ᠱᠢ ᠵᠢᠨ ᠫᠢᠩ ᠦ᠋ᠨ ᠬᠠᠤᠯᠢ ᠪᠠᠷ ᠵᠠᠰᠠᠬᠤ ᠦᠵᠡᠯ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠬᠤ ᠶ᠋ᠢᠨ ᠲᠥᠯᠥᠭᠡ《ᠤᠭ ᠰᠠᠨᠠᠭ᠎ᠠ ᠪᠠᠨ ᠥᠯᠥ ᠮᠠᠷᠲᠠᠨ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》ᠭᠣᠣᠯ ᠰᠡᠳᠦᠪᠲᠦ ᠬᠥᠮᠦᠵᠢᠯ ᠦ᠋ᠨ ᠦᠷ᠎ᠡ ᠪᠦᠲᠦᠭᠡᠯ ᠢ᠋ ᠪᠡᠬᠢᠵᠢᠭᠦᠯᠦᠨ ᠭᠦᠨᠵᠡᠭᠡᠢᠷᠡᠭᠦᠯᠬᠦ ᠳ᠋ᠦ᠍ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡᠨ ᠦ᠌ ᠬᠥᠮᠦᠵᠢᠯ ᠴᠡᠭᠴᠡᠯᠡᠬᠦ ᠠᠵᠢᠯ ᠢ᠋ ᠯᠠᠪᠳᠠᠭᠤᠨ ᠪᠠᠲᠤᠲᠠᠢ ᠥᠷᠨᠢᠭᠦᠯᠬᠦ ᠶ᠋ᠢᠨ ᠲᠤᠰᠠᠳᠠ ᠂ ᠥᠷᠭᠡᠨ ᠣᠯᠠᠨ ᠺᠠᠲᠠᠷ ᠴᠠᠭᠳᠠᠭ᠎ᠠ ᠶ᠋ᠢ ᠳᠠᠭᠠᠭᠤᠯᠤᠨ ᠦᠨᠡᠨᠴᠢ ᠰᠢᠳᠤᠷᠭᠤ ᠬᠠᠤᠯᠢ ᠴᠠᠭᠠᠵᠠ ᠶ᠋ᠢᠨ ᠦᠢᠯᠡᠰ ᠢ᠋ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ 2 ᠰᠠᠷ᠎ᠠ ᠶ᠋ᠢᠨ 26 ᠤ᠋ ᠦᠳᠡ ᠶ᠋ᠢᠨ ᠬᠣᠢᠨ᠎ᠠ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠦᠬᠦ ᠺᠠᠲᠠᠷ ᠴᠠᠭᠳᠠᠭ᠎ᠠ ᠶ᠋ᠢ ᠵᠣᠬᠢᠶᠠᠨ ᠪᠠᠢᠭᠤᠯᠵᠤ ᠂《ᠮᠠ ᠱ᠋ᠢ ᠡᠦ ᠶ᠋ᠢᠨ ᠬᠡᠷᠡᠭ ᠦ᠋ᠨ ᠲᠠᠰᠤᠯᠤᠯᠲᠠ》 ᠭᠡᠬᠦ ᠺᠢᠨᠣ᠋ ᠵᠢ ᠦᠵᠡᠪᠡ ᠃
ᠮᠠ ᠱ᠋ᠢ ᠦ᠋ ᠨᠥᠬᠥᠷ ᠪᠣᠯ ᠰᠢᠨ᠎ᠡ ᠳᠤᠮᠳᠠᠳᠤ ᠤᠯᠤᠰ ᠤ᠋ᠨ ᠠᠷᠠᠳ ᠲᠦᠮᠡᠨ ᠦ᠌ ᠬᠠᠤᠯᠢ ᠴᠠᠭᠠᠵᠠ ᠶ᠋ᠢᠨ ᠦᠢᠯᠡᠰ ᠦ᠋ᠨ ᠭᠠᠷᠮᠠᠭᠠᠢ ᠠᠬᠢᠭᠤᠯᠤᠭᠴᠢ ᠂ ᠦᠢᠯᠡᠳᠦᠯᠭᠡᠵᠢᠭᠦᠯᠦᠭᠴᠢ ᠂ ᠵᠠᠮ ᠨᠡᠭᠡᠭᠡᠭᠴᠢ 《ᠮᠠ ᠱ᠋ᠢ ᠦ᠋ ᠶ᠋ᠢᠨ ᠰᠢᠭᠦᠨ ᠲᠠᠰᠤᠯᠬᠤ ᠠᠷᠭ᠎ᠠ ᠮᠠᠶᠢᠭ》ᠪᠣᠯ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠬᠠᠤᠯᠢ ᠴᠠᠭᠠᠵᠠ ᠶ᠋ᠢᠨ ᠰᠢᠭᠦᠨ ᠲᠠᠰᠤᠯᠬᠤ ᠬᠦᠷᠢᠶᠡᠨ ᠳ᠋ᠡᠬᠢ ᠨᠢᠭᠡᠨ ᠠᠭᠤᠤ ᠶᠡᠬᠡ ᠡᠭᠦᠳᠦᠯᠲᠡ ᠮᠥᠨ ᠂ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠬᠠᠤᠯᠢ ᠴᠠᠭᠠᠵᠠ ᠶ᠋ᠢᠨ ᠳᠦᠷᠢᠮ ᠦ᠋ᠨ ᠨᠢᠭᠡ ᠲᠠᠯ᠎ᠠ ᠶ᠋ᠢᠨ ᠭᠡᠷᠡᠯ ᠰᠠᠴᠤᠷᠠᠩᠭᠤᠢ ᠲᠤᠭ ᠪᠣᠯᠤᠨ᠎ᠠ ᠂ ᠣᠯᠠᠨ ᠤᠯᠤᠰ ᠤ᠋ᠨ ᠬᠠᠤᠯᠢ ᠴᠠᠭᠠᠵᠠ ᠶ᠋ᠢᠨ ᠡᠲᠡᠭᠡᠳ ᠦ᠋ᠨ ᠬᠢᠨ《ᠳᠣᠷᠣᠨᠠᠳᠠᠬᠢᠨ ᠤ᠋ ᠰᠢᠭᠦᠨ ᠲᠠᠰᠤᠯᠬᠤ ᠲᠤᠷᠰᠢᠯᠭ᠎ᠠ》ᠭᠡᠵᠦ ᠨᠡᠷᠡᠯᠡᠭᠳᠡᠪᠡ ᠃ ᠲᠤᠰ ᠺᠢᠨᠣ᠋ ᠨᠢ ᠮᠠ ᠱ᠋ᠢ ᠡᠤ ᠨᠥᠬᠥᠷ ᠦ᠋ᠨ ᠱᠠᠨᠰᠢ ᠭᠠᠨᠰᠦ ᠨᠢᠩᠰᠢᠶᠠ ᠶ᠋ᠢᠨ ᠬᠢᠵᠠᠭᠠᠷ ᠣᠷᠣᠨ ᠳ᠋ᠠᠬᠢ ᠬᠠᠤᠯᠢ ᠴᠠᠭᠠᠵᠠ ᠶ᠋ᠢᠨ ᠦᠢᠯᠡᠳᠦᠯᠭᠡ ᠨᠢ ᠮᠠ ᠱ᠋ᠢ ᠡᠤ ᠨᠥᠬᠥᠷ ᠦ᠋ᠨ ᠣᠯᠠᠨ ᠲᠦᠮᠡᠨᠴᠢ ᠱᠤᠭᠤᠮ ᠢ᠋ ᠪᠠᠷᠢᠮᠲᠠᠯᠠᠬᠤ ᠠᠵᠢᠯ ᠤ᠋ᠨ ᠠᠷᠭ᠎ᠠ ᠪᠠ ᠦᠨᠡᠨ ᠡᠴᠡ ᠵᠥᠪ ᠢ᠋ ᠡᠷᠢᠬᠦ ᠠᠵᠢᠯ ᠤ᠋ᠨ ᠰᠤᠷᠲᠠᠯ ᠢ᠋ ᠠᠮᠢᠳᠤᠯᠢᠭ ᠢ᠋ᠶ᠋ᠠᠷ ᠲᠤᠰᠬᠠᠵᠤ᠂ ᠨᠠᠮ ᠪᠠ ᠠᠷᠠᠳ ᠲᠦᠮᠡᠨ ᠤ᠋ ᠦᠢᠯᠡᠰ ᠂ ᠠᠷᠠᠳ ᠤ᠋ᠨ ᠬᠠᠤᠯᠢ ᠴᠠᠭᠠᠵᠠ ᠶ᠋ᠢᠨ ᠦᠢᠯᠡᠰ ᠲᠦ᠍ ᠬᠢᠵᠠᠭᠠᠯᠠᠰᠢ ᠦᠭᠡᠢ ᠦᠨᠡᠨᠴᠢ ᠰᠢᠳᠤᠷᠭᠤ ᠪᠠᠢᠬᠤ ᠶ᠋ᠢ ᠬᠠᠷᠠᠭᠤᠯᠤᠭᠰᠠᠨ ᠪᠠᠢᠨ᠎ᠠ᠃
ᠺᠢᠨᠣ᠋ ᠳᠠᠭᠤᠰᠤᠭᠰᠠᠨ ᠤ᠋ ᠳᠠᠷᠠᠭ᠎ᠠ ᠺᠠᠲᠠᠷ ᠴᠠᠭᠳᠠᠭ᠎ᠠ ᠨᠠᠷ ᠺᠢᠨᠣ᠋ ᠵᠦᠴᠦᠭᠡ ᠨᠢ ᠮᠠ ᠱ᠋ᠢ ᠡᠦ ᠶ᠋ᠢᠨ ᠬᠠᠤᠯᠢ ᠴᠠᠭᠠᠵᠠ ᠶ᠋ᠢᠨ ᠦᠢᠯᠡᠳᠦᠯᠭᠡ ᠳᠤᠮᠳᠠ ᠣᠯᠠᠨ ᠲᠦᠮᠡᠨᠴᠢ ᠱᠤᠭᠤᠮ ᠢ᠋ ᠪᠠᠷᠢᠮᠲᠠᠯᠠᠵᠤ ᠪᠠᠢᠭ᠎ᠠ ᠠᠵᠢᠯ ᠤ᠋ᠨ ᠠᠷᠭ᠎ᠠ ᠪᠠᠷᠢᠯ ᠪᠣᠯᠤᠨ ᠦᠨᠡᠨ ᠡᠴᠡ ᠵᠥᠪ ᠢ᠋ ᠡᠷᠢᠬᠦ ᠠᠵᠢᠯ ᠤ᠋ᠨ ᠬᠡᠪ ᠰᠤᠷᠲᠠᠯ ᠢ ᠢᠯᠡᠷᠡᠭᠦᠯᠵᠦ᠂ ᠮᠠ ᠱ᠋ᠢ ᠦ᠋ ᠨᠥᠬᠥᠷ ᠡᠴᠡ ᠨᠢᠭᠡᠨ ᠡᠪ ᠬᠠᠮᠲᠤ ᠨᠠᠮ ᠤ᠋ᠨ ᠭᠡᠰᠢᠭᠦᠨ ᠦ᠌ ᠬᠦᠰᠡᠯᠡᠩ ᠢᠲᠡᠭᠡᠯ ᠵᠣᠷᠢᠭ ᠢ᠋ᠶ᠋ᠠᠨ ᠪᠠᠲᠤᠳᠬᠠᠵᠤ ᠂ ᠬᠤᠪᠢᠰᠬᠠᠯᠲᠤ ᠭᠧᠨ ᠢ᠋ ᠤᠯᠠᠮᠵᠢᠯᠠᠨ ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠰᠢᠯᠢᠳᠡᠭ ᠬᠠᠤᠯᠢ ᠴᠠᠭᠠᠵᠠ ᠶ᠋ᠢᠨ ᠤᠯᠠᠮᠵᠢᠯᠠᠯ ᠢ᠋ ᠰᠤᠷᠤᠯᠴᠠᠬᠤ ᠬᠡᠷᠡᠭᠲᠡᠢ ᠭᠡᠵᠦ ᠢᠯᠡᠷᠬᠡᠢᠯᠡᠯ᠎ᠡ ᠃
《ᠮᠠ ᠱ᠋ᠢ ᠡᠦ ᠶ᠋ᠢᠨ ᠬᠡᠷᠡᠭ ᠦ᠋ᠨ ᠲᠠᠰᠤᠯᠤᠯᠲᠠ》 ᠵᠢ ᠦᠵᠡᠬᠦ ᠪᠡᠷ ᠳᠠᠮᠵᠢᠨ ᠺᠠᠲᠠᠷ ᠴᠠᠭᠳᠠᠭ᠎ᠠ ᠶ᠋ᠢ ᠬᠦᠰᠡᠯᠡᠩ ᠢᠲᠡᠭᠡᠯ ᠵᠣᠷᠢᠭ ᠢ᠋ ᠨᠢ ᠪᠠᠲᠤᠳᠬᠠᠵᠤ ᠂ ᠣᠯᠠᠨ ᠲᠦᠮᠡᠨ ᠦ᠌ ᠬᠠᠢᠷ᠎ᠠ ᠰᠡᠳᠬᠢᠯᠭᠡ ᠶ᠋ᠢ ᠨᠡᠮᠡᠭᠳᠡᠭᠦᠯᠵᠦ ᠂ ᠣᠯᠠᠨ ᠲᠦᠮᠡᠨᠴᠢ ᠱᠤᠭᠤᠮ ᠢ᠋ ᠦᠢᠯᠡᠳᠦᠯᠭᠡᠵᠢᠭᠦᠯᠵᠦ ᠂ ᠬᠠᠤᠯᠢ ᠪᠠᠷᠢᠬᠤ ᠴᠢᠳᠠᠪᠤᠷᠢ ᠶ᠋ᠢ ᠨᠢ ᠳᠡᠭᠡᠭᠰᠢᠯᠡᠭᠦᠯᠵᠦ ᠂ 《 ᠮᠠ ᠱ᠋ᠢ ᠦ᠋ ᠶ᠋ᠢᠨ ᠰᠢᠭᠦᠨ ᠲᠠᠰᠤᠯᠬᠤ ᠠᠷᠭ᠎ᠠ ᠬᠡᠯᠪᠡᠷᠢ》 ᠶ᠋ᠢᠨ ᠠᠭᠤᠯᠤᠭᠳᠠᠬᠤᠨ ᠢ᠋ ᠭᠦᠨᠵᠡᠭᠡᠢ ᠡᠵᠡᠮᠳᠡᠨ ᠂ ᠰᠢᠨ᠎ᠡ ᠴᠠᠭ ᠦᠶ᠎ᠡ ᠶ᠋ᠢᠨ ᠠᠷᠠᠳ ᠲᠦᠮᠡᠨ ᠦ᠌ ᠬᠠᠤᠯᠢ ᠴᠠᠭᠠᠵᠠ ᠶ᠋ᠢᠨ ᠦᠢᠯᠡᠳᠦᠯᠭᠡ ᠶ᠋ᠢ ᠲᠠᠰᠤᠷᠠᠯᠲᠠ ᠦᠭᠡᠢ ᠪᠠᠶᠠᠯᠢᠭᠵᠢᠭᠤᠯᠵᠤ ᠂ ᠨᠠᠮ ᠤ᠋ᠨ ᠣᠯᠠᠨ ᠲᠦᠮᠡᠨᠴᠢ ᠱᠤᠭᠤᠮ ᠢ᠋ ᠬᠠᠤᠯᠢ ᠴᠠᠭᠠᠵᠠ ᠶ᠋ᠢᠨ ᠠᠵᠢᠯ ᠤ᠋ᠨ ᠳᠤᠮᠳᠠ ᠪᠣᠳᠠᠲᠠᠢ ᠬᠡᠷᠡᠭᠵᠢᠭᠦᠯᠦᠨ᠎ᠡ ᠃
ᠦᠨᠡᠯᠡᠬᠦ 0ᠦᠨᠡᠯᠡᠯᠲᠡ᠎ᠲᠠᠢ