ᠬᠠᠤᠯᠢ ᠪᠠᠷ ᠵᠠᠰᠠᠬᠤ ᠶ᠋ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶ᠋ᠢᠨ ᠲᠥᠯᠥᠭᠡ ᠪᠦᠬᠦ ᠬᠣᠲᠠ ᠶ᠋ᠢᠨ ᠠᠵᠤ ᠠᠬᠤᠢ ᠶ᠋ᠢᠨ ᠥᠨᠳᠦᠷ ᠬᠥᠭᠵᠢᠯᠲᠡ ᠳ᠋ᠦ᠍ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠪᠠ᠃ ᠣᠢᠷ᠎ᠠ ᠶ᠋ᠢᠨ ᠡᠳᠦᠷ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ 2011 ᠣᠨ ᠤ᠋ 10 ᠳ᠋ᠤᠭᠠᠷ ᠤᠳᠠᠭ᠎ᠠ ᠶ᠋ᠢᠨ ᠨᠠᠮ ᠤ᠋ᠨ ᠳᠤᠭᠤᠢᠯᠠᠩ ᠤ᠋ᠨ (ᠥᠷᠭᠡᠳᠬᠡᠭᠰᠡᠨ) ᠬᠤᠷᠠᠯ ᠵᠢᠴᠢ ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠲᠣᠭᠣᠷᠢᠨ ᠪᠠᠢᠴᠠᠭᠠᠵᠤ ᠴᠡᠭᠴᠡᠯᠡᠨ ᠥᠭᠡᠷᠡᠴᠢᠯᠡᠬᠦ ᠠᠵᠢᠯ ᠤ᠋ᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ ᠃ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ᠂ ᠬᠣᠷᠢᠶᠠᠨ ᠳᠠᠷᠤᠭ᠎ᠠ ᠰᠦᠷᠢ ᠵᠢᠶᠦ᠋ᠨ ᠬᠤᠷᠠᠯ ᠡᠷᠬᠢᠯᠡᠵᠦ ᠶᠠᠷᠢᠶ᠎ᠠ ᠲᠠᠯᠪᠢᠵᠠᠢ᠃
ᠬᠤᠷᠠᠯ ᠳᠡᠭᠡᠷ᠎ᠡ《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ ᠦ᠋ᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠪᠠᠳᠠᠷᠠᠭᠤᠯᠵᠤ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠲᠤᠬᠠᠢ ᠰᠠᠨᠠᠯ》 ᠢ᠋ ᠤᠯᠠᠮᠵᠢᠯᠠᠨ ᠰᠤᠷᠤᠯᠴᠠᠵᠤ ᠠᠷᠠᠯᠵᠢᠶ᠎ᠠ ᠬᠤᠳᠠᠯᠳᠤᠭ᠎ᠠ ᠶ᠋ᠢᠨ ᠣᠷᠴᠢᠨ ᠲᠣᠭᠣᠷᠢᠨ ᠢ᠋ ᠲᠣᠭᠣᠷᠢᠨ ᠪᠠᠢᠴᠠᠭᠠᠵᠤ ᠴᠡᠭᠴᠡᠯᠡᠨ ᠵᠠᠰᠠᠬᠤ ᠲᠦᠷᠦᠭᠦᠯᠡᠬᠦ ᠡᠭᠦᠷᠭᠡ ᠶ᠋ᠢ ᠰᠠᠢᠵᠢᠷᠠᠭᠤᠯᠤᠭᠰᠠᠨ ᠪᠠᠢᠳᠠᠯ ᠪᠠ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠠᠵᠢᠯᠯᠠᠭ᠎ᠠ ᠶ᠋ᠢ ᠰᠠᠢᠵᠢᠷᠠᠭᠤᠯᠬᠤ ᠲᠥᠰᠦᠯ ᠢ᠋ ᠨᠠᠢᠳᠠᠪᠤᠷᠢᠵᠢᠭᠤᠯᠤᠭᠰᠠᠨ ᠠᠬᠢᠴᠠ ᠶ᠋ᠢᠨ ᠪᠠᠢᠳᠠᠯ ᠢ᠋ ᠰᠣᠨᠣᠰᠴᠠᠢ ᠃ ᠨᠢᠭᠡ ᠳ᠋ᠦ᠍ ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ ᠬᠤᠳᠠᠯᠳᠤᠭ᠎ᠠ ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠰᠠᠢᠵᠢᠷᠠᠭᠤᠯᠬᠤ ᠠᠵᠢᠯ ᠢ᠋ ᠦᠷᠭᠦᠯᠵᠢᠯᠡᠨ ᠰᠠᠢᠲᠤᠷ ᠬᠢᠬᠦ ᠬᠡᠷᠡᠭᠲᠡᠢ ᠃ ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠨᠢ ᠠᠵᠤ ᠠᠬᠤᠢ ᠶ᠋ᠢᠨ ᠲᠣᠭᠲᠠᠭᠤᠨ ᠢ᠋ ᠬᠠᠮᠠᠭᠠᠯᠠᠬᠤ ᠂ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ ᠲᠠᠯ᠎ᠠ ᠪᠠᠷ ᠬᠢ ᠴᠢᠬᠤᠯᠠ ᠦᠢᠯᠡᠳᠦᠯ ᠢ᠋ ᠭᠦᠨᠵᠡᠭᠡᠢ ᠲᠠᠨᠢᠵᠤ ᠂ ᠥᠨᠳᠦᠷ ᠬᠥᠭᠵᠢᠯᠲᠡ ᠶ᠋ᠢ ᠠᠬᠢᠭᠤᠯᠬᠤ ᠭᠣᠣᠯ ᠰᠡᠳᠦᠪ ᠰᠢᠨ᠎ᠡ ᠬᠥᠭᠵᠢᠯᠲᠡ ᠶ᠋ᠢᠨ ᠱᠠᠲᠤᠨ ᠳ᠋ᠤ᠌ ᠰᠠᠭᠤᠷᠢᠯᠠᠵᠤ ᠂ ᠰᠢᠨ᠎ᠡ ᠬᠥᠭᠵᠢᠯᠲᠡ ᠶ᠋ᠢᠨ ᠣᠢᠯᠠᠭᠠᠭᠳᠠᠬᠤᠨ ᠢ᠋ ᠲᠤᠤᠱᠯᠠᠭᠤᠯᠵᠤ ᠂ ᠰᠢᠨ᠎ᠡ ᠬᠥᠭᠵᠢᠯᠲᠡ ᠶ᠋ᠢᠨ ᠪᠠᠢᠳᠠᠯ ᠢ᠋ ᠪᠣᠢ ᠪᠣᠯᠭᠠᠬᠤ ᠱᠠᠭᠠᠷᠳᠠᠯᠭ᠎ᠠ ᠶ᠋ᠢ ᠴᠢᠩᠭ᠎ᠠ ᠡᠵᠡᠮᠳᠡᠨ ᠂ ᠨᠠᠮ ᠤ᠋ᠨ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠂ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢ ᠬᠢᠨᠠᠮᠠᠭᠠᠢ ᠲᠤᠤᠱᠯᠠᠭᠤᠯᠤᠨ᠎ᠠ ᠃ ᠬᠣᠶᠠᠷ ᠲᠤ᠌᠂ ᠶᠡᠬᠡ ᠲᠠᠯ᠎ᠠ ᠳ᠋ᠤ᠌ ᠦᠢᠯᠡᠴᠢᠯᠡᠬᠦ ᠶ᠋ᠢ ᠪᠠᠷᠢᠮᠲᠠᠯᠠᠵᠤ ᠂ ᠬᠠᠤᠯᠢ ᠴᠠᠭᠠᠵᠠ ᠶ᠋ᠢᠨ ᠦᠢᠯᠡᠴᠢᠯᠡᠭᠡᠨ ᠦ᠌ ᠪᠠᠲᠤᠯᠠᠭ᠎ᠠ ᠶ᠋ᠢᠨ ᠡᠭᠦᠷᠭᠡ ᠴᠢᠳᠠᠪᠬᠢ ᠶ᠋ᠢᠨ ᠦᠢᠯᠡᠳᠦᠯ ᠢ᠋ᠶ᠋ᠡᠨ ᠭᠦᠢᠴᠡᠳ ᠪᠠᠳᠠᠷᠠᠭᠤᠯᠤᠨ᠎ᠠ ᠃ ᠬᠠᠤᠯᠢ ᠴᠠᠭᠠᠵᠠ ᠶ᠋ᠢᠨ ᠦᠢᠯᠡᠴᠢᠯᠡᠭᠡᠨ ᠦ᠌ ᠪᠠᠲᠤᠯᠠᠭ᠎ᠠ ᠶ᠋ᠢᠨ ᠣᠨᠣᠪᠴᠢᠲᠤ ᠴᠢᠨᠠᠷ ᠪᠠ ᠪᠦᠬᠦ ᠲᠠᠯ᠎ᠠ ᠶ᠋ᠢᠨ ᠴᠢᠨᠠᠷ ᠢ᠋ ᠤᠯᠠᠮ ᠨᠢᠭᠡ ᠠᠯᠬᠤᠮ ᠴᠢᠩᠭᠠᠳᠬᠠᠨ᠎ᠠ᠃ ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠪᠠ ᠠᠷᠠᠳ ᠠ᠋ᠴᠠ ᠡᠵᠡᠩᠨᠡᠭᠰᠡᠨ ᠠᠵᠤ ᠠᠬᠤᠢ ᠶ᠋ᠢᠨ ᠡᠷᠡᠭᠦᠯ ᠬᠥᠭᠵᠢᠯᠲᠡ ᠶ᠋ᠢ ᠠᠬᠢᠭᠤᠯᠬᠤ ᠨᠢ ᠤᠯᠤᠰ ᠲᠥᠷᠥ ᠶ᠋ᠢᠨ ᠴᠢᠬᠤᠯᠠ ᠬᠠᠷᠢᠭᠤᠴᠠᠯᠭ᠎ᠠ ᠪᠣᠯᠭᠠᠵᠤ ᠂ ᠦᠵᠡᠯ ᠰᠠᠨᠠᠭᠠᠨ ᠤ᠋ ᠣᠢᠯᠠᠭᠠᠭᠳᠠᠬᠤᠨ ᠢ᠋ᠶ᠋ᠠᠨ ᠰᠢᠨᠡᠳᠬᠡᠵᠦ ᠂ ᠰᠢᠭᠦᠨ ᠲᠠᠰᠤᠯᠬᠤ ᠡᠭᠦᠷᠭᠡ ᠴᠢᠳᠠᠪᠬᠢ ᠪᠠᠨ ᠪᠠᠲᠤᠳᠬᠠᠵᠤ ᠂ ᠦᠢᠯᠡᠴᠢᠯᠡᠭᠡᠨ ᠦ᠌ ᠠᠷᠭ᠎ᠠ ᠪᠠᠷᠢᠯ ᠢ᠋ᠶ᠋ᠠᠨ ᠰᠢᠨᠡᠴᠢᠯᠡᠵᠦ ᠂ ᠬᠠᠤᠯᠢ ᠴᠠᠭᠠᠵᠠ ᠶ᠋ᠢᠨ ᠴᠢᠳᠠᠪᠬᠢ ᠪᠠᠨ ᠥᠷᠭᠡᠳᠬᠡᠬᠦ ᠳᠡᠭᠡᠷ᠎ᠡ ᠬᠦᠴᠦ ᠲᠠᠯᠪᠢᠵᠤ ᠂ ᠨᠡᠩ ᠲᠣᠭᠲᠠᠭᠤᠨ ᠂ ᠨᠡᠩ ᠢᠯᠡ ᠲᠣᠳᠣ ᠬᠠᠤᠯᠢ ᠴᠠᠭᠠᠵᠠ ᠶ᠋ᠢ ᠢᠳᠡᠪᠬᠢᠲᠡᠢ ᠡᠭᠦᠳᠦᠨ ᠪᠠᠢᠭᠤᠯᠤᠨ᠎ᠠ ᠃ ᠭᠤᠷᠪᠠ ᠳ᠋ᠤ᠌ ᠂ ᠨᠢᠭᠡᠳᠦᠭᠡᠷ ᠴᠢᠬᠤᠯᠠ ᠡᠭᠦᠷᠭᠡ ᠶ᠋ᠢ ᠬᠦᠴᠦᠲᠡᠢ ᠠᠳᠬᠤᠵᠤ ᠂ ᠰᠢᠭᠦᠨ ᠲᠠᠰᠤᠯᠬᠤ ᠭᠦᠢᠴᠡᠳᠬᠡᠬᠦ ᠠᠵᠢᠯ ᠤ᠋ᠨ ᠴᠢᠨᠠᠷ ᠪᠦᠲᠦᠮᠵᠢ ᠪᠡᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠃ ᠶᠠᠰᠤ ᠴᠢᠨᠠᠷ ᠪᠠ ᠦᠷ᠎ᠡ ᠪᠦᠲᠦᠮᠵᠢ ᠶ᠋ᠢ ᠬᠠᠮᠲᠤ ᠳ᠋ᠤᠨᠢ ᠴᠢᠬᠤᠯᠠᠴᠢᠯᠠᠬᠤ ᠶ᠋ᠢ ᠪᠠᠷᠢᠮᠲᠠᠯᠠᠵᠤ ᠂ ᠬᠡᠷᠡᠭ ᠢ᠋ 《ᠬᠤᠪᠢᠶᠠᠷᠢᠯᠠᠨ ᠰᠠᠯᠭᠠᠵᠤ ᠰᠢᠭᠦᠨ ᠲᠠᠰᠤᠯᠬᠤ 》ᠲᠣᠭᠲᠠᠴᠠ ᠶ᠋ᠢᠨ ᠥᠭᠡᠷᠡᠴᠢᠯᠡᠯᠲᠡ ᠶ᠋ᠢ ᠰᠢᠯᠢᠳᠡᠭᠵᠢᠭᠦᠯᠵᠦ ᠵᠠᠷᠭᠤ ᠶ᠋ᠢᠨ ᠪᠠ ᠵᠠᠷᠭᠤ ᠶ᠋ᠢᠨ ᠪᠤᠰᠤ ᠲᠣᠭᠲᠠᠴᠠ ᠲᠠᠢ ᠵᠣᠯᠭᠠᠭᠤᠯᠬᠤ ᠶ᠋ᠢ ᠴᠢᠩᠭᠠᠳᠬᠠᠨ᠎ᠠ ᠃ ᠭᠦᠢᠴᠡᠳᠬᠡᠬᠦ ᠠᠵᠢᠯ ᠤ᠋ᠨ ᠮᠡᠳᠡᠭᠡ ᠵᠠᠩᠭᠢᠴᠢᠯᠠᠯᠲᠠ ᠶ᠋ᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠭᠦᠢᠴᠡᠳᠬᠡᠬᠦ ᠠᠵᠢᠯ ᠤ᠋ᠨ ᠤᠷᠲᠤ ᠬᠤᠭᠤᠴᠠᠭᠠᠨ ᠤ᠋ ᠪᠦᠲᠦᠮᠵᠢᠲᠦ ᠲᠣᠭᠲᠠᠴᠠ ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠡᠳ᠋ ᠬᠥᠷᠥᠩᠭᠡ ᠶ᠋ᠢ ᠬᠠᠮᠠᠭᠠᠯᠠᠨ ᠬᠠᠳᠠᠭᠠᠯᠠᠬᠤ ᠂ ᠨᠠᠢᠳᠠᠯᠭ᠎ᠠ ᠪᠠᠷ ᠭᠦᠢᠴᠡᠳᠬᠡᠬᠦ ᠂ ᠦᠨ᠎ᠡ ᠬᠠᠶᠠᠯᠴᠠᠨ ᠬᠤᠳᠠᠯᠳᠤᠬᠤ ᠶ᠋ᠢ ᠦᠨᠡᠯᠡᠨ ᠵᠢᠱ᠌ᠢᠬᠦ ᠵᠡᠷᠭᠡ ᠭᠦᠢᠴᠡᠳᠬᠡᠬᠦ ᠭᠣᠣᠯᠳᠠᠯᠭ᠎ᠠ ᠲᠠᠢ ᠭᠣᠭᠴᠣᠭ᠎ᠠ ᠳ᠋ᠠᠬᠢ ᠬᠠᠭᠤᠴᠢᠨ ᠬᠠᠳᠠᠭᠠᠯᠠᠭᠰᠠᠨ ᠬᠡᠷᠡᠭ ᠢ᠋ ᠢᠯᠭᠠᠷᠠᠭᠤᠯᠬᠤ ᠡᠷᠴᠢᠮ ᠢ᠋ᠶ᠋ᠡᠨ ᠴᠢᠩᠭᠠᠷᠠᠭᠤᠯᠵᠤ ᠂ ᠣᠨᠴᠠᠭᠠᠢᠯᠠᠨ ᠠᠷᠠᠳ ᠤ᠋ᠨ ᠠᠮᠢᠳᠤᠷᠠᠯ ᠳ᠋ᠤ᠌ ᠬᠣᠯᠪᠣᠭᠳᠠᠭᠰᠠᠨ ᠂ ᠠᠷᠠᠳ ᠠ᠋ᠴᠠ ᠡᠵᠡᠩᠨᠡᠭᠰᠡᠨ ᠠᠵᠤ ᠠᠬᠤᠢᠯᠠᠯ ᠤ᠋ᠨ ᠳᠠᠩᠰᠠ ᠬᠠᠷ᠎ᠠ ᠶ᠋ᠢ ᠥᠷᠢᠲᠦᠵᠦ ᠪᠠᠢᠭ᠎ᠠ ᠵᠡᠷᠭᠡ ᠬᠡᠷᠡᠭ ᠢ᠋ ᠭᠦᠢᠴᠡᠳᠬᠡᠬᠦ ᠡᠷᠴᠢᠮ ᠢ᠋ᠶ᠋ᠡᠨ ᠴᠢᠩᠭᠠᠳᠬᠠᠨ᠎ᠠ ᠃
ᠬᠤᠷᠠᠯ ᠠ᠋ᠴᠠ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠶᠡᠷᠦᠩᠬᠡᠢ ᠱᠦᠵᠢ ᠰᠢ ᠵᠢᠨ ᠫᠢᠩ ᠦ᠋ᠨ 《ᠬᠠᠤᠯᠢ ᠪᠠᠷ ᠵᠠᠰᠠᠬᠤ ᠪᠣᠯ ᠬᠠᠮᠤᠭ ᠰᠠᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ》 ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠭᠦᠨᠵᠡᠭᠡᠢ ᠦᠢᠯᠡᠳᠦᠯᠭᠡᠵᠢᠭᠦᠯᠦᠨ ᠂ ᠴᠡᠭᠴᠡᠯᠡᠨ ᠥᠭᠡᠷᠡᠴᠢᠯᠡᠬᠦ ᠡᠭᠦᠷᠭᠡ ᠪᠡᠨ ᠤᠯᠠᠮ ᠨᠢᠭᠡ ᠠᠯᠬᠤᠮ ᠨᠠᠢᠳᠠᠪᠤᠷᠢᠵᠢᠭᠤᠯᠵᠤ ᠂ ᠠᠵᠢᠯ ᠤ᠋ᠨ ᠲᠣᠭᠲᠠᠴᠠ ᠪᠠᠨ ᠲᠡᠭᠦᠯᠳᠡᠷᠵᠢᠭᠦᠯᠦᠨ ᠂ ᠪᠥᠬᠥ ᠬᠣᠲᠠ ᠶ᠋ᠢᠨ ᠠᠵᠤ ᠠᠬᠤᠢ ᠨᠡᠢᠭᠡᠮ ᠦ᠋ᠨ ᠥᠨᠳᠥᠷ ᠬᠥᠭᠵᠢᠯᠲᠡ ᠶ᠋ᠢ ᠠᠬᠢᠭᠤᠯᠬᠤ ᠳ᠋ᠤ᠌ ᠨᠡᠩ ᠬᠦᠴᠦᠲᠡᠢ ᠬᠠᠤᠯᠢ ᠴᠠᠭᠠᠵᠠ ᠶ᠋ᠢᠨ ᠪᠠᠲᠤᠯᠠᠭ᠎ᠠ ᠬᠠᠩᠭᠠᠬᠤ ᠬᠡᠷᠡᠭᠲᠡᠢ ᠃
ᠦᠨᠡᠯᠡᠬᠦ 0ᠦᠨᠡᠯᠡᠯᠲᠡ ᠲᠠᠢ