ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠪᠦᠬᠦ ᠬᠣᠲᠠ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠲᠡᠦᠬᠡ ᠰᠤᠷᠤᠯᠴᠠᠯᠭ᠎ᠠ ᠬᠥᠮᠦᠵᠢᠯ ᠦ᠋ᠨ ᠲᠤᠰᠬᠠᠢ ᠰᠡᠳᠦᠪᠲᠦ ᠪᠣᠯᠪᠠᠰᠤᠷᠠᠯ ᠤ᠋ᠨ ᠠᠩᠭᠢ ᠡᠷᠬᠢᠯᠡᠯ᠎ᠡ
2021.03.09 ᠲᠣᠰ ᠥᠷᠲᠡᠭᠡᠨ᠎ᠦ ᠨᠠᠢᠷᠠᠭᠤᠯᠤᠭᠴᠢ

     ᠪᠥᠬᠥ ᠤᠯᠤᠰ ᠤ᠋ᠨ ᠨᠠᠮ ᠤ᠋ᠨ ᠲᠡᠦᠬᠡ ᠰᠤᠷᠤᠯᠴᠠᠯᠭ᠎ᠠ ᠬᠥᠮᠦᠵᠢᠯ ᠦ᠋ᠨ ᠳᠠᠢᠴᠢᠯᠠᠯᠲᠠ ᠶ᠋ᠢᠨ ᠶᠡᠬᠡ ᠬᠤᠷᠠᠯ ᠳᠡᠭᠡᠷᠡᠬᠢ ᠱᠢ ᠵᠢᠨ ᠫᠢᠩ ᠦ᠋ᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠶ᠋ᠢ ᠪᠥᠬᠥ ᠲᠠᠯ᠎ᠠ ᠪᠠᠷ ᠲᠤᠤᠱᠯᠠᠭᠤᠯᠤᠨ ᠨᠠᠢᠳᠠᠪᠤᠷᠢᠵᠢᠭᠤᠯᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠺᠠᠲᠠᠷ ᠴᠠᠭᠳᠠᠭ᠎ᠠ ᠶ᠋ᠢ ᠬᠥᠮᠦᠵᠢᠭᠦᠯᠦᠨ ᠵᠢᠯᠣᠭᠣᠳᠴᠤ ᠨᠠᠮ ᠤ᠋ᠨ ᠲᠡᠦᠬᠡ ᠰᠤᠷᠤᠯᠴᠠᠬᠤ ᠶᠠᠪᠤᠴᠠ ᠪᠠ ᠠᠭᠤᠤ ᠶᠡᠬᠡ ᠦᠷ᠎ᠡ ᠪᠦᠲᠦᠮᠵᠢ ᠪᠡᠷ ᠲᠡᠮᠡᠴᠡᠯ ᠦ᠋ᠨ ᠵᠣᠷᠢᠭ ᠢ᠋ ᠬᠥᠭᠵᠢᠭᠡᠨ ᠂ ᠴᠢᠭᠯᠡᠯ ᠢ᠋ ᠲᠣᠳᠣᠷᠬᠠᠢ ᠪᠣᠯᠭᠠᠵᠤ ᠂ ᠨᠠᠮ ᠤ᠋ᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢ᠋ᠶ᠋ᠠᠷ ᠢᠲᠡᠭᠡᠯ ᠵᠣᠷᠢᠭ ᠢ᠋ ᠪᠠᠲᠤᠳᠬᠠᠨ ᠂ ᠬᠦᠴᠦᠨ ᠴᠢᠳᠠᠯ ᠢ᠋ ᠨᠢᠭᠲᠠᠷᠠᠭᠤᠯᠬᠤ ᠬᠡᠷᠡᠭᠲᠡᠢ ᠃ 3 ᠰᠠᠷ᠎ᠠ ᠶ᠋ᠢᠨ 2 ᠤ᠋ ᠡᠳᠦᠷ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠸᠢᠳᠢᠣ᠋ ᠬᠡᠯᠪᠡᠷᠢ ᠪᠡᠷ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠦ᠋ᠨ ᠲᠤᠰᠬᠠᠢ ᠰᠡᠳᠦᠪᠲᠦ ᠪᠣᠯᠪᠠᠰᠤᠷᠠᠯ ᠤ᠋ᠨ ᠠᠩᠭᠢ ᠶ᠋ᠢ ᠡᠷᠬᠢᠯᠡᠵᠡᠢ᠃ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠳᠡᠳ᠋ ᠳᠠᠷᠤᠭ᠎ᠠ ᠯᠢ ᠵᠢᠩ ᠭᠦᠸᠧ ᠡᠷᠬᠢᠯᠡᠨ ᠬᠥᠮᠦᠵᠢᠭᠦᠯᠵᠦ ᠂ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠪᠦᠬᠦ  ᠺᠠᠲᠠᠷ ᠴᠠᠭᠳᠠᠭ᠎ᠠ ᠪᠣᠯᠪᠠᠰᠤᠷᠠᠯ ᠳ᠋ᠤ᠌ ᠣᠷᠣᠯᠴᠠᠪᠠ ᠃

 

     ᠲᠤᠰ  ᠤᠳᠠᠭᠠᠨ ᠤ ᠪᠣᠯᠪᠠᠰᠤᠷᠠᠯ ᠨᠢ ᠥᠪᠥᠷ ᠮᠣᠩᠭᠣᠯ ᠤ᠋ᠨ ᠨᠠᠮ ᠤ᠋ᠨ ᠰᠤᠷᠭᠠᠭᠤᠯᠢ ᠶ᠋ᠢᠨ ᠨᠠᠮ ᠤ᠋ᠨ ᠪᠠᠢᠭᠤᠯᠤᠯᠲᠠ ᠶ᠋ᠢᠨ ᠲᠡᠦᠬᠡ ᠵᠢᠭᠠᠨ ᠰᠤᠳᠤᠯᠬᠤ ᠬᠡᠯᠲᠡᠰ ᠦ᠋ᠨ ᠡᠷᠬᠢᠯᠡᠭᠴᠢ ᠂ ᠤᠯᠤᠰ ᠤ᠋ᠨ ᠬᠣᠶᠠᠳᠤᠭᠠᠷ ᠳᠡᠰ ᠦ᠋ᠨ ᠫᠷᠣᠹᠧᠰᠰᠣᠷ ᠰᠦᠨ ᠵᠢᠶᠧ ᠫᠷᠣᠹᠧᠰᠰᠣᠷ ᠢ᠋ ᠤᠷᠢᠵᠤ 《ᠵᠠᠭᠤᠨ  ᠵᠢᠯ ᠤᠨ ᠨᠠᠮ ᠤ᠋ᠨ ᠬᠡᠪ ᠰᠤᠷᠲᠠᠯ ᠲᠥᠪ ᠰᠢᠳᠤᠷᠭᠤ - ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠵᠠᠭᠤᠨ ᠵᠢᠯ ᠦ᠋ᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠪᠣᠯᠤᠨ ᠦᠨᠳᠦᠰᠦᠨ ᠲᠤᠷᠰᠢᠯᠭ᠎ᠠ》 ᠶ᠋ᠢᠨ ᠲᠤᠰᠬᠠᠢ ᠰᠡᠳᠦᠪᠲᠦ ᠲᠠᠢᠯᠤᠮᠵᠢ ᠬᠢᠵᠡᠢ ᠃ ᠰᠦᠨ ᠵᠢᠶᠧ ᠫᠷᠣᠹᠧᠰᠰᠣᠷ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠶ᠋ᠢ ᠥᠷᠨᠢᠭᠦᠯᠬᠦ ᠴᠢᠬᠤᠯᠠ ᠶᠡᠬᠡ ᠠᠴᠢ ᠬᠣᠯᠪᠣᠭᠳᠠᠯ ᠢ᠋ ᠣᠯᠠᠨ ᠲᠠᠯ᠎ᠠ ᠠ᠋ᠴᠠ ᠲᠠᠢᠯᠪᠤᠷᠢᠯᠠᠵᠤ᠂ ᠪᠦᠬᠦ ᠲᠠᠯ᠎ᠠ ᠡᠴᠡ ᠨᠠᠮ ᠤᠨ ᠵᠠᠭᠤᠨ ᠵᠢᠯ ᠦ᠋ᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠂ ᠠᠭᠤᠤ ᠶᠡᠬᠡ ᠠᠮᠵᠢᠯᠲᠠ ᠪᠣᠯᠤᠨ ᠦᠨᠳᠦᠰᠦᠨ ᠲᠤᠷᠰᠢᠯᠭ᠎ᠠ᠂ ᠨᠠᠮ ᠤ᠋ᠨ ᠲᠡᠦᠬᠡ ᠰᠤᠷᠤᠯᠴᠠᠬᠤ ᠦᠨᠳᠦᠰᠦᠨ ᠱᠠᠭᠠᠷᠳᠠᠯᠭ᠎ᠠ ᠪᠣᠯᠤᠨ ᠠᠵᠢᠯ ᠤ᠋ᠨ  ᠭᠣᠣᠯᠳᠠᠯᠭ᠎ᠠ ᠵᠢ ᠰᠠᠢᠲᠤᠷ ᠲᠣᠳᠣᠷᠬᠠᠢᠯᠠᠪᠠ ᠃ 

     ᠬᠤᠷᠠᠯ ᠠ᠋ᠴᠠ ᠂ ᠪᠦᠬᠦ ᠨᠠᠮ ᠤ᠋ᠨ ᠬᠡᠪᠴᠢᠶᠡᠨ ᠳ᠋ᠦ᠍ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠢ᠋ ᠥᠷᠨᠢᠭᠦᠯᠬᠦ ᠪᠣᠯ ᠨᠠᠮ ᠤ᠋ᠨ ᠲᠥᠪ ᠬᠣᠷᠢᠶ᠎ᠠ ᠨᠠᠮ ᠤ᠋ᠨ ᠵᠠᠭᠤᠨ ᠵᠢᠯ ᠦ᠋ᠨ ᠲᠡᠦᠬᠡ ᠶ᠋ᠢᠨ ᠰᠢᠨ᠎ᠡ ᠡᠬᠢᠯᠡᠯᠲᠡ ᠂ ᠳᠤᠮᠳᠠᠳᠤ ᠶ᠋ᠢᠨ ᠦᠨᠳᠦᠰᠦᠲᠡᠨ ᠦ᠌ ᠠᠭᠤᠤ ᠶᠡᠬᠡ ᠰᠡᠷᠭᠦᠨ ᠮᠠᠨᠳᠤᠯᠲᠠ ᠶ᠋ᠢᠨ ᠪᠠᠢᠯᠳᠤᠬᠤ ᠪᠣᠳᠣᠯᠭ᠎ᠠ ᠶ᠋ᠢᠨ ᠪᠦᠬᠦ ᠲᠠᠯ᠎ᠠ ᠪᠠ ᠳᠡᠯᠡᠬᠡᠢ ᠶ᠋ᠢᠨ ᠵᠠᠭᠤᠨ ᠵᠢᠯ ᠳ᠋ᠦ᠍ ᠲᠣᠬᠢᠶᠠᠯᠳᠤᠭ᠎ᠠ ᠦᠭᠡᠢ ᠶᠡᠬᠡ ᠬᠤᠪᠢᠷᠠᠯᠲᠠ ᠂ ᠪᠦᠬᠦ ᠨᠠᠮ ᠪᠦᠬᠦ ᠤᠯᠤᠰ ᠢ᠋ ᠳᠠᠢᠴᠢᠯᠠᠵᠤ ᠂ ᠢᠲᠡᠭᠡᠯ ᠲᠡᠭᠦᠯᠳᠡᠷ ᠢ᠋ᠶ᠋ᠡᠷ ᠨᠡᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ᠋ ᠪᠥᠬᠥ ᠲᠠᠯ᠎ᠠ ᠪᠠᠷ ᠪᠠᠢᠭᠤᠯᠬᠤ ᠳ᠋ᠤ᠌ ᠣᠷᠣᠯᠴᠠᠭᠰᠠᠨ ᠴᠢᠬᠤᠯᠠ ᠰᠢᠢᠳᠪᠦᠷᠢᠲᠦ ᠪᠣᠳᠣᠯᠭ᠎ᠠ ᠮᠥᠨ ᠃ ᠱᠢ ᠵᠢᠨ ᠫᠢᠩ ᠶᠡᠷᠦᠩᠬᠡᠢ ᠱᠦᠵᠢ ᠶ᠋ᠢᠨ ᠨᠠᠮ ᠤ᠋ᠨ ᠲᠡᠦᠬᠡ ᠰᠤᠷᠤᠯᠴᠠᠯᠭ᠎ᠠ ᠬᠥᠮᠦᠵᠢᠯ ᠦ᠋ᠨ ᠳᠠᠢᠴᠢᠯᠠᠯᠲᠠ ᠶ᠋ᠢᠨ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠶ᠋ᠢ ᠭᠦᠨᠵᠡᠭᠡᠢ ᠣᠢᠯᠠᠭᠠᠵᠤ ᠨᠠᠮ ᠤ᠋ᠨ ᠲᠡᠦᠬᠡ ᠶ᠋ᠢ ᠰᠤᠷᠤᠯᠴᠠᠬᠤ ᠶ᠋ᠢ ᠣᠳᠣᠬᠠᠨ ᠤ᠋ ᠪᠠ ᠬᠣᠢᠰᠢᠳᠠ ᠶ᠋ᠢᠨ ᠨᠢᠭᠡᠨ ᠬᠤᠭᠤᠴᠠᠭᠠᠨ ᠤ᠋ ᠨᠢᠭᠡᠨ ᠴᠢᠬᠤᠯᠠ ᠶᠡᠬᠡ ᠤᠯᠤᠰ ᠲᠥᠷᠥ ᠶ᠋ᠢᠨ ᠡᠭᠦᠷᠭᠡ ᠪᠣᠯᠭᠠᠨ ᠨᠠᠮ ᠤ᠋ᠨ ᠲᠡᠦᠬᠡ ᠶ᠋ᠢ ᠰᠤᠷᠤᠯᠴᠠᠵᠤ ᠂ ᠦᠵᠡᠯ ᠰᠠᠨᠠᠭ᠎ᠠ ᠶ᠋ᠢ ᠣᠢᠯᠠᠭᠠᠵᠤ ᠂ ᠪᠣᠳᠠᠲᠠᠢ ᠶᠠᠪᠤᠳᠠᠯ ᠬᠢᠵᠦ ᠂ ᠰᠢᠨ᠎ᠡ ᠪᠠᠢᠳᠠᠯ ᠢ᠋ ᠨᠡᠭᠡᠭᠡᠨ ᠴᠣᠭ ᠵᠢᠪᠬᠤᠭ᠎ᠠ ᠪᠠᠷ ᠣᠷᠳᠣᠰ ᠬᠣᠲᠠ ᠶ᠋ᠢᠨ ᠠᠷᠠᠳ ᠤᠨ ᠰᠢᠭᠦᠬᠦ ᠬᠣᠷᠢᠶ᠎ᠠ ᠶ᠋ᠢᠨ ᠠᠵᠢᠯ ᠤ᠋ᠨ ᠰᠢᠨ᠎ᠡ ᠪᠠᠢᠳᠠᠯ ᠢ᠋ ᠬᠦᠴᠦᠯᠡᠨ ᠡᠬᠢᠯᠡᠭᠦᠯᠵᠦ ᠰᠢᠯᠢᠳᠡᠭ ᠬᠢᠷᠢ ᠪᠦᠲᠦᠮᠵᠢ ᠪᠡᠷ ᠨᠠᠮ ᠪᠠᠢᠭᠤᠯᠤᠭᠳᠠᠭᠰᠠᠨ 100 ᠵᠢᠯ ᠦ᠋ᠨ ᠣᠢ ᠶ᠋ᠢ ᠤᠭᠲᠤᠶ᠎ᠠ ᠭᠡᠵᠡᠢ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )