ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠰᠢᠰᠲ᠋ᠸᠮ ᠦ᠋ᠨ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠵᠢᠯ ᠢ᠋ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ ᠂ ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠶ᠋ᠢ ᠤᠯᠠᠮ ᠨᠢᠭᠡ ᠠᠯᠬᠤᠮ ᠴᠢᠩᠭᠠᠳᠬᠠᠨ ᠂ ᠨᠠᠮ ᠤ᠋ᠨ ᠭᠡᠰᠢᠭᠦᠨ ᠺᠠᠲᠷᠴᠤᠳ ᠤ᠋ᠨ ᠠᠷᠢᠭᠤᠨ ᠴᠢᠬᠡᠴᠢ ᠦᠵᠡᠯ ᠤᠬᠠᠮᠰᠠᠷ ᠢ᠋ ᠳᠡᠭᠡᠭᠰᠢᠯᠡᠭᠦᠯᠵᠦ ᠂ ᠥᠷᠭᠡᠨ ᠣᠯᠠᠨ ᠺᠠᠲ᠋ᠷ ᠴᠠᠭᠳᠠᠭ᠎ᠠ ᠶ᠋ᠢᠨ ᠢᠯᠵᠠᠷᠠᠯ ᠢ᠋ ᠡᠰᠡᠷᠭᠦᠴᠡᠨ ᠬᠤᠪᠢᠷᠠᠬᠤ ᠶ᠋ᠢ ᠰᠡᠷᠭᠡᠢᠯᠡᠬᠦ ᠴᠢᠳᠠᠪᠤᠷᠢ ᠶ᠋ᠢ ᠳᠡᠭᠡᠭᠰᠢᠯᠡᠭᠦᠯᠬᠦ ᠶ᠋ᠢᠨ ᠲᠥᠯᠥᠭᠡ 12 ᠰᠠᠷ᠎ᠠ ᠶ᠋ᠢᠨ 28 ᠤ᠋ ᠡᠳᠦᠷ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠲᠤᠰᠬᠠᠢ ᠰᠡᠳᠦᠪᠲᠦ ᠰᠤᠷᠤᠯᠴᠠᠯᠭ᠎ᠠ ᠶ᠋ᠢᠨ ᠬᠤᠷᠠᠯ ᠬᠢᠵᠦ ᠂ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠣᠷᠳᠣᠨ ᠢ᠋ ᠤᠯᠠᠮᠵᠢᠯᠠᠨ ᠲᠤᠤᠱᠯᠠᠭᠤᠯᠵᠠᠢ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ ᠪᠠᠢᠭ᠎ᠠ ᠤᠳᠤᠷᠢᠳᠬᠤ ᠪᠠᠭ ᠤ᠋ᠨ ᠭᠡᠰᠢᠭᠦᠨ ᠪᠣᠯᠤᠨ ᠰᠤᠷᠭᠠᠨ ᠬᠥᠮᠦᠵᠢᠯ ᠴᠡᠭᠴᠡᠯᠡᠬᠦ ᠠᠵᠢᠯ ᠤ᠋ᠨ ᠡᠯ᠎ᠡ ᠳᠤᠭᠤᠢᠯᠠᠩ ᠤ᠋ᠨ ᠳᠠᠷᠤᠭ᠎ᠠ ᠬᠤᠷᠠᠯ ᠳ᠋ᠤ᠌ ᠣᠷᠣᠯᠴᠠᠵᠠᠢ ᠃
ᠬᠤᠷᠠᠯ ᠨᠢ ᠨᠠᠮ ᠤ᠋ᠨ ᠲᠥᠪ ᠬᠣᠷᠢᠶ᠎ᠠ ᠂ ᠲᠥᠷᠥ ᠶ᠋ᠢᠨ ᠶᠠᠪᠤᠳᠠᠯ ᠤ᠋ᠨ ᠬᠣᠷᠢᠶ᠎ᠠ ᠶ᠋ᠢᠨ 《 ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠶ᠋ᠢᠨ ᠬᠠᠷᠢᠭᠤᠴᠠᠯᠭ᠎ᠠ ᠶ᠋ᠢᠨ ᠳᠦᠷᠢᠮ ᠢ᠋ ᠬᠡᠷᠡᠭᠵᠢᠭᠦᠯᠬᠦ ᠲᠤᠬᠠᠢ ᠲᠤᠭᠲᠠᠭᠠᠯ 》 ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠂ ᠵᠠᠰᠠᠭ ᠤ᠋ᠨ ᠣᠷᠳᠣᠨ ᠤ᠋ 《 ᠨᠠᠮ ᠤ᠋ᠨ ᠲᠥᠪ ᠬᠣᠷᠢᠶ᠎ᠠ ᠂ ᠲᠥᠷᠥ ᠶ᠋ᠢᠨ ᠶᠠᠪᠤᠳᠠᠯ ᠤ᠋ᠨ ᠬᠣᠷᠢᠶ᠎ᠠ ᠶ᠋ᠢᠨ ︿ ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠶ᠋ᠢᠨ ᠬᠠᠷᠢᠭᠤᠴᠠᠯᠭ᠎ᠠ ᠶ᠋ᠢᠨ ᠳᠦᠷᠢᠮ ᠢ᠋ ᠲᠤᠤᠱᠯᠠᠭᠤᠯᠤᠨ ᠨᠠᠢᠳᠠᠪᠤᠷᠢᠵᠢᠭᠤᠯᠬᠤ ᠲᠤᠬᠠᠢ ᠲᠣᠭᠲᠠᠭᠠᠯ ﹀ ᠢ᠋ ᠲᠤᠤᠱᠯᠠᠭᠤᠯᠤᠨ ᠨᠠᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠠᠷᠭ᠎ᠠ 》 ᠪᠠ ᠱᠢ ᠲᠡᠢ ᠹᠧᠩ ᠱᠦᠵᠢ ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠶ᠋ᠢᠨ ᠬᠠᠷᠢᠭᠤᠴᠠᠯᠭ᠎ᠠ ᠶ᠋ᠢᠨ ᠳᠦᠷᠢᠮ ᠢ᠋ ᠨᠠᠢᠳᠠᠪᠤᠷᠢᠵᠢᠭᠤᠯᠬᠤ ᠠᠵᠢᠯ ᠢ ᠥᠷᠨᠢᠭᠦᠯᠪᠡ ᠃
ᠬᠤᠷᠠᠯ ᠳᠦ ᠵᠢᠭᠠᠵᠤ ᠭᠠᠷᠭᠠᠭᠰᠠᠨ ᠨᠢ ᠂ ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠪᠣᠯᠤᠨ ᠢᠯᠵᠢᠷᠡᠯ ᠢ᠋ ᠡᠰᠡᠷᠭᠦᠴᠡᠬᠦ ᠠᠵᠢᠯ ᠪᠣᠯ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠵᠢᠯ ᠤ᠋ᠨ ᠳᠤᠮᠳᠠᠬᠢ ᠲᠤᠢᠯ ᠤ᠋ᠨ ᠴᠢᠬᠤᠯᠠ ᠠᠭᠤᠯᠭ᠎ᠠ ᠪᠣᠯᠤᠨ᠎ᠠ ᠃ ᠪᠥᠬᠥ ᠬᠣᠲᠠ ᠶ᠋ᠢᠨ ᠰᠢᠭᠦᠬᠦ ᠬᠣᠷᠢᠶ᠎ᠠ ᠪᠥᠬᠥ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠂ ᠬᠣᠷᠢᠶ᠎ᠠ ᠶ᠋ᠢ ᠴᠢᠩᠭ᠎ᠠ ᠵᠠᠰᠠᠬᠤ ᠂ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠡᠯ᠎ᠡ ᠲᠥᠷᠥᠯ ᠦ᠋ᠨ ᠠᠵᠢᠯ ᠢ᠋ ᠯᠠᠪᠳᠠᠭᠤᠨ ᠪᠠᠲᠤᠲᠠᠢ ᠥᠷᠨᠢᠭᠦᠯᠬᠦ ᠶ᠋ᠢ ᠢᠮᠠᠭᠲᠠ ᠪᠠᠷᠢᠮᠲᠠᠯᠠᠵᠤ ᠂ ᠰᠠᠬᠢᠯᠭ᠎ᠠ ᠪᠠᠲᠤ ᠶ᠋ᠢ ᠲᠥᠪ ᠴᠢᠩᠭ᠎ᠠ ᠪᠠᠢᠯᠭᠠᠨ ᠂ ᠲᠥᠪ ᠭᠣᠣᠯᠴᠢ ᠪᠠᠢᠬᠤ ᠶ᠋ᠢ ᠪᠠᠲᠤᠯᠠᠬᠤ ᠵᠠᠷᠯᠢᠭ ᠵᠡᠷᠭᠡ ᠳᠦᠷᠢᠮ ᠲᠣᠭᠲᠠᠭᠠᠯ ᠢ᠋ ᠴᠢᠩᠭ᠎ᠠ ᠨᠠᠢᠳᠠᠪᠤᠷᠢᠵᠢᠭᠤᠯᠤᠨ᠎ᠠ ᠃
ᠨᠢᠭᠡ ᠳ᠋ᠦ᠍ ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ ᠃ ᠤᠯᠤᠰ ᠲᠥᠷᠥ ᠶ᠋ᠢᠨ ᠪᠠᠢᠭᠤᠯᠤᠯᠲᠠ ᠶ᠋ᠢ ᠲᠡᠷᠢᠭᠦᠨ ᠪᠠᠢᠷᠢᠨ ᠳ᠋ᠤ᠌ ᠲᠠᠯᠪᠢᠬᠤ ᠶ᠋ᠢ ᠪᠠᠷᠢᠮᠲᠠᠯᠠᠨ ᠂ 《ᠬᠣᠶᠠᠷ ᠢ᠋ ᠬᠠᠮᠠᠭᠠᠯᠠᠬᠤ》 ᠤᠬᠠᠮᠰᠠᠷᠲᠤ ᠴᠢᠨᠠᠷ ᠢ᠋ᠶ᠋ᠠᠨ ᠦᠨᠡᠨᠬᠦ ᠨᠡᠮᠡᠭᠳᠡᠭᠦᠯᠵᠦ ᠂ ᠨᠠᠮ ᠤ᠋ᠨ ᠳᠦᠷᠢᠮ ᠲᠣᠭᠲᠠᠭᠠᠯ ᠨᠠᠮ ᠤ᠋ᠨ ᠰᠠᠬᠢᠯᠭ᠎ᠠ ᠪᠠᠲᠤ ᠪᠠ ᠦᠨᠳᠦᠰᠦᠨ ᠬᠠᠤᠯᠢ ᠴᠠᠭᠠᠵᠠ ᠬᠠᠤᠯᠢ ᠳᠦᠷᠢᠮ ᠦ᠋ᠨ ᠲᠤᠬᠠᠢ ᠰᠤᠷᠤᠯᠴᠠᠯᠭ᠎ᠠ ᠪᠠᠨ ᠴᠢᠩᠭᠠᠳᠬᠠᠨ ᠂ ᠠᠷᠢᠭᠤᠨ ᠴᠢᠬᠡᠴᠢ ᠦᠵᠡᠯ ᠤᠬᠠᠮᠰᠠᠷ ᠂ ᠰᠠᠬᠢᠯᠭ᠎ᠠ ᠪᠠᠲᠤ ᠪᠠᠨ ᠳᠡᠭᠡᠭᠰᠢᠯᠡᠭᠦᠯᠵᠦ ᠂ ᠰᠠᠬᠢᠯᠭ᠎ᠠ ᠪᠠᠲᠤ ᠳᠦᠷᠢᠮ ᠲᠣᠭᠲᠠᠭᠠᠯ ᠠ᠋ᠴᠠ ᠵᠥᠷᠢᠴᠡᠭᠰᠡᠨ ᠬᠡᠷᠡᠭ ᠡᠭᠦᠰᠬᠦ ᠶ᠋ᠢ ᠴᠢᠩᠭ᠎ᠠ ᠰᠡᠷᠭᠡᠢᠯᠡᠬᠦ ᠬᠡᠷᠡᠭᠲᠡᠢ ᠃ ᠬᠣᠶᠠᠷ ᠲᠤ᠌ ᠂ ᠣᠨᠣᠯ ᠤ᠋ᠨ ᠵᠡᠪᠰᠡᠭᠯᠡᠯ ᠢ᠋ ᠴᠢᠩᠭᠠᠳᠬᠠᠨ᠎ᠠ ᠃ ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠬᠥᠮᠦᠵᠢᠯ ᠢ᠋ ᠪᠠᠢᠩᠭᠤᠵᠢᠭᠤᠯᠬᠤ ᠠᠵᠢᠯ ᠳ᠋ᠤ᠌ ᠣᠷᠣᠭᠤᠯᠵᠤ ᠂ ᠦᠵᠡᠯ ᠰᠠᠨᠠᠭ᠎ᠠ ᠤᠯᠤᠰ ᠲᠥᠷᠥ ᠶ᠋ᠢᠨ ᠵᠢᠯᠣᠭᠣᠳᠤᠯᠭ᠎ᠠ ᠶ᠋ᠢ ᠬᠦᠴᠦᠯᠡᠨ ᠴᠢᠩᠭᠠᠳᠬᠠᠵᠤ ᠂ ᠠᠷᠢᠭᠤᠨ ᠴᠢᠬᠡᠴᠢ ᠰᠣᠶᠣᠯ ᠤ᠋ᠨ ᠪᠠᠢᠭᠤᠯᠤᠯᠲᠠ ᠶ᠋ᠢ ᠢᠳᠡᠪᠬᠢᠲᠡᠢ ᠠᠬᠢᠭᠤᠯᠵᠤ ᠂ ᠥᠷᠭᠡᠨ ᠣᠯᠠᠨ ᠺᠠᠲ᠋ᠷ ᠴᠠᠭᠳᠠᠭ᠎ᠠ ᠴᠠᠭ ᠢᠮᠠᠭᠲᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠢᠯᠵᠠᠷᠠᠬᠤ ᠵᠣᠷᠢᠭ ᠦᠭᠡᠢ ᠂ ᠢᠯᠵᠢᠷᠡᠬᠦ ᠳᠤᠷ᠎ᠠ ᠦᠭᠡᠢ ᠰᠠᠢᠨ ᠰᠠᠢᠬᠠᠨ ᠤᠷᠴᠢᠨ ᠢ ᠦᠨᠡᠨ ᠬᠦ᠌ ᠪᠠᠢᠭᠤᠯᠤᠨ᠎ᠠ ᠃ ᠭᠤᠷᠪᠠ ᠳ᠋ᠤ᠌ ᠠᠶᠤᠯ ᠲᠦᠭᠰᠢᠭᠦᠷᠢ ᠶ᠋ᠢ ᠰᠡᠷᠭᠡᠢᠯᠡᠨ ᠡᠵᠡᠮᠳᠡᠬᠦ ᠶ᠋ᠢ ᠲᠣᠪᠣᠢᠯᠭᠠᠨᠠ ᠃ ᠤᠯᠤᠰ ᠲᠥᠷᠥ ᠶ᠋ᠢᠨ ᠬᠢᠨᠠᠨ ᠪᠠᠢᠴᠠᠭᠠᠯᠲᠠ ᠂ ᠬᠠᠤᠯᠢ ᠴᠠᠭᠠᠵᠠ ᠶ᠋ᠢᠨ ᠲᠣᠭᠣᠷᠢᠨ ᠪᠠᠢᠴᠠᠭᠠᠯᠲᠠ ᠶ᠋ᠢᠨ ᠬᠦᠴᠦᠯᠡᠴᠡ ᠪᠡᠨ ᠨᠡᠮᠡᠭᠳᠡᠭᠦᠯᠦᠨ ᠂ ᠲᠦᠭᠰᠢᠭᠦᠷᠢ ᠶ᠋ᠢ ᠰᠡᠷᠭᠡᠢᠯᠡᠨ ᠡᠵᠡᠮᠳᠡᠬᠦ ᠴᠡᠭ ᠢ᠋ ᠣᠨᠣᠪᠴᠢᠲᠠᠢ ᠡᠷᠢᠨ ᠣᠯᠵᠤ ᠂ ᠰᠢᠭᠦᠬᠦ ᠬᠣᠷᠢᠶ᠎ᠠ ᠪᠣᠯᠤᠨ ᠲᠣᠮᠢᠯᠠᠭᠰᠠᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ ᠤ᠋ᠨ ᠬᠠᠷᠢᠯᠴᠠᠬᠤ ᠵᠣᠬᠢᠴᠠᠮᠵᠢ ᠶ᠋ᠢ ᠪᠠᠢᠭᠤᠯᠤᠨ ᠪᠦᠷᠢᠡᠰᠢᠬᠦᠯᠵᠤ ᠂ ᠬᠣᠯᠪᠣᠭᠠᠯᠠᠨ ᠪᠠᠢᠴᠠᠭᠠᠵᠤ ᠬᠣᠯᠪᠣᠭᠠᠯᠠᠨ ᠭᠦᠢᠴᠡᠳᠬᠡᠬᠦ ᠂ ᠭᠣᠣᠯᠳᠠᠯᠭ᠎ᠠ ᠲᠠᠢ ᠪᠠᠢᠴᠠᠭᠠᠨ ᠰᠢᠢᠳᠪᠦᠷᠢᠯᠡᠬᠦ ᠠᠯᠪᠠᠨ ᠭᠡᠷ ᠨᠢ ᠬᠢᠨᠠᠯᠲᠠ ᠲᠠᠯᠪᠢᠵᠤ ᠬᠢᠵᠠᠭᠠᠷᠯᠠᠬᠤ ᠵᠣᠬᠢᠴᠠᠮᠵᠢ ᠶ᠋ᠢ ᠤᠯᠠᠮ ᠲᠡᠭᠦᠯᠳᠡᠷᠵᠢᠭᠦᠯᠦᠨ᠎ᠡ ᠃ ᠳᠥᠷᠪᠡ ᠳ᠋ᠦ᠍ ᠰᠤᠷᠲᠠᠯ ᠤ᠋ᠨ ᠪᠠᠢᠭᠤᠯᠤᠯᠲᠠ ᠶ᠋ᠢ ᠴᠢᠩᠭᠠᠳᠬᠠᠨ᠎ᠠ ᠃ ᠰᠤᠷᠲᠠᠯ ᠤ᠋ᠨ ᠪᠠᠢᠭᠤᠯᠤᠯᠲᠠ ᠶ᠋ᠢᠨ ᠦᠷ᠎ᠡ ᠪᠦᠲᠦᠭᠡᠯ ᠢ᠋ ᠤᠯᠠᠮ ᠴᠢᠨᠠᠭᠰᠢᠳᠠ ᠪᠠᠲᠤᠳᠬᠠᠨ ᠥᠷᠭᠡᠳᠬᠡᠵᠦ ᠭᠣᠣᠯᠳᠠᠯᠭ᠎ᠠ ᠲᠠᠢ ᠠᠵᠢᠯ ᠢ᠋ ᠠᠬᠢᠭᠤᠯᠬᠤ ᠡᠷᠴᠢᠮ ᠢ᠋ᠶ᠋ᠡᠨ ᠴᠢᠩᠭ᠋ᠠᠷᠠᠭᠤᠯᠵᠤ ᠡᠯ᠎ᠡ ᠵᠦᠢᠯ ᠦ᠋ᠨ ᠠᠵᠢᠯ ᠦᠯᠦ ᠬᠢᠬᠦ ᠂ ᠤᠳᠠᠭᠠᠨ ᠬᠢᠬᠦ ᠂ ᠳᠤᠷ᠎ᠠ ᠪᠠᠷ ᠢ᠋ᠶ᠋ᠠᠨ ᠬᠢᠬᠦ ᠠᠵᠢᠯᠯᠠᠭ᠎ᠠ ᠶ᠋ᠢ ᠡᠷᠡᠰ ᠲᠡᠪᠴᠢᠵᠦ ᠂ ᠪᠦᠯᠬᠦᠮᠳᠡᠨ ᠲᠠᠪᠰᠢᠬᠤ ᠂ ᠡᠭᠦᠷᠭᠡ ᠲᠤᠰᠢᠶᠠᠯ ᠢ᠋ᠶ᠋ᠠᠨ ᠦᠨᠡᠨᠴᠢ ᠪᠡᠷ ᠭᠦᠢᠴᠡᠳᠬᠡᠬᠦ ᠰᠠᠢᠨ ᠰᠠᠢᠬᠠᠨ ᠠᠵᠢᠯ ᠤ᠋ᠨ ᠠᠭᠤᠷ ᠠᠮᠢᠰᠬᠤᠯ ᠢ᠋ ᠪᠣᠢ ᠪᠤᠯᠭᠠᠨ᠎ᠠ ᠃
ᠬᠤᠷᠠᠯ ᠠ᠋ᠴᠠ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠤᠯᠤᠰ ᠲᠥᠷᠥ ᠶ᠋ᠢᠨ ᠡᠭᠦᠷᠭᠡᠯᠡᠯ ᠢ᠋ ᠪᠥᠬᠥ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠶ᠋ᠢ ᠡᠭᠦᠷᠢᠳᠡ ᠵᠠᠮ ᠳᠡᠭᠡᠷ᠎ᠡ ᠂ ᠣᠪᠣᠷ ᠰᠤᠷᠲᠠᠯ ᠤ᠋ᠨ ᠪᠠᠢᠭᠤᠯᠤᠯᠲᠠ ᠡᠭᠦᠷᠢᠳᠡ ᠵᠠᠮ ᠳᠡᠭᠡᠷ᠎ᠡ ᠂ ᠢᠯᠵᠠᠷᠠᠯ ᠢ᠋ ᠡᠰᠡᠷᠭᠦᠴᠡᠬᠦ ᠲᠡᠮᠡᠴᠡᠯ ᠦ᠋ᠨ ᠬᠡᠵᠢᠶᠡᠳᠡ ᠵᠠᠮ ᠳᠡᠭᠡᠷ᠎ᠡ ᠪᠠᠢᠬᠤ ᠶ᠋ᠢ ᠪᠠᠲᠤᠯᠠᠬᠤ ᠬᠡᠷᠡᠭᠲᠡᠢ ᠂ ᠤᠭ ᠰᠠᠨᠠᠭ᠎ᠠ ᠪᠠᠨ ᠥᠯᠥ ᠮᠠᠷᠲᠠᠨ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠡᠷᠡᠰ ᠤᠷᠤᠭᠰᠢᠯᠠᠨ ᠂ ᠰᠢᠨ᠎ᠡ ᠶ᠋ᠢ ᠡᠭᠦᠳᠴᠦ ᠂ ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠪᠣᠯᠤᠨ ᠢᠯᠵᠠᠷᠠᠯ ᠢ᠋ ᠡᠰᠡᠷᠭᠦᠴᠡᠬᠦ ᠠᠵᠢᠯ ᠢ᠋ ᠭᠦᠨᠵᠡᠭᠡᠢ ᠠᠭᠢᠭᠤᠯᠤᠨ᠎ᠠ᠃
ᠦᠨᠡᠯᠡᠬᠦ 0ᠦᠨᠡᠯᠡᠯᠲᠡ ᠲᠠᠢ