠩᠭᠢ ᠶ᠋ᠢᠨ ᠬᠠᠮᠢᠶᠠᠷᠤᠯᠲᠠ ᠶ᠋ᠢᠨ ᠲᠥᠪ ᠢ ᠲᠤᠭᠤᠷᠢᠨ ᠦᠵᠡᠵᠦ ᠪᠠᠢᠭ᠎ᠠ
     

      ᠲᠣᠭᠣᠷᠢᠨ ᠦᠵᠡᠵᠦ  ᠪᠡᠷ᠎  ᠳᠠᠮᠵᠢᠭᠤᠯᠤᠨ  ᠪᠠᠢᠴᠠᠭᠠᠨ ᠰᠤᠳᠤᠯᠬᠤ ᠳᠤᠭᠤᠢᠯᠠᠩ  ᠠᠴᠠ ᠢᠯᠡᠳᠬᠡᠭᠰᠡᠨ ᠨᠢ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋  ᠨᠠᠮ ᠤᠨ ᠬᠤᠷᠢᠶ᠎ᠠ  ᠨᠢ ᠠᠵᠢᠯᠴᠢᠨ ᠤ᠋ ᠡᠪᠯᠡᠯ ᠦ᠋ᠨ ᠠᠵᠢᠯ ᠢ᠋ ᠳᠡᠭᠡᠳᠦ ᠬᠡᠮᠵᠢᠶ᠎ᠡ ᠪᠡᠷ ᠬᠦᠨᠳᠦᠳᠬᠡᠨ ᠦᠵᠡᠵᠦ ᠂ ᠺᠠᠲ᠋ᠷ ᠴᠠᠭᠳᠠᠭ᠎ᠠ ᠶ᠋ᠢᠨ ᠬᠦᠴᠢᠷᠳᠡᠯ ᠢ᠋ ᠰᠢᠢᠳᠪᠦᠷᠢᠯᠡᠨ ᠥᠭᠴᠦ ᠂ ᠡᠯ᠎ᠡ  ᠲᠥᠷᠥᠯ ᠦ᠋ᠨ ᠠᠵᠢᠯ ᠳ᠋ᠤ᠌ ᠴᠥᠮ ᠢᠳᠡᠪᠬᠢᠲᠡᠢ ᠰᠠᠢᠨ ᠦᠷ᠎ᠡ ᠪᠦᠲᠦᠮᠵᠢ ᠤᠯᠤᠭᠰᠠᠨ ᠪᠠᠢᠨ᠎ᠠ᠃ ᠬᠣᠶᠠᠷ ᠰᠠᠯᠠᠭ᠎ᠠ ᠮᠥᠴᠢᠷ ᠬᠣᠢᠰᠢᠳᠠ ᠶ᠋ᠢᠨ ᠠᠵᠢᠯ ᠳ᠋ᠠᠭᠠᠨ ᠥᠪᠡᠷ ᠥᠪᠡᠷ ᠦ᠋ᠨ ᠳᠠᠪᠠᠭᠤᠯᠢᠭ ᠢ᠋ᠶ᠋ᠠᠨ ᠭᠦᠢᠴᠡᠳ ᠪᠠᠳᠠᠷᠠᠭᠤᠯᠵᠤ ᠂ ᠣᠢᠯᠠᠭᠠᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ ᠂ ᠠᠵᠢᠯ ᠤ᠋ᠨ ᠬᠠᠮᠲᠤᠷᠠᠯ ᠤ᠋ᠨ ᠬᠦᠴᠦᠨ ᠢ᠋ ᠠᠯᠬᠤᠮ ᠠᠯᠬᠤᠮ ᠢ᠋ᠶ᠋ᠠᠷ ᠪᠦᠷᠢᠯᠳᠦᠭᠦᠯᠬᠦ ᠶ᠋ᠢ ᠬᠦᠰᠡᠵᠦ ᠪᠠᠢᠨ᠎ᠠ ᠃
       ᠰᠦ ᠯᠢ ᠵᠢᠶᠦ᠋ᠨ ᠥᠪᠡᠷᠲᠡᠭᠡᠨ ᠵᠠᠰᠠᠬᠤ ᠣᠷᠣᠨ ᠤ᠋ ᠠᠵᠢᠯᠴᠢᠨ ᠤ᠋ ᠶᠡᠷᠦᠩᠬᠡᠢ ᠡᠪᠯᠡᠯ ᠦ᠋ᠨ ᠪᠠᠢᠴᠠᠭᠠᠨ ᠰᠤᠳᠤᠯᠬᠤ ᠳᠤᠭᠤᠢᠯᠠᠩ ᠤ᠋ᠨ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠳ᠋ᠤ᠌ ᠮᠣᠷᠢᠯᠠᠨ ᠰᠠᠭᠠᠲᠠᠵᠤ ᠪᠠᠢᠴᠠᠭᠠᠨ ᠰᠤᠳᠤᠯᠬᠤ ᠠᠵᠢᠯ ᠳ᠋ᠤ᠌ ᠲᠠᠯᠠᠷᠬᠠᠵᠤ ᠪᠠᠢᠭ᠎ᠠ ᠪᠠᠨ ᠢᠯᠡᠳᠭᠡᠭᠰᠡᠨ ᠦ᠌ ᠬᠠᠮᠲᠤ ᠂ ᠲᠤᠰ ᠤᠳᠠᠭᠠᠨ ᠤ᠋ ᠪᠠᠢᠴᠠᠭᠠᠨ ᠰᠤᠳᠤᠯᠤᠯᠲᠠ ᠬᠢᠬᠦ ᠪᠡᠷ ᠠᠵᠠ ᠲᠣᠬᠢᠶᠠᠯ ᠪᠣᠯᠭᠠᠵᠤ ᠠᠵᠢᠯ ᠤ᠋ᠨ ᠶᠠᠰᠤ ᠴᠢᠨᠠᠷ ᠪᠠ ᠬᠢᠷᠢ ᠲᠦᠪᠰᠢᠨ ᠢ᠋ᠶ᠋ᠡᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠬᠦᠴᠦᠷᠬᠡᠭ ᠵᠦᠢᠯ ᠢ᠋ ᠲᠠᠰᠤᠷᠠᠯᠲᠠ ᠦᠭᠡᠢ ᠪᠠᠳᠠᠷᠠᠭᠤᠯᠵᠤ ᠬᠦᠷᠦᠯᠴᠡᠬᠦ ᠦᠭᠡᠢ ᠲᠠᠯ᠎ᠠ ᠪᠠᠨ ᠭᠦᠢᠴᠡᠳ ᠨᠥᠬᠥᠪᠥᠷᠢᠯᠡᠬᠦ ᠂  ᠺᠠᠲ᠋ᠠᠷ  ᠴᠠᠭᠳᠠᠭ᠎ᠠ ᠨᠠᠷ ᠢ ᠰᠠᠢᠲᠤᠷ  ᠬᠠᠷᠠᠭᠠᠯᠵᠠᠵᠤ ᠂  ᠺᠠᠲ᠋ᠷ ᠴᠠᠭᠳᠠᠭ᠎ᠠ ᠪᠣᠯᠤᠨ ᠠᠳᠠᠯ ᠦᠢᠯᠡᠰ ᠴᠣᠭᠴᠠᠯᠠᠬᠤ ᠶ᠋ᠢ ᠤᠷᠮᠠᠰᠢᠭᠤᠯᠤᠨ᠎ᠠ ᠭᠡᠰᠡᠨ ᠪᠠᠢᠨ᠎ᠠ ᠃
 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )