ᠣᠷᠳᠣᠰ ᠬᠣᠲᠠ ᠶ᠋ᠢᠨ ᠰᠢᠭᠦᠬᠦ ᠬᠣᠷᠢᠶᠠᠨ ᠤ᠋ ᠰᠢᠰᠲ᠋ᠧᠮ ᠦ᠋ᠨ ᠠᠩᠬᠠᠳᠤᠭᠠᠷ ᠬᠤᠭᠤᠴᠠᠭᠠᠨ ᠤ᠋ 《 ᠲᠢᠶᠠᠨ ᠫᠢᠩ ᠬᠤᠨᠳᠠᠭᠠᠲᠤ 》 ᠲᠠᠮᠢᠷ ᠤ᠋ᠨ ᠤᠷᠤᠯᠳᠤᠭᠠᠨ ᠦᠪᠡᠳᠡᠭᠰᠢ ᠶᠡᠬᠡᠪᠡᠷ ᠡᠬᠢᠯᠡᠪᠡ
2021.02.22 ᠲᠣᠰ ᠥᠷᠲᠡᠭᠡᠨ ᠦ ᠨᠠᠢᠷᠠᠭᠤᠯᠤᠭᠴᠢ

     70 ᠵᠢᠯ ᠡᠷᠡᠯᠬᠡᠭᠯᠡᠨ ᠲᠡᠮᠡᠴᠡᠵᠦ ᠭᠡᠷᠡᠯ ᠰᠠᠴᠤᠷᠠᠩᠭ᠋ᠤᠢ ᠠᠮᠵᠢᠯᠲᠠ ᠪᠦᠲᠦᠮᠵᠢ ᠣᠯᠵᠠᠢ ᠃ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠠᠢᠭᠤᠯᠤᠭᠳᠠᠭᠰᠠᠨ 70 ᠵᠢᠯ ᠦ᠋ᠨ ᠣᠢ ᠶ᠋ᠢ ᠪᠡᠯᠭᠡᠯᠡᠬᠦ ᠲᠠᠰᠢᠷᠠᠮ ᠳ᠋ᠤ᠌ 10 ᠰᠠᠷ᠎ᠠ ᠶ᠋ᠢᠨ 13 ᠤ᠋ ᠡᠳᠦᠷ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠠ᠋ᠴᠠ ᠭᠣᠣᠯᠯᠠᠨ ᠡᠷᠬᠢᠯᠡᠭᠰᠡᠨ ᠂ ᠡᠵᠡᠨ ᠬᠣᠷᠣᠭ᠎ᠠ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠳᠠᠭᠠᠭᠠᠴᠢᠯᠠᠨ ᠡᠷᠬᠢᠯᠡᠭᠰᠡᠨ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠰᠢᠰᠲ᠋ᠧᠮ ᠦ᠋ᠨ ᠠᠩᠬᠠᠳᠤᠭᠠᠷ ᠬᠤᠭᠤᠴᠠᠭᠠᠨ ᠤ᠋ 《ᠲᠢᠶᠠᠨ ᠫᠢᠩ ᠬᠤᠨᠳᠠᠭᠠᠲᠤ》 ᠲᠠᠮᠢᠷ ᠤ᠋ᠨ ᠴᠤᠭᠯᠠᠭᠠᠨ ᠡᠵᠡᠨ ᠬᠣᠷᠣᠭ᠎ᠠ ᠬᠤᠰᠢᠭᠤᠨ ᠳ᠋ᠤ᠌ ᠦᠪᠡᠳᠡᠭᠰᠢ ᠶᠡᠬᠡᠪᠡᠷ ᠡᠬᠢᠯᠡᠯ᠎ᠡ ᠃

 

     ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠳᠠᠷᠤᠭ᠎ᠠ ᠹᠠᠨ ᠢᠦ ᠡᠬᠢᠯᠡᠯᠲᠡ ᠶ᠋ᠢᠨ ᠦᠭᠡ ᠬᠡᠯᠡᠵᠡᠢ᠃

     ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠳᠡᠭᠡᠳᠦ ᠵᠡᠷᠭᠡ ᠶ᠋ᠢᠨ ᠰᠢᠭᠦᠬᠦ ᠬᠣᠷᠢᠶᠠᠨ ᠤ᠋ ᠬᠠᠤᠯᠢ ᠶ᠋ᠢᠨ ᠲᠤᠰᠢᠶᠠᠯᠲᠠᠨ ᠤ᠋ ᠨᠡᠢᠭᠡᠮᠯᠢᠭ ᠦ᠋ᠨ ᠨᠠᠷᠢᠨ ᠪᠢᠴᠢᠭ᠌ ᠦ᠋ᠨ ᠳᠠᠷᠤᠭ᠎ᠠ ᠯᠢᠦ ᠶᠦᠩ ᠱᠧᠩ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠡᠵᠡᠨ ᠬᠣᠷᠣᠭ᠎ᠠ ᠬᠤᠰᠢᠭᠤᠨ ᠤ᠋ ᠨᠠᠮ ᠤ᠋ᠨ ᠬᠣᠷᠢᠶᠠᠨ ᠤ᠋ ᠱᠦᠵᠢ ᠬᠤᠸᠠ ᠷᠦᠢ ᠹᠧᠩ ᠬᠣᠲᠠ ᠶ᠋ᠢᠨ ᠨᠠᠮ ᠤ᠋ᠨ ᠬᠣᠷᠢᠶᠠᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠬᠣᠷᠢᠶᠠᠨ ᠤ᠋ ᠳᠡᠳ᠋ ᠱᠦᠵᠢ ᠯᠢᠦᠢ ᠵᠢᠶᠦ᠋ᠨ ᠢ ᠬᠣᠲᠠ ᠶ᠋ᠢᠨ ᠤᠯᠤᠰ ᠤ᠋ᠨ ᠠᠮᠤᠷ ᠲᠦᠪᠰᠢᠨ ᠦ᠌ ᠲᠣᠪᠴᠢᠶᠠᠨ ᠤ᠋ ᠳᠡᠳ᠋ ᠳᠠᠷᠤᠭ᠎ᠠ ᠮᠧᠩ ᠴᠢᠩ ᠯᠢ ᠬᠣᠲᠠ ᠶ᠋ᠢᠨ ᠠᠷᠠᠳ ᠤ᠋ᠨ ᠪᠠᠢᠴᠠᠭᠠᠬᠤ ᠬᠣᠷᠢᠶᠠᠨ ᠤ᠋ ᠳᠡᠳ᠋ ᠳᠠᠷᠤᠭ᠎ᠠ ᠯᠢ ᠸᠧᠢ ᠳ᠋ᠦᠩ ᠬᠣᠲᠠ ᠶ᠋ᠢᠨ ᠳᠣᠲᠣᠭᠠᠳᠤ ᠶ᠋ᠢ ᠬᠠᠮᠠᠭᠠᠯᠠᠬᠤ ᠲᠣᠪᠴᠢᠶᠠᠨ ᠤ᠋ ᠳᠡᠳ᠋ ᠳᠠᠷᠤᠭ᠎ᠠ ᠦ᠋ ᠶᠦᠩ ᠫᠢᠩ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠡᠬᠢᠯᠡᠯᠲᠡ ᠶ᠋ᠢᠨ ᠶᠣᠰᠣᠯᠠᠯ ᠢ᠋ ᠡᠷᠬᠢᠯᠡᠵᠦ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠪᠦᠬᠦ ᠺᠠᠲᠠᠷ ᠴᠠᠭᠳᠠᠭ᠎ᠠ ᠂ ᠡᠯ᠎ᠡ ᠬᠣᠰᠢᠭᠤ ᠲᠣᠭᠣᠷᠢᠭ ᠤ᠋ᠨ ᠰᠢᠭᠦᠬᠦ ᠬᠣᠷᠢᠶ᠎ᠠ ᠶ᠋ᠢᠨ  ᠲᠠᠮᠢᠷᠴᠢᠳ ᠪᠠ  ᠠᠵᠢᠯᠲᠠᠳ ᠨᠡᠢᠲᠡ 700 ᠭᠠᠷᠤᠢ ᠬᠥᠮᠦᠨ ᠣᠷᠣᠯᠴᠠᠵᠠᠢ ᠃
 

     ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠭᠡᠰᠢᠭᠦᠨ᠂ ᠳᠡᠳ᠋ ᠳᠠᠷᠤᠭ᠎ᠠ ᠯᠢ ᠵᠢᠩ ᠭᠦᠸᠧ ᠡᠬᠢᠯᠡᠯᠲᠡ ᠶ᠋ᠢᠨ ᠶᠣᠰᠣᠯᠠᠯ ᠢ᠋ ᠡᠷᠬᠢᠯᠡᠵᠡᠢ ᠃
 

     ᠡᠵᠡᠨ ᠬᠣᠷᠣᠭ᠎ᠠ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠸᠠᠩ ᠯᠢᠶᠠᠩ ᠤᠭᠲᠤᠬᠤ ᠦᠭᠡ ᠬᠡᠯᠡᠪᠡ᠃

     ᠡᠬᠢᠯᠡᠯᠲᠡ ᠶ᠋ᠢᠨ ᠶᠣᠰᠣᠯᠠᠯ ᠳᠡᠭᠡᠷ᠎ᠡ ᠰᠦᠷ ᠵᠢᠪᠬᠤᠯᠠᠩ ᠲᠠᠢ《ᠲᠠᠮᠢᠷᠴᠢᠳ ᠤ᠋ᠨ ᠤᠷᠤᠭᠰᠢᠯᠠᠬᠤ ᠳᠠᠭᠤᠤ》 ᠶ᠋ᠢ ᠳᠠᠭᠠᠯᠳᠤᠨ ᠪᠦᠬᠦ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ 10 ᠲᠠᠮᠢᠷᠴᠢᠨ ᠤ᠋ ᠲᠥᠯᠥᠭᠡᠯᠡᠭᠴᠢᠳ ᠦ᠋ᠨ ᠡᠩᠨᠡᠭᠡ ᠂ ᠨᠢᠭᠡ ᠬᠢᠨᠠᠭᠴᠢ ᠶ᠋ᠢᠨ ᠵᠢᠭᠰᠠᠭᠠᠯ ᠤ᠋ᠨ ᠡᠩᠨᠡᠭᠡ ᠳᠠᠷᠠᠭᠠᠯᠠᠨ ᠬᠦᠴᠦᠲᠡᠢ ᠠᠯᠬᠤᠭ᠎ᠠ ᠪᠠᠷ ᠬᠤᠷᠠᠯ ᠤ᠋ᠨ ᠲᠠᠯᠠᠪᠠᠢ ᠳ᠋ᠤ᠌ ᠣᠷᠣᠪᠠ᠃ᠲᠡᠷᠢᠭᠦᠯᠡᠭᠴᠢ ᠶ᠋ᠢᠨ ᠲᠠᠪᠴᠠᠩ ᠢ᠋ᠶ᠋ᠠᠷ ᠳᠠᠮᠵᠢᠨ ᠡᠯ᠎ᠡ ᠲᠥᠯᠥᠭᠡᠯᠡᠭᠴᠢᠳ ᠦ᠋ᠨ ᠠᠩᠭᠢ ᠶ᠋ᠢᠨ ᠬᠢᠨ ᠡᠩᠨᠡᠭᠡ ᠲᠤᠭ ᠢ᠋ᠶ᠋ᠠᠨ ᠥᠨᠳᠥᠷ ᠡᠷᠭᠦᠵᠦ ᠂ ᠤᠷᠢᠶ᠎ᠠ ᠬᠠᠰᠬᠢᠷᠴᠤ ᠂ ᠵᠣᠷᠢᠭ ᠰᠠᠨᠠᠭᠠᠨ ᠤ᠋ ᠪᠠᠳᠠᠷᠠᠯ ᠢ᠋ᠶ᠋ᠠᠷ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠺᠠᠲᠠᠷ ᠴᠠᠭᠳᠠᠭ᠎ᠠ ᠪᠦᠯᠬᠦᠮᠳᠡᠨ ᠂ ᠡᠷᠡᠯᠬᠡᠭᠯᠡᠨ ᠤᠷᠤᠭᠰᠢᠯᠠᠬᠤ ᠵᠣᠷᠢᠭ ᠰᠠᠨᠠᠭᠠᠨ ᠤ᠋ ᠬᠡᠪ ᠨᠠᠮᠪᠠ ᠶ᠋ᠢ ᠭᠦᠢᠴᠡᠳ ᠢᠯᠡᠷᠡᠭᠦᠯᠪᠡ ᠃ ᠶᠣᠰᠣᠯᠠᠯ ᠤ᠋ᠨ ᠳᠠᠷᠠᠭ᠎ᠠ ᠰᠦᠷ ᠵᠢᠪᠬᠤᠯᠠᠩᠲᠤ ᠰᠦᠯᠳᠡ ᠳᠠᠭᠤᠤ ᠳᠣᠲᠣᠷ᠎ᠠ ᠲᠠᠪᠤᠨ ᠣᠳᠣᠲᠤ ᠤᠯᠠᠭᠠᠨ ᠲᠤᠭ ᠠᠯᠭᠤᠷᠬᠠᠨ  ᠮᠠᠨᠳᠤᠨ᠎ᠠ ᠃

     ᠲᠠᠮᠢᠷᠴᠢᠳ᠂ ᠬᠢᠨᠠᠭᠴᠢ ᠶ᠋ᠢᠨ ᠲᠥᠯᠥᠭᠡᠯᠡᠭᠴᠢᠳ ᠲᠥᠪ ᠴᠢᠩᠭ᠎ᠠ  ᠲᠠᠩᠭᠠᠷᠢᠭᠯᠠᠪᠠ᠃ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠰᠢᠰᠲ᠋ᠧᠮ ᠦ᠋ᠨ ᠠᠩᠬᠠᠳᠤᠭᠠᠷ ᠬᠤᠭᠤᠴᠠᠭᠠᠨ ᠤ᠋ 《 ᠲᠢᠶᠠᠨ ᠫᠢᠩ ᠬᠤᠨᠳᠠᠭᠠᠲᠤ 》 ᠲᠠᠮᠢᠷ ᠤ᠋ᠨ ᠤᠷᠤᠯᠳᠤᠭᠠᠨ ᠡᠬᠢᠯᠡᠭᠰᠡᠨ ᠢ᠋  ᠨᠡᠢᠲᠡᠯᠡᠪᠡ᠃
 

     ᠬᠢᠨᠠᠭᠴᠢ ᠶ᠋ᠢᠨ ᠲᠥᠯᠥᠭᠡᠯᠡᠭᠴᠢᠳ ᠦ᠋ᠨ ᠠᠩᠭᠢ
 

     ᠣᠷᠳᠣᠰ ᠬᠣᠲᠠ ᠶ᠋ᠢᠨ ᠠᠷᠠᠳ ᠶ᠋ᠢᠨ ᠳᠤᠮᠳᠠ ᠵᠡᠷᠭᠡ ᠶᠢᠨ ᠰᠢᠳᠬᠡᠬᠦ ᠬᠣᠷᠢᠶᠠᠨ ᠤ᠋ ᠲᠥᠯᠥᠭᠡᠯᠡᠭᠴᠢᠳ ᠦ᠋ᠨ ᠠᠩᠭᠢ

     ᠳ᠋ᠦᠩᠱᠧᠩ ᠲᠣᠭᠣᠷᠢᠭ ᠤ᠋ᠨ ᠠᠷᠠᠳ ᠶ᠋ᠢᠨ ᠰᠢᠭᠦᠬᠦ ᠬᠣᠷᠢᠶ᠎ᠠ ᠶ᠋ᠢᠨ ᠲᠥᠯᠥᠭᠡᠯᠡᠭᠴᠢᠳ ᠦ᠋ᠨ ᠠᠩᠭᠢ

     ᠳᠠᠯᠠᠳ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ᠎ᠠ ᠶ᠋ᠢᠨ ᠲᠥᠯᠥᠭᠡᠯᠡᠭᠴᠢᠳ ᠦ᠋ᠨ ᠠᠩᠭᠢ

     ᠵᠡᠭᠦᠨᠭᠠᠷ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ᠎ᠠ ᠶ᠋ᠢᠨ ᠲᠥᠯᠥᠭᠡᠯᠡᠭᠴᠢᠳ ᠦ᠋ᠨ ᠠᠩᠭᠢ

     ᠦᠦᠰᠢᠨ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ᠎ᠠ ᠶ᠋ᠢᠨ ᠲᠥᠯᠥᠭᠡᠯᠡᠭᠴᠢᠳ ᠦ᠋ᠨ ᠠᠩᠭᠢ

     ᠬᠠᠩᠭᠢᠨ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ᠎ᠠ ᠶ᠋ᠢᠨ ᠲᠥᠯᠥᠭᠡᠯᠡᠭᠴᠢᠳ ᠦ᠋ᠨ ᠠᠩᠭᠢ

     ᠣᠲᠣᠭ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ᠎ᠠ ᠶ᠋ᠢᠨ ᠲᠥᠯᠥᠭᠡᠯᠡᠭᠴᠢᠳ ᠦ᠋ᠨ ᠠᠩᠭᠢ

      ᠣᠲᠣᠭ ᠤ᠋ᠨ ᠡᠮᠦᠨᠡᠲᠦ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ᠎ᠠ ᠶ᠋ᠢᠨ ᠲᠥᠯᠥᠭᠡᠯᠡᠭᠴᠢᠳ ᠦ᠋ᠨ ᠠᠩᠭᠢ


      ᠬᠢᠶ᠎ᠡ ᠪᠠᠭᠰᠢ ᠲᠣᠭᠣᠷᠢᠭ ᠤ᠋ᠨ ᠠᠷᠠᠳ ᠶ᠋ᠢᠨ ᠰᠢᠭᠦᠬᠦ ᠬᠣᠷᠢᠶ᠎ᠠ ᠶ᠋ᠢᠨ ᠲᠥᠯᠥᠭᠡᠯᠡᠭᠴᠢᠳ ᠦ᠋ᠨ ᠠᠩᠭᠢ

     ᠡᠵᠡᠨ ᠬᠣᠷᠣᠭ᠎ᠠ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ᠎ᠠ ᠶ᠋ᠢᠨ ᠲᠥᠯᠥᠭᠡᠯᠡᠭᠴᠢ ᠶ᠋ᠢᠨ ᠠᠩᠭᠢ


 

     ᠲᠤᠰ ᠤᠳᠠᠭᠠᠨ ᠤ᠋ ᠲᠠᠮᠢᠷ ᠤ᠋ᠨ ᠴᠤᠭᠯᠠᠭᠠᠨ ᠨᠢ 4 ᠡᠳᠦᠷ ᠦ᠋ᠨ ᠬᠤᠭᠤᠴᠠᠭ᠎ᠠ ᠲᠠᠢ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠰᠢᠰᠲ᠋ᠧᠮ ᠦ᠋ᠨ 600 ᠭᠠᠷᠤᠢ  ᠲᠠᠮᠢᠷᠴᠢᠳ ᠠᠯᠠᠭᠠᠳᠠᠬᠤ ᠪᠥᠮᠪᠥᠭᠡ ᠂ ᠥᠲᠥᠨ ᠪᠥᠮᠪᠥᠭᠡ ᠂ ᠫᠢᠩᠫᠠᠩ ᠪᠥᠮᠪᠥᠭᠡ ᠂ ᠮᠡᠯᠡᠬᠡᠢ ᠤᠮᠪᠠᠯᠲᠠ ᠂ ᠳᠡᠭᠡᠰᠦ ᠲᠠᠲᠠᠬᠤ ᠂ ᠬᠡᠭᠡᠷᠡᠯᠡᠬᠦ ᠵᠡᠷᠭᠡ 15 ᠲᠥᠷᠥᠯ ᠵᠦᠢᠯ ᠦ᠋ᠨ ᠥᠷᠢᠰᠥᠯᠳᠦᠭᠡᠨ ᠳ᠋ᠦ᠍ ᠣᠷᠣᠯᠴᠠᠬᠤ ᠪᠣᠯᠤᠨ᠎ᠠ ᠃

     ᠠᠮᠢ ᠨᠠᠰᠤ ᠬᠥᠳᠡᠯᠭᠡᠭᠡᠨ ᠡᠴᠡ ᠪᠣᠯᠵᠤ ᠭᠣᠢᠳᠠ ᠰᠠᠢᠬᠠᠨ  ᠪᠣᠯᠵᠤ᠂ ᠬᠦᠰᠡᠯ ᠡᠷᠡᠮᠡᠯᠵᠡᠯ ᠨᠢ ᠲᠡᠮᠡᠴᠡᠯᠳᠦᠭᠡᠨ ᠡᠴᠡ ᠡᠷᠬᠢᠮ ᠳᠡᠭᠡᠳᠦ ᠪᠣᠯᠵᠠᠢ ᠃ 2020 ᠣᠨ ᠡᠢᠮᠦᠷᠬᠦ ᠣᠨᠴᠠᠭᠠᠢ ᠤᠳᠬ᠎ᠠ ᠠᠭᠤᠯᠭ᠎ᠠ ᠲᠠᠢ ᠵᠢᠯ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠰᠢᠰᠲ᠋ᠧᠮ ᠦ᠋ᠨ ᠠᠩᠬᠠᠳᠤᠭᠠᠷ ᠬᠤᠭᠤᠴᠠᠭᠠᠨ ᠤ᠋ 《 ᠲᠢᠶᠠᠨ ᠫᠢᠩ ᠬᠤᠨᠳᠠᠭᠠᠲᠤ》 ᠲᠠᠮᠢᠷ ᠤ᠋ᠨ ᠴᠤᠭᠯᠠᠭᠠᠨ ᠨᠢ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠰᠢᠰᠲ᠋ᠧᠮ ᠳ᠋ᠦ᠍ ᠮᠠᠷᠲᠠᠭᠳᠠᠰᠢ ᠦᠭᠡᠢ ᠂ ᠭᠣᠢᠳᠠ ᠰᠠᠢᠬᠠᠨ ᠡᠷᠭᠢᠴᠡᠭᠦᠯᠦᠯ ᠦᠯᠡᠳᠡᠭᠡᠵᠦ ᠥᠭᠬᠦ ᠨᠢ ᠳᠠᠮᠵᠢᠭ ᠦᠭᠡᠢ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )