ᠱᠢ ᠵᠢᠨ ᠫᠢᠩ ᠶᠡᠷᠦᠩᠬᠡᠢ ᠱᠦᠵᠢ ᠶ᠋ᠢᠨ ᠨᠠᠮ ᠤ᠋ᠨ ᠲᠡᠦᠬᠡ ᠰᠤᠷᠤᠯᠴᠠᠯᠭ᠎ᠠ ᠬᠥᠮᠦᠵᠢᠯ ᠦ᠋ᠨ ᠳᠠᠢᠴᠢᠯᠠᠯᠲᠠ ᠶ᠋ᠢᠨ ᠶᠡᠬᠡ ᠬᠤᠷᠠᠯ ᠳᠡᠭᠡᠷᠡᠬᠢ ᠶᠠᠷᠢᠶᠠᠨ ᠤ᠋ ᠵᠣᠷᠢᠭ ᠰᠠᠨᠠᠭ᠎ᠠ ᠪᠠ ᠨᠠᠮ ᠤ᠋ᠨ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠬᠣᠷᠢᠶᠠᠨ ᠤ᠋ ᠲᠠᠪᠤᠳᠤᠭᠠᠷ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶ᠋ᠢᠨ ᠲᠤᠰᠠᠳᠠ ᠨᠠᠮ ᠤ᠋ᠨ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠬᠣᠷᠢᠶᠠᠨ ᠤ᠋ ᠲᠠᠪᠤᠳᠤᠭᠠᠷ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠶ᠋ᠢ ᠰᠤᠷᠤᠯᠴᠠᠬᠤ ᠶᠠᠪᠤᠳᠠᠯ ᠢ᠋ ᠣᠳᠣᠬᠠᠨ ᠤ᠋ ᠠᠵᠢᠯ ᠤ᠋ᠨ ᠴᠢᠬᠤᠯᠠ ᠠᠭᠤᠯᠭ᠎ᠠ ᠪᠣᠯᠭᠠᠨ ᠠᠷᠠᠳ ᠤ᠋ᠨ ᠰᠢᠭᠦᠬᠦ ᠬᠣᠷᠢᠶᠠᠨ ᠤ᠋ ᠠᠵᠢᠯ ᠤ᠋ᠨ ᠡᠯ᠎ᠡ ᠲᠠᠯ᠎ᠠ ᠪᠠ ᠪᠦᠬᠦ ᠶᠠᠪᠤᠴᠠ ᠶ᠋ᠢ ᠲᠤᠤᠱᠯᠠᠭᠤᠯᠬᠤ ᠬᠡᠷᠡᠭᠲᠡᠢ ᠃ 2 ᠰᠠᠷ᠎ᠠ ᠶ᠋ᠢᠨ 28 ᠤ᠋ ᠡᠳᠦᠷ ᠂ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ᠂ ᠬᠣᠷᠢᠶᠠᠨ ᠳᠠᠷᠤᠭ᠎ᠠ ᠰᠦᠷᠢ ᠵᠢᠶᠦ᠋ᠨ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠪᠦᠬᠦ ᠤᠳᠤᠷᠢᠳᠬᠤ ᠪᠠᠭ ᠤ᠋ᠨ ᠭᠡᠰᠢᠭᠦᠳ ᠣᠷᠣᠯᠴᠠᠪᠠ᠃
ᠬᠤᠷᠠᠯ ᠳᠡᠭᠡᠷ᠎ᠡ 《ᠱᠢ ᠵᠢᠨ ᠫᠢᠩ ᠦ᠋ᠨ ᠨᠠᠮ ᠤ᠋ᠨ ᠲᠡᠤᠬᠡᠨ ᠦᠵᠡᠯ ᠰᠠᠨᠠᠭ᠎ᠠ ᠶ᠋ᠢ ᠰᠤᠷᠤᠯᠴᠠᠵᠤ ᠪᠣᠳᠠᠲᠠᠢ ᠠᠵᠢᠯ ᠬᠢᠵᠦ ᠰᠢᠨ᠎ᠡ ᠪᠠᠢᠳᠠᠯ ᠢ᠋ ᠪᠣᠢ ᠪᠣᠯᠭᠠᠵᠤ ᠰᠢᠯᠢᠳᠡᠭ ᠬᠢᠷᠢ ᠪᠦᠲᠦᠮᠵᠢ ᠪᠡᠷ ᠨᠠᠮ ᠪᠠᠢᠭᠤᠯᠤᠭᠳᠠᠭᠰᠠᠨ ᠵᠠᠭᠤᠨ ᠵᠢᠯ ᠦ᠋ᠨ ᠣᠢ ᠶ᠋ᠢ ᠤᠭᠲᠤᠶ᠎ᠠ》《 ᠴᠸᠨ ᠢ ᠰᠢᠨ ᠄ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠢ᠋ ᠯᠠᠪᠳᠠᠭᠤᠨ ᠪᠠᠲᠤᠲᠠᠢ ᠥᠷᠨᠢᠭᠦᠯᠵᠦ ᠰᠢᠯᠢᠳᠡᠭ ᠬᠢᠷᠢ ᠪᠦᠲᠦᠮᠵᠢ ᠪᠡᠷ ᠨᠠᠮ ᠪᠠᠢᠭᠤᠯᠤᠭᠳᠠᠭᠰᠠᠨ 100 ᠵᠢᠯ ᠦ᠋ᠨ ᠣᠢ ᠶ᠋ᠢ ᠤᠭᠲᠤᠶ᠎ᠠ 》《 ᠨᠠᠮ ᠤ᠋ᠨ ᠲᠡᠦᠬᠡ ᠶᠢᠨ ᠰᠤᠷᠤᠯᠴᠠᠯᠭ᠎ᠠ ᠬᠥᠮᠦᠵᠢᠯ ᠂ᠱᠢ ᠵᠢᠨ ᠫᠢᠩ ᠤᠨ ᠡᠬᠢᠯᠡᠵᠦ ᠶᠠᠷᠢᠭᠰᠠᠨ< ᠨᠢᠭᠡᠳᠦᠭᠡᠷ ᠬᠢᠴᠢᠶᠡᠯ> 》《ᠨᠠᠮ ᠤ᠋ᠨ ᠠᠷᠪᠠ ᠶᠢᠰᠦᠳᠦᠭᠡᠷ ᠬᠤᠭᠤᠴᠠᠭᠠᠨ ᠤ᠋ ᠠᠭᠤᠯᠭ᠎ᠠ ᠶ᠋ᠢ ᠭᠦᠨᠵᠡᠭᠡᠢ ᠲᠠᠨᠢᠬᠤ ᠪᠠ ᠡᠵᠡᠮᠳᠡᠨ᠎ᠡ》 ᠬᠡᠬᠦ ᠠᠭᠤᠯᠭ᠎ᠠ ᠵᠢ ᠰᠤᠷᠤᠯᠴᠠᠪᠠ᠃
ᠬᠤᠷᠠᠯ ᠳᠡᠭᠡᠷ᠎ᠡ ᠂ ᠪᠦᠬᠦ ᠨᠠᠮ ᠤ᠋ᠨ ᠬᠡᠪᠴᠢᠶᠡᠨ ᠳ᠋ᠦ᠍ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠢ᠋ ᠥᠷᠨᠢᠭᠦᠯᠬᠦ ᠪᠣᠯ ᠨᠠᠮ ᠤ᠋ᠨ ᠲᠥᠪ ᠬᠣᠷᠢᠶ᠎ᠠ ᠨᠠᠮ ᠤ᠋ᠨ ᠵᠠᠭᠤᠨ ᠵᠢᠯ ᠦ᠋ᠨ ᠲᠡᠦᠬᠡ ᠶ᠋ᠢᠨ ᠰᠢᠨ᠎ᠡ ᠡᠬᠢᠯᠡᠯᠲᠡ ᠂ ᠳᠤᠮᠳᠠᠳᠤ ᠶ᠋ᠢᠨ ᠦᠨᠳᠦᠰᠦᠲᠡᠨ ᠦ᠌ ᠠᠭᠤᠤ ᠶᠡᠬᠡ ᠰᠡᠷᠭᠦᠨ ᠮᠠᠨᠳᠤᠯᠲᠠ ᠶ᠋ᠢᠨ ᠪᠠᠢᠯᠳᠤᠬᠤ ᠪᠣᠳᠣᠯᠭ᠎ᠠ ᠶ᠋ᠢᠨ ᠪᠦᠬᠦ ᠲᠠᠯ᠎ᠠ ᠪᠠ ᠳᠡᠯᠡᠬᠡᠢ ᠶ᠋ᠢᠨ ᠵᠠᠭᠤᠨ ᠵᠢᠯ ᠳ᠋ᠦ᠍ ᠲᠣᠬᠢᠶᠠᠯᠳᠤᠭ᠎ᠠ ᠦᠭᠡᠢ ᠶᠡᠬᠡ ᠬᠤᠪᠢᠷᠠᠯᠲᠠ ᠂ ᠪᠦᠬᠦ ᠨᠠᠮ ᠪᠦᠬᠦ ᠤᠯᠤᠰ ᠢ᠋ ᠳᠠᠢᠴᠢᠯᠠᠵᠤ ᠂ ᠢᠲᠡᠭᠡᠯ ᠲᠡᠭᠦᠯᠳᠡᠷ ᠢ᠋ᠶ᠋ᠡᠷ ᠨᠡᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ᠋ ᠪᠥᠬᠥ ᠲᠠᠯ᠎ᠠ ᠪᠠᠷ ᠪᠠᠢᠭᠤᠯᠬᠤ ᠳ᠋ᠤ᠌ ᠣᠷᠣᠯᠴᠠᠭᠰᠠᠨ ᠴᠢᠬᠤᠯᠠ ᠰᠢᠢᠳᠪᠦᠷᠢᠲᠦ ᠪᠣᠳᠣᠯᠭ᠎ᠠ ᠮᠥᠨ ᠃ ᠪᠦᠬᠦ ᠣᠷᠣᠨ ᠢ᠋ᠶ᠋ᠠᠷ ᠢ᠋ᠶ᠋ᠠᠨ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠢᠭᠡᠳ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠵᠢᠯ ᠢ᠋ ᠤᠶᠠᠯᠳᠤᠭᠤᠯᠵᠤ ᠪᠠᠢᠭᠠᠳ ᠲᠡᠦᠬᠡ ᠰᠤᠷᠬᠤ ᠲᠣᠳᠣᠷᠬᠠᠢ ᠂ ᠲᠡᠦᠬᠡ ᠰᠤᠷᠬᠤ ᠢᠲᠡᠭᠡᠯ ᠨᠡᠮᠡᠭᠳᠡᠵᠦ᠂ ᠲᠡᠦᠬᠡ ᠰᠤᠷᠬᠤ ᠡᠷᠬᠢᠮ ᠮᠣᠷᠠᠯ ᠂ ᠲᠡᠦᠬᠡ ᠶ᠋ᠢᠨ ᠬᠦᠴᠦᠨ ᠴᠢᠳᠠᠯ ᠢ᠋ ᠡᠷᠬᠢᠮᠯᠡᠵᠦ ᠂ ᠡᠯ᠎ᠡ ᠵᠦᠢᠯ ᠦ᠋ᠨ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠤᠨ ᠂ ᠰᠢᠭᠦᠬᠦ ᠬᠣᠷᠢᠶᠠᠨ ᠤ᠋ ᠡᠩᠨᠡᠭᠡ ᠶ᠋ᠢᠨ ᠰᠢᠨ᠎ᠡ ᠬᠤᠪᠢᠷᠠᠯᠲᠠ ᠰᠢᠨ᠎ᠡ ᠪᠠᠢᠳᠠᠯ ᠢ᠋ ᠠᠷᠠᠳ ᠲᠦᠮᠡᠨ ᠳ᠋ᠦ᠍ ᠣᠢᠯᠠᠭᠠᠭᠤᠯᠵᠤ ᠂ ᠰᠢᠯᠢᠳᠡᠭ ᠠᠮᠵᠢᠯᠲᠠ ᠪᠠᠷ ᠢ᠋ᠶ᠋ᠠᠨ ᠨᠠᠮ ᠪᠠᠢᠭᠤᠯᠤᠭᠳᠠᠭᠰᠠᠨ 100 ᠵᠢᠯ ᠦ᠋ᠨ ᠣᠢ ᠶ᠋ᠢ ᠤᠭᠲᠤᠬᠤ ᠬᠡᠷᠡᠭᠲᠡᠢ ᠭᠡᠵᠦ ᠴᠢᠩᠭᠠᠳᠭᠠᠭᠰᠠᠨ ᠪᠠᠢᠨ᠎ᠠ᠃
ᠨᠢᠭᠡ ᠳ᠋ᠦ᠍᠂ ᠪᠦᠬᠦ ᠬᠤᠷᠢᠶᠠᠨ ᠳ᠋ᠦ᠍ ᠨᠠᠮ ᠤ᠋ᠨ ᠲᠡᠦᠬᠡ ᠶ᠋ᠢ ᠰᠤᠷᠤᠯᠴᠠᠨ ᠤᠬᠠᠭᠤᠯᠬᠤ ᠬᠠᠯᠠᠭᠤᠨ ᠥᠷᠨᠢᠯᠲᠡ ᠭᠠᠷᠴᠤ ᠂ ᠤᠳᠤᠷᠢᠳᠤᠯᠭ᠎ᠠ ᠪᠠᠷ ᠳᠠᠭᠠᠭᠤᠯᠤᠨ ᠰᠤᠷᠤᠯᠴᠠᠬᠤ ᠂ ᠬᠤᠪᠢ ᠬᠥᠮᠦᠨ ᠥᠪᠡᠷ ᠢ᠋ᠶ᠋ᠡᠨ ᠰᠤᠷᠤᠯᠴᠠᠬᠤ ᠂ ᠲᠤᠰᠬᠠᠢ ᠰᠡᠳᠦᠪᠲᠦ ᠲᠠᠢᠯᠤᠮᠵᠢ ᠬᠢᠬᠦ ᠂ ᠨᠠᠮ ᠤ᠋ᠨ ᠲᠡᠦᠬᠡ ᠶ᠋ᠢᠨ ᠺᠢᠨᠣ᠋ ᠦᠵᠡᠬᠦ ᠵᠡᠷᠭᠡ ᠣᠯᠠᠨ ᠵᠦᠢᠯ ᠦ᠋ᠨ ᠰᠤᠷᠤᠯᠴᠠᠯᠭ᠎ᠠ ᠶ᠋ᠢᠨ ᠬᠡᠯᠪᠡᠷᠢ ᠪᠡᠷ ᠬᠥᠮᠦᠵᠢᠭᠦᠯᠦᠨ ᠵᠢᠯᠣᠭᠣᠳᠴᠤ ᠂ ᠥᠷᠭᠡᠨ ᠣᠯᠠᠨ ᠺᠠᠲᠠᠷ ᠴᠠᠭᠳᠠᠭ᠎ᠠ ᠪᠠᠷ ᠨᠠᠮ ᠤ᠋ᠨ ᠲᠡᠦᠬᠡ ᠶ᠋ᠢᠨ ᠴᠢᠬᠤᠯᠠ ᠶᠡᠬᠡ ᠠᠴᠢ ᠬᠣᠯᠪᠣᠭᠳᠠᠯ ᠢ᠋ ᠭᠦᠨᠵᠡᠭᠡᠢ ᠣᠢᠯᠠᠭᠠᠭᠤᠯᠵᠤ ᠂ ᠨᠠᠮ ᠤ᠋ᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠤ᠋ᠨ ᠤᠯᠠᠮᠵᠢᠯᠠᠯ ᠢ᠋ ᠪᠠᠳᠠᠷᠠᠭᠤᠯᠬᠤ ᠬᠡᠷᠡᠭᠲᠡᠢ ᠃
ᠬᠣᠶᠠᠷ ᠲᠤ᠌᠂ ᠨᠠᠮ ᠤ᠋ᠨ ᠲᠡᠦᠬᠡ ᠶ᠋ᠢ ᠰᠤᠷᠤᠯᠴᠠᠬᠤ ᠶ᠋ᠢ ᠨᠠᠮ ᠤ᠋ᠨ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠬᠣᠷᠢᠶᠠᠨ ᠤ᠋ ᠲᠠᠪᠤᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠶ᠋ᠢ ᠰᠤᠷᠤᠯᠴᠠᠬᠤ ᠲᠠᠢ ᠤᠶᠠᠯᠳᠤᠭᠤᠯᠵᠤ ᠂ ᠨᠠᠮ ᠤ᠋ᠨ ᠣᠨᠣᠯ ᠤ᠋ᠨ ᠦᠷ᠎ᠡ ᠪᠦᠲᠦᠭᠡᠯ ᠪᠠ ᠦᠵᠡᠯ ᠰᠠᠨᠠᠭᠠᠨ ᠤ᠋ ᠠᠭᠤᠤ ᠬᠦᠴᠦᠨ ᠢ᠋ ᠭᠦᠨᠵᠡᠭᠡᠢ ᠣᠢᠯᠠᠭᠠᠵᠤ ᠂ ᠱᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ ᠂ ᠦᠢᠯᠡᠳᠦᠯᠭᠡ ᠪᠡᠨ ᠵᠢᠯᠣᠭᠣᠳᠤᠭᠤᠯᠵᠤ ᠂ ᠠᠵᠢᠯ ᠢ᠋ᠶ᠋ᠠᠨ ᠠᠬᠢᠭᠤᠯᠬᠤ ᠶ᠋ᠢ ᠪᠠᠷᠢᠮᠲᠠᠯᠠᠬᠤ ᠬᠡᠷᠡᠭᠲᠡᠢ ᠃ ᠰᠢᠯᠢᠳᠡᠭ ᠨᠠᠮ ᠤ᠋ᠨ ᠭᠡᠰᠢᠭᠦᠨ ᠦ᠌ ᠦᠢᠯᠡ ᠠᠵᠢᠯᠯᠠᠭ᠎ᠠ ᠪᠣᠯᠤᠨ ᠨᠠᠮ ᠤ᠋ᠨ ᠰᠢᠯᠢᠳᠡᠭ ᠤᠯᠠᠮᠵᠢᠯᠠᠯ ᠂ ᠬᠡᠪ ᠰᠤᠷᠲᠠᠯ ᠲᠠᠢ ᠬᠠᠷᠢᠴᠠᠭᠤᠯᠵᠤ ᠠᠰᠠᠭᠤᠳᠠᠯ ᠢ᠋ ᠭᠦᠨᠵᠡᠭᠡᠢ ᠰᠤᠳᠤᠯᠵᠤ ᠂ ᠦᠨᠡᠨ ᠬᠦᠦ ᠴᠡᠭᠴᠡᠯᠡᠨ ᠰᠠᠢᠵᠢᠷᠠᠭᠤᠯᠵᠤ ᠳᠡᠭᠡᠭᠰᠢᠯᠡᠭᠦᠯᠬᠦ ᠬᠡᠷᠡᠭᠲᠡᠢ ᠃
ᠭᠤᠷᠪᠠ ᠳ᠋ᠤ᠌᠂ ᠨᠠᠮ ᠤ᠋ᠨ ᠲᠡᠦᠬᠡ ᠶ᠋ᠢ ᠰᠤᠷᠤᠯᠴᠠᠬᠤ ᠶ᠋ᠢ ᠲᠤᠷᠰᠢᠯᠭ᠎ᠠ ᠪᠠᠨ ᠳ᠋ᠦᠩᠨᠡᠵᠦ ᠂ ᠣᠳᠣᠬᠢ ᠪᠠᠢᠳᠠᠯ ᠢ᠋ ᠠᠵᠢᠯ ᠢ᠋ᠶ᠋ᠠᠨ ᠲᠦᠯᠬᠢᠨ ᠠᠬᠢᠭᠤᠯᠬᠤ ᠶᠠᠪᠤᠳᠠᠯ ᠲᠠᠢ ᠤᠶᠠᠯᠳᠤᠭᠤᠯᠬᠤ ᠬᠡᠷᠡᠭᠲᠡᠢ ᠃ ᠨᠠᠮ ᠤ᠋ᠨ ᠰᠢᠨᠵᠢ ᠴᠢᠨᠠᠷ᠂ ᠵᠣᠷᠢᠯᠲᠠ ᠪᠠ ᠤᠭ ᠰᠠᠨᠠᠭ᠎ᠠ ᠡᠭᠦᠷᠭᠡ ᠶ᠋ᠢ ᠭᠦᠨᠵᠡᠭᠡᠢ ᠣᠢᠯᠠᠭᠠᠵᠤ ᠂ ᠨᠠᠮ ᠤ᠋ᠨ ᠲᠡᠦᠬᠡ ᠰᠤᠷᠤᠯᠴᠠᠯᠭ᠎ᠠ ᠬᠥᠮᠦᠵᠢᠯ ᠪᠣᠯᠤᠨ ᠨᠠᠮ ᠲᠥᠷᠥ ᠶ᠋ᠢᠨ ᠠᠵᠢᠯ ᠤ᠋ᠨ ᠶᠡᠬᠡ ᠲᠠᠯ᠎ᠠ ᠶ᠋ᠢ ᠪᠠᠲᠤᠯᠠᠬᠤ ᠳ᠋ᠤ᠌ ᠦᠢᠯᠡᠴᠢᠯᠡᠬᠦ ᠲᠡᠢ ᠤᠶᠠᠯᠳᠤᠭᠤᠯᠵᠤ ᠂ ᠤᠬᠠᠮᠰᠠᠷ ᠠ᠋ᠴᠠ ᠪᠠᠨ ᠠᠷᠠᠳ ᠤ᠋ᠨ ᠲᠠᠯ᠎ᠠ ᠳ᠋ᠤ᠌ ᠵᠣᠭᠰᠣᠵᠤ ᠂ ᠬᠠᠤᠯᠢ ᠴᠠᠭᠠᠵᠠ ᠠᠷᠠᠳ ᠤ᠋ᠨ ᠲᠥᠯᠥᠭᠡ ᠪᠠᠢᠬᠤ ᠂ ᠲᠥᠪ ᠭᠣᠣᠯᠴᠢ ᠪᠠᠷ ᠬᠠᠤᠯᠢ ᠬᠡᠷᠡᠭᠵᠢᠭᠦᠯᠬᠦ᠂ ᠠᠷᠠᠳ ᠤ᠋ᠨ ᠠᠮᠢᠳᠤᠷᠠᠯ ᠤ᠋ᠨ ᠬᠠᠤᠯᠢ ᠴᠠᠭᠠᠵᠠ ᠶ᠋ᠢᠨ ᠪᠠᠲᠤᠯᠠᠭ᠎ᠠ ᠶ᠋ᠢ ᠴᠢᠩᠭᠠᠳᠬᠠᠵᠤ ᠂ ᠠᠷᠠᠳ ᠣᠯᠠᠨ ᠤ᠋ ᠬᠠᠤᠯᠢ ᠴᠠᠭᠠᠵᠠ ᠶ᠋ᠢᠨ ᠬᠠᠨᠤᠮᠵᠢ ᠶ᠋ᠢᠨ ᠬᠡᠮᠵᠢᠶ᠎ᠡ ᠶ᠋ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠨᠢ ᠠᠵᠤ ᠠᠬᠤᠢ ᠨᠡᠢᠭᠡᠮ ᠦ᠋ᠨ ᠶᠠᠰᠤ ᠴᠢᠨᠠᠷ ᠤ᠋ᠨ ᠬᠥᠭᠵᠢᠯᠲᠡ ᠶ᠋ᠢ ᠠᠬᠢᠭᠤᠯᠤᠨ᠎ᠠ᠃
ᠦᠨᠡᠯᠡᠬᠦ 0ᠦᠨᠡᠯᠡᠯᠲᠡ ᠲᠠᠢ