ᠶᠡᠷᠦᠩᠬᠡᠢ ᠱᠦᠵᠢ ᠰᠢ ᠵᠢᠨ ᠫᠢᠩ ᠦ᠋ᠨ ᠴᠢᠬᠤᠯᠠ ᠪᠣᠯᠪᠠᠰᠤᠷᠠᠯ ᠤ᠋ᠨ ᠦᠭᠡ ᠶ᠋ᠢᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠬᠤ ᠶ᠋ᠢᠨ ᠲᠥᠯᠥᠭᠡ ᠂ ᠨᠠᠮ ᠤ᠋ᠨ ᠰᠢᠨ᠎ᠡ ᠴᠠᠭ ᠦᠶ᠎ᠡ ᠳ᠋ᠦ᠍ ᠴᠠᠭᠳᠠᠭ᠎ᠠ ᠪᠠᠢᠭᠤᠯᠬᠤ ᠂ ᠴᠠᠭᠳᠠᠭ᠎ᠠ ᠶ᠋ᠢ ᠳᠠᠭᠠᠬᠤ ᠂ ᠴᠠᠭᠳᠠᠭ᠎ᠠ ᠶ᠋ᠢ ᠵᠠᠰᠠᠬᠤ ᠤᠯᠤᠰ ᠲᠥᠷᠥ ᠶ᠋ᠢᠨ ᠱᠠᠭᠠᠷᠳᠠᠯᠭ᠎ᠠ ᠶ᠋ᠢ ᠪᠠᠲᠤ ᠡᠵᠡᠮᠰᠢᠬᠦ ᠶ᠋ᠢᠨ ᠲᠥᠯᠥᠭᠡ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠡᠩᠨᠡᠭᠡᠨ ᠦ᠌ ᠪᠠᠢᠭᠤᠯᠤᠯᠲᠠ ᠶ᠋ᠢ ᠴᠢᠩᠭᠠᠳᠬᠠᠬᠤ ᠬᠡᠷᠡᠭᠲᠡᠢ᠃ 12 ᠰᠠᠷ᠎ᠠ ᠶ᠋ᠢᠨ 26 ᠤ᠋ ᠡᠳᠦᠷ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶᠡᠷᠦᠩᠬᠡᠢ ᠱᠦᠵᠢ ᠰᠢ ᠵᠢᠨ ᠫᠢᠩ ᠦ᠋ᠨ ᠴᠢᠬᠤᠯᠠ ᠪᠣᠯᠪᠠᠰᠤᠷᠠᠯ ᠤ᠋ᠨ ᠵᠣᠷᠢᠭ ᠰᠠᠨᠠᠭ᠎ᠠ ᠵᠢᠴᠢ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠲᠠᠩᠭᠠᠷᠢᠭᠯᠠᠬᠤ ᠶᠡᠬᠡ ᠬᠤᠷᠠᠯ ᠬᠤᠷᠠᠯᠳᠤᠭᠤᠯᠪᠠ ᠃ ᠬᠣᠲᠠ ᠶ᠋ᠢᠨ ᠳᠤᠮᠳᠠ ᠵᠡᠷᠭᠡ ᠶ᠋ᠢᠨ ᠠᠷᠠᠳ ᠤ᠋ᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠨᠠᠮ ᠤ᠋ᠨ ᠤᠳᠤᠷᠢᠳᠬᠤ ᠳᠤᠭᠤᠢᠯᠠᠩ ᠤ᠋ᠨ ᠭᠡᠰᠢᠬᠦᠨ᠂ ᠳᠡᠳ᠋ ᠬᠣᠷᠢᠶᠠᠨ ᠳᠠᠷᠤᠭ᠎ᠠ ᠵᠢᠶᠠ ᠴᠠᠩ ᠪᠢᠩ ᠬᠤᠷᠠᠯ ᠳ᠋ᠤ᠌ ᠣᠷᠣᠯᠴᠠᠭᠰᠠᠨ ᠪᠥᠭᠡᠳ ᠬᠠᠤᠯᠢ ᠴᠠᠭᠠᠵᠠ ᠶ᠋ᠢᠨ ᠴᠠᠭᠳᠠᠭ᠎ᠠ ᠵᠢᠴᠢ ᠴᠠᠭᠳᠠᠭᠠᠨ ᠤ᠋ ᠶᠠᠪᠤᠳᠠᠯ ᠤ᠋ᠨ ᠲᠤᠰᠠᠯᠠᠭᠴᠢ ᠬᠥᠮᠦᠰ ᠬᠤᠷᠠᠯ ᠳ᠋ᠤ᠌ ᠣᠷᠣᠯᠴᠠᠪᠠ ᠃
ᠬᠤᠷᠠᠯ ᠠ᠋ᠴᠠ ᠶᠡᠷᠦᠩᠬᠡᠢ ᠱᠦᠵᠢ ᠰᠢ ᠵᠢᠨ ᠫᠢᠩ ᠦ᠋ᠨ ᠰᠤᠷᠭᠠᠯ ᠦᠭᠡ ᠶ᠋ᠢᠨ ᠵᠣᠷᠢᠭ ᠰᠠᠨᠠᠭ᠎ᠠ ᠶ᠋ᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠬᠤ ᠲᠤᠬᠠᠢ ᠬᠠᠮᠤᠭ ᠤ᠋ᠨ ᠳᠡᠭᠡᠳᠦ ᠬᠣᠷᠢᠶᠠᠨ ᠤ᠋ ᠮᠡᠳᠡᠭᠳᠡᠯ ᠢ᠋ ᠤᠯᠠᠮᠵᠢᠯᠠᠨ ᠰᠤᠷᠤᠯᠴᠠᠵᠤ ᠂ ᠶᠡᠷᠦᠩᠬᠡᠢ ᠱᠦᠵᠢ ᠰᠢ ᠵᠢᠨ ᠫᠢᠩ ᠦ᠋ᠨ ᠠᠷᠠᠳ ᠤ᠋ᠨ ᠴᠠᠭᠳᠠᠭ᠎ᠠ ᠶ᠋ᠢᠨ ᠡᠩᠨᠡᠭᠡ ᠳ᠋ᠦ᠍ ᠲᠤᠭ ᠣᠯᠭᠣᠬᠤ ᠂ ᠰᠤᠷᠭᠠᠯ ᠦᠭᠡ ᠬᠡᠯᠡᠬᠦ ᠠᠬᠤᠢ ᠲᠠᠯᠠᠪᠠᠢ ᠶ᠋ᠢᠨ ᠸᠢᠳᠢᠣ᠋ ᠶ᠋ᠢ ᠦᠵᠡᠵᠡᠢ ᠃ ᠪᠦᠬᠦ ᠬᠠᠤᠯᠢ ᠴᠠᠭᠠᠵᠠ ᠶ᠋ᠢᠨ ᠴᠠᠭᠳᠠᠭ᠎ᠠ ᠨᠠᠷ ᠴᠠᠭᠳᠠᠭ᠎ᠠ ᠶ᠋ᠢᠨ ᠳᠠᠯᠪᠠᠭᠠᠨ ᠳ᠋ᠤ᠌ ᠪᠠᠷᠠᠭᠤᠨ ᠨᠢᠳᠤᠷᠭ᠎ᠠ ᠪᠠᠨ ᠵᠢᠩᠭᠠᠳᠤᠨ ᠲᠠᠩᠭᠠᠷᠢᠭᠯᠠᠪᠠ᠃
ᠵᠢᠶᠠ ᠴᠠᠩ ᠪᠢᠩ ᠬᠤᠷᠠᠯ ᠳᠡᠭᠡᠷ᠎ᠡ ᠬᠠᠤᠯᠢ ᠴᠠᠭᠠᠵᠠ ᠶ᠋ᠢᠨ ᠪᠦᠬᠦ ᠴᠠᠭᠳᠠᠭ᠎ᠠ ᠤᠭ ᠰᠠᠨᠠᠭ᠎ᠠ ᠪᠠᠨ ᠥᠯᠥ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠎ᠡ ᠃ ᠳᠡᠭᠡᠳᠦ ᠵᠡᠷᠭᠡ ᠶ᠋ᠢᠨ ᠰᠢᠭᠦᠬᠦ ᠬᠣᠷᠢᠶᠠᠨ ᠤ᠋ ᠱᠠᠭᠠᠷᠳᠠᠯᠭ᠎ᠠ ᠶᠣᠰᠣᠭᠠᠷ ᠡᠷᠬᠡ ᠲᠤᠰᠢᠶᠠᠯ ᠢ᠋ᠶ᠋ᠠᠨ ᠬᠠᠤᠯᠢ ᠶᠣᠰᠣᠭᠠᠷ ᠭᠦᠢᠴᠡᠳᠬᠡᠵᠦ ᠂ ᠪᠣᠯᠪᠠᠰᠤᠨ ᠢ᠋ᠶ᠋ᠠᠷ ᠬᠠᠤᠯᠢ ᠬᠡᠷᠡᠭᠵᠢᠭᠦᠯᠬᠦ ᠶ᠋ᠢ ᠵᠢᠷᠤᠮᠵᠢᠭᠤᠯᠤᠨ ᠠᠷᠠᠳ ᠤ᠋ᠨ ᠬᠠᠤᠯᠢ ᠴᠠᠭᠠᠵᠠ ᠶ᠋ᠢᠨ ᠦᠢᠯᠡᠰ ᠲᠦ᠍ ᠠᠮᠢ ᠴᠥᠯᠡᠨ ᠲᠡᠮᠡᠴᠡᠵᠦ ᠂ ᠡᠷᠡᠮᠡᠬᠡᠢᠯᠡᠨ ᠤᠷᠤᠭᠰᠢᠯᠠᠵᠤ ᠂ ᠳᠠᠬᠢᠨᠲᠠ ᠰᠢᠨ᠎ᠡ ᠭᠠᠪᠢᠶ᠎ᠠ ᠪᠠᠢᠭᠤᠯᠬᠤ ᠶ᠋ᠢ ᠴᠢᠬᠤᠯᠠᠴᠢᠯᠠᠪᠠ ᠃
ᠬᠠᠮᠤᠭ ᠰᠡᠭᠦᠯ ᠳ᠋ᠦ᠍ ᠂ ᠯᠢ ᠵᠢᠩ ᠭᠦᠸᠧ ᠬᠣᠲᠠ ᠶ᠋ᠢᠨ ᠳᠤᠮᠳᠠ ᠵᠡᠷᠭᠡ ᠶ᠋ᠢᠨ ᠠᠷᠠᠳ ᠤ᠋ᠨ ᠰᠢᠭᠦᠬᠦ ᠬᠣᠷᠢᠶᠠᠨ ᠤ᠋ ᠨᠠᠮ ᠤ᠋ᠨ ᠳᠤᠭᠤᠢᠯᠠᠩ ᠢ᠋ ᠲᠥᠯᠥᠭᠡᠯᠡᠨ ᠂ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠰᠠᠯᠪᠤᠷᠢ ᠠᠩᠭᠢ ᠶ᠋ᠢᠨ ᠲᠢᠩᠬᠢᠮ ᠦ᠋ᠨ ᠰᠢᠭᠦᠯᠲᠡ ᠶ᠋ᠢᠨ ᠪᠠᠲᠤᠯᠠᠭ᠎ᠠ ᠂ ᠬᠠᠪᠰᠤᠷᠤᠨ ᠭᠦᠢᠴᠡᠳᠬᠡᠬᠦ ᠂ ᠬᠢᠵᠢᠭ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠵᠡᠷᠭᠡ ᠲᠠᠯ᠎ᠠ ᠪᠠᠷ ᠣᠯᠤᠭᠰᠠᠨ ᠠᠮᠵᠢᠯᠲᠠ ᠳ᠋ᠤ᠌ ᠲᠠᠯᠠᠷᠬᠠᠵᠤ ᠪᠠᠢᠬᠤ ᠪᠠᠨ ᠢᠯᠡᠳᠬᠡᠪᠡ ᠃ ᠲᠡᠷᠡ ᠪᠡᠷ 《 ᠨᠠᠮ ᠳ᠋ᠤ᠌ ᠪᠠᠨ ᠦᠨᠡᠨᠴᠢ ᠪᠠᠢᠬᠤ ᠶ᠋ᠢ ᠴᠢᠰᠤᠨ ᠳ᠋ᠤ᠌ ᠠᠭᠤᠰᠭᠠᠵᠤ ᠂ 《 ᠠᠷᠠᠳ ᠲᠦᠮᠡᠨ ᠳ᠋ᠦ᠍ ᠦᠢᠯᠡᠴᠢᠯᠡᠬᠦ 》 ᠶ᠋ᠢ ᠵᠢᠷᠦᠬᠡᠨ ᠳ᠋ᠦ᠍ ᠪᠡᠨ ᠰᠠᠭᠤᠷᠢᠯᠠᠨ ᠂ 《 ᠬᠠᠤᠯᠢ ᠬᠡᠷᠡᠭᠵᠢᠭᠦᠯᠵᠦ ᠲᠥᠪ ᠰᠢᠳᠤᠷᠭᠤ ᠪᠠᠢᠬᠤ 》 ᠶ᠋ᠢ ᠦᠢᠯᠡᠳᠦᠯᠭᠡᠵᠢᠭᠦᠯᠵᠦ ᠂ 《 ᠬᠠᠲᠠᠭᠤ ᠰᠠᠬᠢᠯᠭ᠎ᠠ ᠪᠠᠲᠤ》 ᠶ᠋ᠢ ᠴᠠᠭᠳᠠᠭ᠎ᠠ ᠶ᠋ᠢᠨ ᠰᠦᠨᠡᠰᠦᠨ ᠳ᠋ᠦ᠍ ᠱᠤᠭᠤᠬᠤ ᠬᠡᠷᠡᠭᠲᠡᠢ ᠭᠡᠵᠦ ᠴᠢᠬᠤᠯᠠᠴᠢᠯᠠᠪᠠ ᠃ ᠨᠡᠩ ᠢᠯᠠᠩᠭᠤᠶ᠎ᠠ ᠣᠶᠤᠨ ᠰᠠᠨᠠᠭᠠᠨ ᠤ᠋ ᠳᠦᠷᠰᠦ ᠪᠠᠢᠳᠠᠯ ᠢ᠋ᠶ᠋ᠠᠷ ᠶᠠᠷᠢᠶᠠᠨ ᠤ᠋ ᠵᠣᠷᠢᠭ ᠰᠠᠨᠠᠭ᠎ᠠ ᠶ᠋ᠢ ᠦᠨᠡᠨ ᠬᠦ᠌ ᠪᠦᠷᠢᠨ ᠲᠣᠨᠣᠭᠯᠠᠬᠤ ᠮᠥᠷᠲᠡᠭᠡᠨ ᠰᠢᠨ᠎ᠡ ᠬᠠᠭᠤᠳᠠᠰᠤ ᠶ᠋ᠢ ᠪᠢᠴᠢᠭᠯᠡᠬᠦ ᠲᠠᠰᠤᠷᠠᠯᠲᠠ ᠦᠭᠡᠢ ᠬᠥᠳᠡᠯᠭᠡᠬᠦ ᠬᠦᠴᠦᠨ ᠪᠣᠯᠭᠠᠬᠤ ᠬᠡᠷᠡᠭᠲᠡᠢ ᠃ ᠲᠡᠮᠦᠷ ᠮᠡᠲᠦ ᠦᠵᠡᠯ ᠰᠠᠨᠠᠭ᠎ᠠ᠂ ᠢᠲᠡᠭᠡᠯ ᠦᠨᠡᠮᠱᠢᠯ᠂ ᠲᠡᠮᠦᠷ ᠮᠡᠲᠦ ᠬᠠᠷᠢᠭᠤᠴᠠᠯᠭ᠎ᠠ ᠡᠭᠦᠷᠭᠡᠯᠡᠬᠦ ᠂ ᠲᠡᠮᠦᠷ ᠶ᠋ᠢᠨ ᠤᠷ᠎ᠠ ᠴᠢᠳᠠᠪᠤᠷᠢ ᠂ ᠰᠠᠬᠢᠯᠭ᠎ᠠ ᠪᠠᠲᠤ ᠣᠪᠣᠷ ᠰᠤᠷᠲᠠᠯ ᠤ᠋ᠨ ᠥᠨᠳᠥᠷ ᠬᠡᠪ ᠴᠢᠨᠠᠷ ᠪᠦᠬᠦᠢ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠡᠩᠨᠡᠭᠡ ᠪᠣᠯᠬᠤ ᠪᠠᠷ ᠴᠢᠷᠮᠠᠢᠬᠤ ᠬᠡᠷᠡᠭᠲᠡᠢ ᠃
ᠦᠨᠡᠯᠡᠬᠦ 0ᠦᠨᠡᠯᠡᠯᠲᠡ᠎ᠲᠠᠢ