ᠬᠠᠤᠯᠢ ᠪᠠᠷ ᠵᠠᠰᠠᠬᠤ ᠬᠣᠷᠢᠭ᠎ᠠ ᠱᠤᠭᠤᠮ ᠢ᠋ᠶ᠋ᠠᠷ ᠠᠮᠢ ᠠᠬᠤᠢ ᠶ᠋ᠢᠨ ᠨᠣᠭᠣᠭᠠᠨ ᠱᠤᠭᠤᠮ ᠢ ᠬᠠᠮᠠᠭᠠᠯᠠᠯ᠎ᠠ — ᠣᠷᠳᠣᠰ ᠬᠣᠲᠠ ᠶ᠋ᠢᠨ ᠬᠠᠲᠤᠨ ᠭᠣᠣᠯ ᠤ᠋ᠨ ᠰᠠᠪᠠ ᠭᠠᠵᠠᠷ ᠤ᠋ᠨ ᠣᠷᠴᠢᠨ ᠲᠣᠭᠣᠷᠢᠨ ᠤ᠋ ᠡᠬᠢ ᠪᠠᠶᠠᠯᠢᠭ ᠤ᠋ᠨ ᠬᠠᠤᠯᠢ ᠴᠠᠭᠠᠵᠠ ᠶ᠋ᠢᠨ ᠬᠠᠮᠠᠭᠠᠯᠠᠯᠲᠠ ᠶ᠋ᠢᠨ ᠠᠵᠢᠯ ᠢ ᠠᠬᠢᠭᠤᠯᠬᠤ ᠬᠤᠷᠠᠯ ᠬᠠᠩᠭᠢᠨ ᠬᠣᠰᠢᠭᠤ ᠳ᠋ᠤ᠌ ᠬᠤᠷᠠᠯᠳᠤᠪᠠ
2021.02.23 ᠲᠣᠰ ᠥᠷᠲᠡᠭᠡᠨ᠎ᠦ ᠨᠠᠢᠷᠠᠭᠤᠯᠤᠭᠴᠢ

     ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠭᠦᠨᠵᠡᠭᠡᠢ ᠰᠤᠷᠤᠯᠴᠠᠬᠤ ᠶ᠋ᠢᠨ ᠲᠤᠰᠠᠳᠠ ᠂  ᠰᠢ ᠵᠢᠨ ᠫᠢᠩ ᠦ᠋ᠨ ᠬᠠᠲᠤᠨ ᠭᠣᠣᠯ ᠤ᠋ᠨ ᠰᠠᠪᠠ ᠭᠠᠵᠠᠷ ᠤ᠋ᠨ ᠠᠮᠢ ᠠᠬᠤᠢ ᠶ᠋ᠢ ᠬᠠᠮᠠᠭᠠᠯᠠᠬᠤ ᠪᠠ ᠴᠢᠨᠠᠷ ᠰᠠᠢᠲᠠᠢ ᠬᠥᠭᠵᠢᠭᠦᠯᠬᠦ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠶ᠋ᠢ ᠤᠯᠠᠮ ᠨᠢᠭᠡ ᠠᠯᠬᠤᠮ ᠲᠤᠤᠱᠯᠠᠭᠤᠯᠤᠨ ᠨᠠᠢᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ ᠤ᠋ ᠭᠣᠣ ᠶᠤᠸᠠᠨ ᠬᠠᠲᠤᠨ ᠭᠣᠣᠯ ᠤ᠋ᠨ ᠰᠠᠪᠠ ᠭᠠᠵᠠᠷ ᠤ᠋ᠨ ᠣᠷᠴᠢᠨ ᠲᠣᠭᠣᠷᠢᠨ ᠤ᠋ ᠡᠬᠢ ᠪᠠᠶᠠᠯᠢᠭ ᠢ᠋ ᠬᠠᠤᠯᠢ ᠴᠠᠭᠠᠵᠠ ᠶ᠋ᠢᠨ ᠬᠠᠮᠠᠭᠠᠯᠠᠯᠲᠠ ᠶ᠋ᠢᠨ ᠠᠵᠢᠯ ᠤ᠋ᠨ ᠪᠠᠢᠷᠢᠯᠠᠭᠤᠯᠤᠯᠲᠠ ᠶᠣᠰᠣᠭᠠᠷ 10 ᠰᠠᠷ᠎ᠠ ᠶ᠋ᠢᠨ 22  ᠤ᠋ ᠡᠳᠦᠷ ᠡᠴᠡ 23  ᠤ᠋ ᠡᠳᠦᠷ ᠪᠣᠯᠲᠠᠯ᠎ᠠ ᠣᠷᠴᠢᠨ ᠲᠣᠭᠣᠷᠢᠨ ᠢ᠋ ᠬᠠᠮᠠᠭᠠᠯᠠᠬᠤ ᠠᠵᠢᠯ ᠢ᠋ ᠪᠠᠢᠷᠢᠯᠠᠭᠤᠯᠪᠠ ᠃

     ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠳᠡᠭᠡᠳᠦ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠣᠷᠴᠢᠨ ᠲᠣᠭᠣᠷᠢᠨ ᠤ᠋ ᠡᠬᠢ ᠪᠠᠶᠠᠯᠢᠭ ᠤ᠋ᠨ ᠰᠢᠭᠦᠨ ᠲᠠᠰᠤᠯᠬᠤ ᠲᠢᠩᠬᠢᠮ ᠦ᠋ᠨ ᠳᠠᠷᠤᠭ᠎ᠠ ᠦ᠋ ᠰᠢᠦᠸᠠᠢ ᠳ᠋ᠦᠩ ᠂ ᠣᠷᠳᠣᠰ ᠬᠣᠲᠠ ᠶ᠋ᠢᠨ ᠢ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠳᠡᠳ᠋ ᠳᠠᠷᠤᠭ᠎ᠠ ᠯᠢ ᠮᠧᠢ ᠷᠦᠩ ᠂ ᠬᠠᠩᠭᠢᠨ ᠬᠤᠰᠢᠭᠤᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠳᠡᠳ᠋ ᠬᠤᠰᠢᠭᠤᠨ ᠳᠠᠷᠤᠭ᠎ᠠ ᠠᠯᠳᠠᠠᠪᠠᠭᠠᠲᠤᠷ ᠡᠯ᠎ᠡ ᠬᠣᠰᠢᠭᠤ ᠲᠣᠭᠣᠷᠢᠭ ᠤ᠋ᠨ ᠠᠷᠠᠳ ᠤ᠋ᠨ ᠰᠢᠭᠦᠬᠦ ᠬᠣᠷᠢᠶ᠎ᠠ ᠶ᠋ᠢᠨ ᠳᠠᠷᠤᠭ᠎ᠠ ᠂ ᠬᠤᠪᠢᠳᠠᠨ ᠬᠠᠮᠢᠶᠠᠷᠬᠤ ᠳᠡᠳ᠋ ᠬᠣᠷᠢᠶᠠᠨ ᠳᠠᠷᠤᠭ᠎ᠠ ᠂ ᠰᠢᠭᠦᠨ ᠲᠠᠰᠤᠯᠬᠤ ᠵᠥᠪᠯᠡᠯ ᠦ᠋ᠨ ᠲᠤᠰᠬᠠᠢ ᠵᠥᠪᠯᠡᠯ ᠦ᠋ᠨ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠲᠠᠷᠢᠶᠠᠯᠠᠩ ᠮᠠᠯ ᠠᠵᠤ ᠠᠬᠤᠢ ᠪᠠ ᠡᠬᠢ ᠪᠠᠶᠠᠯᠢᠭ ᠤ᠋ᠨ ᠬᠠᠮᠲᠤᠷᠠᠨ ᠵᠥᠪᠯᠡᠬᠦ ᠲᠢᠩᠬᠢᠮ ᠦ᠋ᠨ ᠪᠦᠬᠦ  ᠺᠠᠲᠠᠷ ᠴᠠᠭᠳᠠᠭ᠎ᠠ ᠂ ᠡᠯ᠎ᠡ ᠬᠣᠰᠢᠭᠤ ᠲᠣᠭᠣᠷᠢᠭ ᠤ᠋ᠨ ᠰᠢᠭᠦᠬᠦ ᠬᠣᠷᠢᠶ᠎ᠠ ᠶ᠋ᠢᠨ ᠣᠷᠴᠢᠨ ᠲᠣᠭᠣᠷᠢᠨ ᠢ᠋ ᠬᠠᠷᠢᠭᠤᠴᠠᠨ᠎ᠠ ᠃ ᠥᠪᠡᠷᠲᠡᠭᠡᠨ ᠵᠠᠰᠠᠬᠤ ᠣᠷᠣᠨ ᠤ᠋ ᠬᠡᠰᠡᠭ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ ᠂ ᠤᠯᠤᠰ ᠲᠥᠷᠥ ᠶ᠋ᠢᠨ ᠵᠥᠪᠯᠡᠯᠭᠡᠨ ᠦ᠌ ᠭᠡᠰᠢᠭᠦᠨ ᠤᠷᠢᠯᠭ᠎ᠠ ᠪᠠᠷ ᠬᠤᠷᠠᠯ ᠳ᠋ᠤ᠌ ᠣᠷᠣᠯᠴᠠᠪᠠ ᠃

     ᠲᠤᠰ ᠤᠳᠠᠭᠠᠨ ᠤ᠋ ᠠᠬᠢᠭᠤᠯᠬᠤ ᠬᠤᠷᠠᠯ ᠤ᠋ᠨ ᠵᠣᠷᠢᠯᠭ᠎ᠠ ᠪᠣᠯ ᠪᠥᠬᠥ ᠬᠣᠲᠠ ᠶ᠋ᠢᠨ ᠬᠠᠲᠤᠨ ᠭᠣᠣᠯ ᠤ᠋ᠨ ᠰᠠᠪᠠ ᠭᠠᠵᠠᠷ ᠤ᠋ᠨ ᠣᠷᠴᠢᠨ ᠲᠣᠭᠣᠷᠢᠨ ᠤ᠋ ᠡᠬᠢ ᠪᠠᠶᠠᠯᠢᠭ ᠤ᠋ᠨ ᠬᠠᠤᠯᠢ ᠴᠠᠭᠠᠵᠠ ᠶ᠋ᠢᠨ ᠬᠠᠮᠠᠭᠠᠯᠠᠯᠲᠠ ᠶ᠋ᠢᠨ ᠠᠵᠢᠯ ᠤ᠋ᠨ ᠦᠷ᠎ᠡ ᠪᠦᠲᠦᠭᠡᠯ ᠢ᠋ ᠰᠣᠯᠢᠯᠴᠠᠨ ᠳ᠋ᠦᠩᠨᠡᠬᠦ  ᠪᠣᠯᠤᠨ᠎ᠠ ᠃

     ᠬᠤᠷᠠᠯ ᠳᠡᠭᠡᠷ᠎ᠡ ᠡᠦ ᠰᠢᠦᠸᠠᠢ ᠳ᠋ᠦᠩ ᠣᠳᠣᠬᠠᠨ ᠤ᠋ ᠣᠷᠴᠢᠨ ᠲᠣᠭᠣᠷᠢᠨ ᠤ᠋ ᠬᠠᠮᠠᠭᠠᠯᠠᠯᠲᠠ ᠶ᠋ᠢᠨ ᠲᠥᠷᠥᠯ ᠦ᠋ᠨ ᠬᠡᠷᠡᠭ ᠢ᠋ ᠰᠢᠭᠦᠨ ᠲᠠᠰᠤᠯᠬᠤ ᠶᠠᠪᠤᠴᠠ ᠳ᠋ᠤ᠌ ᠣᠷᠣᠰᠢᠵᠤ ᠪᠠᠢᠭ᠎ᠠ ᠠᠰᠠᠭᠤᠳᠠᠯ ᠢ᠋ ᠣᠯᠠᠨ ᠳ᠋ᠤ᠌ ᠨᠡᠢᠲᠡᠯᠡᠭᠰᠡᠨ ᠦ᠌ ᠬᠠᠮᠲᠤ ᠳᠠᠷᠠᠭᠠᠴᠢ ᠶ᠋ᠢᠨ ᠠᠯᠬᠤᠮ ᠳ᠋ᠤ᠌ ᠬᠠᠲᠤᠨ ᠭᠣᠣᠯ ᠳᠠᠭᠠᠤ ᠰᠠᠪᠠ ᠭᠠᠵᠠᠷ ᠤ᠋ᠨ ᠠᠮᠢ ᠠᠬᠤᠢ ᠶ᠋ᠢᠨ ᠣᠷᠴᠢᠨ ᠲᠣᠭᠣᠷᠢᠨ ᠢ᠋ ᠬᠠᠮᠠᠭᠠᠯᠠᠬᠤ ᠪᠠ ᠣᠷᠴᠢᠨ ᠲᠣᠭᠣᠷᠢᠨ ᠢ᠋ ᠬᠠᠮᠠᠭᠠᠯᠠᠬᠤ ᠲᠤᠬᠠᠢ ᠰᠠᠨᠠᠯ ᠰᠠᠨᠠᠭᠤᠯᠭ᠎ᠠ ᠳᠤᠷᠠᠳᠴᠠᠢ ᠃

     ᠯᠢ ᠮᠧᠢ ᠷᠦᠩ ᠪᠦᠬᠦ ᠬᠣᠲᠠ ᠶ᠋ᠢᠨ ᠬᠠᠲᠤᠨ ᠭᠣᠣᠯ ᠳᠠᠭᠠᠤ ᠰᠠᠪᠠ ᠭᠠᠵᠠᠷ ᠤ᠋ᠨ ᠣᠷᠴᠢᠨ ᠲᠣᠭᠣᠷᠢᠨ ᠤ᠋ ᠡᠬᠢ ᠪᠠᠶᠠᠯᠢᠭ ᠤ᠋ᠨ ᠬᠠᠤᠯᠢ ᠴᠠᠭᠠᠵᠠ ᠶ᠋ᠢᠨ ᠬᠠᠮᠠᠭᠠᠯᠠᠯᠲᠠ ᠶ᠋ᠢᠨ ᠠᠵᠢᠯ ᠳ᠋ᠤ᠌ ᠳ᠋ᠦᠩᠨᠡᠯᠲᠡ ᠬᠢᠭᠰᠡᠨ ᠦ᠌ ᠬᠠᠮᠲᠤ ᠳᠠᠷᠠᠭᠠᠴᠢ ᠶ᠋ᠢᠨ ᠠᠯᠬᠤᠮ ᠤ᠋ᠨ ᠠᠵᠢᠯ ᠳ᠋ᠤ᠌ ᠱᠠᠭᠠᠷᠳᠠᠯᠭ᠎ᠠ ᠳᠤᠷᠠᠳᠴᠠᠢ ᠃ ᠨᠢᠭᠡ ᠳ᠋ᠦ᠍ ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ ᠂ ᠬᠠᠲᠤᠨ ᠭᠣᠣᠯ ᠤ᠋ᠨ ᠰᠠᠪᠠ ᠭᠠᠵᠠᠷ ᠤ᠋ᠨ ᠣᠷᠴᠢᠨ ᠲᠣᠭᠣᠷᠢᠨ ᠤ᠋ ᠡᠬᠢ ᠪᠠᠶᠠᠯᠢᠭ ᠤ᠋ᠨ ᠬᠠᠤᠯᠢ ᠴᠠᠭᠠᠵᠠ ᠶ᠋ᠢᠨ ᠬᠠᠮᠠᠭᠠᠯᠠᠯᠲᠠ ᠶ᠋ᠢᠨ ᠴᠢᠬᠤᠯᠠ ᠴᠢᠨᠠᠷ ᠢ᠋ ᠭᠦᠢᠴᠡᠳ ᠲᠠᠨᠢᠭᠰᠠᠨ ᠪᠠᠢᠬᠤ ᠬᠡᠷᠡᠭᠲᠡᠢ ᠃ ᠬᠣᠶᠠᠷ ᠲᠤ᠌᠂ ᠬᠠᠤᠯᠢ ᠶᠣᠰᠣᠭᠠᠷ ᠡᠭᠦᠷᠭᠡ ᠲᠤᠰᠢᠶᠠᠯ ᠢ᠋ᠶ᠋ᠠᠨ ᠭᠦᠢᠴᠡᠳᠬᠡᠵᠦ ᠨᠤᠲᠤᠭ ᠳᠡᠪᠢᠰᠬᠡᠷ ᠢ᠋ᠶ᠋ᠡᠨ ᠰᠠᠬᠢᠨ᠂ ᠬᠠᠷᠢᠭᠤᠴᠠᠯᠭ᠎ᠠ ᠪᠠᠨ ᠭᠦᠢᠴᠡᠳᠬᠡᠵᠦ ᠬᠠᠲᠤᠨ ᠭᠣᠣᠯ ᠤ᠋ᠨ ᠰᠠᠪᠠ ᠭᠠᠵᠠᠷ ᠤ᠋ᠨ ᠣᠷᠴᠢᠨ ᠲᠣᠭᠣᠷᠢᠨ ᠤ᠋ ᠬᠠᠤᠯᠢ ᠴᠠᠭᠠᠵᠠ ᠶ᠋ᠢᠨ ᠬᠠᠮᠠᠭᠠᠯᠠᠯᠲᠠ ᠶ᠋ᠢᠨ ᠨᠢᠭᠡᠳᠦᠯᠲᠦ ᠴᠢᠨᠠᠷ ᠪᠠ ᠵᠥᠷᠢᠶᠡᠲᠦ ᠴᠢᠨᠠᠷ ᠢ᠋ ᠦᠨᠡᠨ ᠬᠦ᠌ ᠴᠢᠩᠭᠠᠳᠬᠠᠨ᠎ᠠ ᠃ ᠭᠤᠷᠪᠠ ᠳ᠋ᠤ᠌᠂ ᠬᠠᠮᠵᠢᠯᠴᠠᠨ ᠵᠠᠰᠠᠵᠤ ᠬᠠᠲᠤᠨ ᠭᠣᠣᠯ ᠤ᠋ᠨ ᠰᠠᠪᠠ ᠭᠠᠵᠠᠷ ᠤ᠋ᠨ ᠠᠮᠢ ᠠᠬᠤᠢ ᠶ᠋ᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ ᠨᠡᠢᠯᠡᠮᠡᠯ ᠬᠦᠴᠦᠨ ᠢ᠋ ᠪᠦᠷᠢᠯᠳᠦᠭᠦᠯᠬᠦ ᠬᠡᠷᠡᠭᠲᠡᠢ ᠃

     ᠬᠠᠩᠭᠢᠨ ᠬᠤᠰᠢᠭᠤᠨ ᠤ᠋ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ᠬᠣᠷᠢᠶᠠᠨ ᠳᠠᠷᠤᠭ᠎ᠠ ᠵᠠᠩ ᠶᠢᠨ ᠯᠢᠶᠠᠩ ᠶᠠᠷᠢᠶ᠎ᠠ ᠲᠠᠯᠪᠢᠵᠠᠢ᠃

     ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠲᠠᠷᠢᠶᠠᠯᠠᠩ ᠮᠠᠯ ᠠᠵᠤ ᠠᠬᠤᠢ ᠪᠣᠯᠤᠨ ᠣᠷᠴᠢᠨ ᠲᠣᠭᠣᠷᠢᠨ ᠤ᠋ ᠬᠠᠮᠠᠭᠠᠯᠠᠯᠲᠠ ᠶ᠋ᠢᠨ ᠬᠠᠮᠲᠤᠷᠠᠨ ᠵᠥᠪᠯᠡᠬᠦ ᠲᠢᠩᠬᠢᠮ ᠦ᠋ᠨ ᠳᠠᠷᠤᠭ᠎ᠠ  ᠬᠤᠸᠠᠩ ᠲᠤᠶᠠᠭ᠎ᠠ ᠬᠤᠷᠠᠯ ᠢ᠋ ᠡᠷᠬᠢᠯᠡᠪᠡ᠃

     ᠬᠤᠷᠠᠯ ᠳᠡᠭᠡᠷ᠎ᠡ ᠬᠠᠲᠤᠨ ᠭᠣᠣᠯ ᠤ᠋ᠨ ᠰᠠᠪᠠ ᠭᠠᠵᠠᠷ ᠤ᠋ᠨ ᠬᠠᠷᠢᠶ᠎ᠠ ᠲᠣᠭᠣᠷᠢᠭ ᠤ᠋ᠨ ᠳᠠᠯᠠᠳ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠂ ᠵᠡᠭᠦᠨᠭᠠᠷ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠂ ᠣᠲᠣᠭ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠂ ᠬᠠᠩᠭᠢᠨ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠬᠠᠲᠤᠨ ᠭᠣᠣᠯ ᠤ᠋ᠨ ᠰᠠᠪᠠ ᠭᠠᠵᠠᠷ ᠤ᠋ᠨ ᠣᠷᠴᠢᠨ ᠲᠣᠭᠣᠷᠢᠨ ᠤ᠋ ᠡᠬᠢ ᠪᠠᠶᠠᠯᠢᠭ ᠤ᠋ᠨ ᠬᠠᠤᠯᠢ ᠴᠠᠭᠠᠵᠠ ᠶ᠋ᠢᠨ ᠬᠠᠮᠠᠭᠠᠯᠠᠯᠲᠠ ᠶ᠋ᠢᠨ ᠠᠵᠢᠯ ᠤ᠋ᠨ ᠪᠠᠢᠳᠠᠯ ᠂ ᠣᠢᠷ᠎ᠠ ᠶ᠋ᠢᠨ ᠭᠤᠷᠪᠠᠨ ᠵᠢᠯ ᠦ᠋ᠨ ᠲᠤᠷᠰᠢᠬᠢ ᠣᠷᠴᠢᠨ ᠲᠣᠭᠣᠷᠢᠨ ᠤ᠋ ᠡᠬᠢ ᠪᠠᠶᠠᠯᠢᠭ ᠤ᠋ᠨ ᠰᠢᠭᠦᠨ ᠲᠠᠰᠤᠯᠤᠯᠲᠠ ᠶ᠋ᠢᠨ ᠠᠵᠢᠯ ᠤ᠋ᠨ ᠲᠤᠬᠠᠢ ᠲᠤᠰᠬᠠᠢ ᠰᠡᠳᠦᠪᠲᠦ ᠬᠠᠷᠢᠭᠤ ᠮᠡᠳᠡᠭᠦᠯᠦᠯᠲᠡ ᠬᠢᠵᠦ ᠂ ᠪᠤᠰᠤᠳ ᠬᠣᠰᠢᠭᠤ ᠲᠣᠭᠣᠷᠢᠭ ᠤ᠋ᠨ ᠠᠷᠠᠳ ᠤ᠋ᠨ ᠰᠢᠭᠦᠬᠦ ᠬᠣᠷᠢᠶ᠎ᠠ ᠳ᠋ᠤ᠌ ᠣᠷᠴᠢᠨ ᠲᠣᠭᠣᠷᠢᠨ ᠤ᠋ ᠡᠬᠢ ᠪᠠᠶᠠᠯᠢᠭ ᠤ᠋ᠨ ᠬᠢᠨᠠᠨ ᠲᠠᠰᠤᠯᠤᠯᠲᠠ ᠬᠢᠭᠰᠡᠨ ᠪᠠᠢᠨ᠎ᠠ ᠃ ᠬᠤᠷᠠᠯ ᠠ᠋ᠴᠠ 《ᠬᠠᠲᠤᠨ ᠭᠣᠣᠯ ᠤ᠋ᠨ ᠰᠠᠪᠠ ᠭᠠᠵᠠᠷ ᠤ᠋ᠨ ᠠᠮᠢ ᠠᠬᠤᠢ ᠶ᠋ᠢᠨ ᠬᠠᠮᠠᠭᠠᠯᠠᠯᠲᠠ ᠪᠠ ᠥᠨᠳᠥᠷ ᠶᠠᠰᠤ ᠴᠢᠨᠠᠷ ᠤ᠋ᠨ ᠬᠥᠭᠵᠢᠯᠲᠡ ᠳ᠋ᠦ᠍ ᠬᠠᠤᠯᠢ ᠴᠠᠭᠠᠵᠠ ᠶ᠋ᠢᠨ ᠦᠢᠯᠡᠴᠢᠯᠡᠭᠡ ᠪᠠ ᠪᠠᠲᠤᠯᠠᠭ᠎ᠠ ᠬᠠᠩᠭᠠᠬᠤ ᠲᠤᠬᠠᠢ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠰᠠᠨᠠᠯ ᠤ᠋ᠨ ᠲᠤᠬᠠᠢ ᠶᠠᠷᠢᠯᠴᠠᠬᠤ ᠨᠣᠣᠷᠠᠭ》 ᠢ᠋ ᠶᠠᠷᠢᠯᠴᠠᠨ ᠪᠠᠲᠤᠯᠠᠪᠠ ᠃

     10  ᠳ᠋ᠤᠭᠠᠷ ᠰᠠᠷ᠎ᠠ ᠶ᠋ᠢᠨ 23  ᠤ᠋ ᠡᠳᠦᠷ ᠣᠷᠳᠣᠰ ᠬᠣᠲᠠ ᠶ᠋ᠢᠨ ᠬᠥᠪᠴᠢ ᠶ᠋ᠢᠨ ᠠᠮᠢ ᠠᠬᠤᠢ ᠶ᠋ᠢᠨ ᠣᠷᠴᠢᠨ ᠲᠣᠭᠣᠷᠢᠨ ᠤ᠋ ᠬᠠᠤᠯᠢ ᠴᠠᠭᠠᠵᠠ ᠶ᠋ᠢᠨ ᠬᠠᠮᠠᠭᠠᠯᠠᠯᠲᠠ ᠶ᠋ᠢᠨ ᠦᠢᠯᠡᠳᠦᠯᠭᠡ ᠬᠢᠵᠦ ᠰᠢᠨ᠎ᠡ ᠶ᠋ᠢ ᠡᠭᠦᠳᠬᠦ ᠰᠠᠭᠤᠷᠢᠨ ᠭᠠᠵᠠᠷ ᠤ᠋ᠨ ᠫᠠᠢᠰᠠ ᠰᠡᠬᠦᠬᠦ ᠶᠣᠰᠣᠯᠠᠯ ᠬᠠᠩᠭᠢᠨ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠶ᠋ᠢᠨ ᠵᠤᠭᠠᠴᠠᠯ ᠤ᠋ᠨ ᠲᠣᠭᠣᠷᠢᠨ ᠰᠢᠭᠦᠨ ᠲᠠᠰᠤᠯᠬᠤ ᠴᠡᠭ ᠲᠦ᠍ ᠶᠠᠪᠤᠭᠳᠠᠪᠠ ᠃ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠰᠠᠬᠢᠯᠭ᠎ᠠ ᠪᠠᠲᠤ ᠬᠢᠨᠠᠨ ᠪᠠᠢᠴᠠᠭᠠᠬᠤ ᠳᠤᠭᠤᠢᠯᠠᠩ ᠤ᠋ᠨ ᠳᠠᠷᠤᠭ᠎ᠠ ᠪᠠᠢ ᠯᠠᠨ ᠵᠣ᠌ ᠶᠣᠰᠣᠯᠠᠯ ᠳ᠋ᠤ᠌ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ ᠃

     ᠫᠠᠢᠰᠠ ᠰᠡᠬᠦᠬᠦ ᠶᠣᠰᠣᠯᠠᠯ ᠤ᠋ᠨ ᠳᠠᠷᠠᠭ᠎ᠠ ᠪᠦᠬᠦ ᠭᠡᠰᠢᠭᠦᠳ ᠡᠯᠡᠰᠦ ᠮᠠᠩᠬ᠎ᠠ᠂ ᠠᠮᠢ ᠠᠬᠤᠢ ᠶ᠋ᠢ ᠶᠡᠷᠦᠩᠬᠡᠢᠯᠡᠨ ᠵᠠᠰᠠᠬᠤ ᠲᠥᠷᠥᠯ ᠵᠦᠢᠯ ᠦ᠋ᠨ ᠣᠷᠣᠨ ᠂ ᠪᠠᠯᠭᠤᠨ ᠤ᠋ ᠰᠠᠨ ᠱᠧᠩ ᠬᠦᠩ ᠬᠠᠲᠤᠨ ᠭᠣᠣᠯ ᠤ᠋ᠨ ᠤᠰᠤᠨ ᠠᠰᠢᠭᠯᠠᠯᠲᠠ ᠶ᠋ᠢᠨ ᠲᠥᠪ ᠦ᠋ᠨ ᠪᠠᠷᠢᠯᠭ᠎ᠠ ᠂ ᠬᠠᠩᠭᠢᠨ ᠬᠤᠰᠢᠭᠤᠨ ᠤ᠋ ᠲᠠᠯ᠎ᠠ ᠨᠤᠲᠤᠭ ᠤ᠋ᠨ ᠠᠮᠢ ᠠᠬᠤᠢ ᠶ᠋ᠢᠨ ᠬᠠᠮᠠᠭᠠᠯᠠᠯᠲᠠ ᠶ᠋ᠢᠨ ᠰᠡᠷᠡᠮᠵᠢ ᠶ᠋ᠢᠨ ᠬᠥᠮᠦᠵᠢᠯ ᠦ᠋ᠨ ᠰᠠᠭᠤᠷᠢᠨ ᠭᠠᠵᠠᠷ ᠵᠡᠷᠭᠡ ᠠᠵᠢᠯ ᠪᠠᠢᠴᠠᠭᠠᠪᠠ᠃

     ᠣᠳᠣᠬᠠᠨ ᠳ᠋ᠤ᠌ ᠂ ᠪᠦᠬᠦ ᠬᠣᠲᠠ ᠶ᠋ᠢᠨ ᠰᠢᠭᠦᠨ ᠲᠠᠰᠤᠯᠬᠤ ᠡᠭᠦᠷᠭᠡ ᠨᠦᠰᠡᠷ ᠬᠦᠨᠳᠦ ᠪᠠᠢᠬᠤ ᠦᠶ᠎ᠡ ᠳ᠋ᠦ᠍ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠵᠣᠬᠢᠶᠠᠨ ᠪᠠᠢᠭᠤᠯᠤᠨ ᠬᠤᠷᠠᠯᠳᠤᠭᠤᠯᠤᠭᠰᠠᠨ ᠲᠤᠰ ᠤᠳᠠᠭᠠᠨ ᠤ᠋ ᠲᠤᠰᠬᠠᠢ ᠰᠡᠳᠦᠪᠲᠦ ᠲᠦᠯᠬᠢᠨ ᠠᠬᠢᠭᠤᠯᠬᠤ ᠬᠤᠷᠠᠯ ᠪᠣᠯ ᠥᠪᠡᠷᠲᠡᠭᠡᠨ ᠵᠠᠰᠠᠬᠤ ᠣᠷᠣᠨ ᠤ᠋  ᠳᠡᠭᠡᠳᠦ ᠵᠡᠷᠭᠡ ᠶ᠋ᠢᠨ ᠰᠢᠭᠦᠬᠦ ᠬᠣᠷᠢᠶᠠᠨ ᠤ᠋ ᠠᠮᠢ ᠠᠬᠤᠢ ᠶ᠋ᠢ ᠵᠠᠰᠠᠬᠤ ᠲᠤᠰᠬᠠᠢ ᠰᠡᠳᠦᠪᠲᠦ ᠬᠤᠷᠠᠯ ᠤ᠋ᠨ ᠵᠣᠷᠢᠭ ᠰᠠᠨᠠᠭ᠎ᠠ ᠶ᠋ᠢ ᠤᠯᠠᠮ ᠨᠢᠭᠡ ᠠᠯᠬᠤᠮ ᠨᠠᠢᠳᠠᠪᠤᠷᠢᠵᠢᠭᠤᠯᠤᠭᠰᠠᠨ ᠦᠢᠯᠡᠳᠦᠯᠭᠡ ᠶ᠋ᠢᠨ ᠠᠵᠢᠯᠯᠠᠭ᠎ᠠ ᠨᠢ ᠣᠷᠳᠣᠰ ᠬᠣᠲᠠ ᠶ᠋ᠢᠨ ᠬᠠᠲᠤᠨ ᠭᠣᠣᠯ ᠤ᠋ᠨ ᠰᠠᠪᠠ ᠭᠠᠵᠠᠷ ᠤ᠋ᠨ ᠠᠮᠢ ᠠᠬᠤᠢ ᠶ᠋ᠢᠨ ᠬᠠᠮᠠᠭᠠᠯᠠᠯᠲᠠ ᠶᠢᠨ ᠴᠢᠨᠠᠷ ᠰᠠᠢᠲᠠᠢ ᠬᠥᠭᠵᠢᠯᠲᠡ ᠳ᠋ᠦ᠍ ᠬᠠᠤᠯᠢ ᠴᠠᠭᠠᠵᠠ ᠶ᠋ᠢᠨ ᠦᠢᠯᠡᠴᠢᠯᠡᠭᠡ ᠬᠠᠩᠭᠠᠬᠤ ᠪᠠ ᠪᠠᠲᠤᠯᠠᠭ᠎ᠠ ᠶ᠋ᠢ ᠬᠠᠩᠭᠠᠬᠤ ᠴᠢᠬᠤᠯᠠ ᠴᠢᠨᠠᠷ ᠲᠤᠯᠭᠠᠮ᠎ᠠ ᠪᠠᠢᠬᠤ ᠶ᠋ᠢ ᠲᠣᠪᠣᠢᠯᠭᠠᠪᠠ ᠃ ᠠᠮᠢ ᠠᠬᠤᠢ ᠶ᠋ᠢ ᠵᠠᠰᠠᠬᠤ ᠲᠠᠯ᠎ᠠ ᠪᠠᠷ ᠬᠢ ᠬᠠᠷᠰᠢ ᠰᠠᠭᠠᠳ ᠢ᠋ ᠬᠡᠵᠢᠶᠡᠳᠡ ᠣᠷᠳᠣᠰ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠣᠷᠴᠢᠨ ᠲᠣᠭᠣᠷᠢᠨ ᠤ᠋ ᠡᠬᠢ ᠪᠠᠶᠠᠯᠢᠭ ᠤ᠋ᠨ ᠰᠢᠭᠦᠨ ᠲᠠᠰᠤᠯᠬᠤ ᠡᠭᠦᠷᠭᠡ ᠴᠢᠳᠠᠪᠤᠷᠢ ᠪᠠᠨ ᠪᠠᠳᠠᠷᠠᠭᠤᠯᠵᠤ ᠬᠥᠬᠡ ᠠᠭᠤᠯᠠ ᠲᠤᠩᠭᠠᠯᠠᠭ ᠤᠰᠤ ᠶ᠋ᠢ ᠰᠠᠬᠢᠨ ᠬᠠᠮᠠᠭᠠᠯᠠᠨ᠎ᠠ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )