ᠬᠣᠲᠠ ᠶ᠋ᠢᠨ ᠶᠡᠷᠦᠩᠬᠡᠢ ᠱᠦᠵᠢ ᠰᠢ ᠵᠢᠨ ᠫᠢᠩ ᠦ᠋ᠨ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡᠨ ᠦ᠌ ᠪᠠᠢᠭᠤᠯᠤᠯᠲᠠ ᠶ᠋ᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠪᠣᠯᠤᠨ ᠪᠣᠯᠪᠠᠰᠤᠷᠠᠯ ᠤ᠋ᠨ ᠦᠭᠡ ᠶ᠋ᠢᠨ ᠵᠣᠷᠢᠭ ᠰᠠᠨᠠᠭ᠎ᠠ ᠶ᠋ᠢ ᠭᠦᠨᠵᠡᠭᠡᠢ ᠲᠤᠤᠱᠠᠯᠠᠭᠤᠯᠬᠤ ᠶ᠋ᠢᠨ ᠲᠥᠯᠥᠭᠡ ᠂ ᠨᠠᠮ ᠤ᠋ᠨ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠂ ᠬᠣᠲᠠ ᠶ᠋ᠢᠨ ᠨᠠᠮ ᠤ᠋ᠨ ᠬᠣᠷᠢᠶᠠᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡᠨ ᠦ᠌ ᠰᠤᠷᠭᠠᠨ ᠬᠥᠮᠦᠵᠢᠯ ᠢ᠋ ᠴᠡᠭᠴᠡᠯᠡᠨ ᠪᠠᠢᠷᠢᠯᠠᠭᠤᠯᠬᠤ ᠬᠤᠷᠠᠯ ᠵᠢᠴᠢ ᠳᠡᠭᠡᠳᠦ ᠱᠠᠲᠤᠨ ᠤ᠋ ᠰᠢᠭᠦᠬᠦ ᠬᠣᠷᠢᠶᠠᠨ ᠤ᠋ ᠡᠩᠨᠡᠭᠡ ᠶ᠋ᠢᠨ ᠰᠤᠷᠭᠠᠨ ᠬᠥᠮᠦᠵᠢᠯ ᠦ᠋ᠨ ᠴᠡᠭᠴᠡᠯᠡᠨ ᠵᠠᠰᠠᠬᠤ ᠳᠠᠢᠴᠢᠯᠠᠯᠲᠠ ᠪᠠᠢᠷᠢᠯᠠᠭᠤᠯᠤᠯᠲᠠ ᠶ᠋ᠢᠨ ᠬᠤᠷᠠᠯ ᠤ᠋ᠨ ᠵᠣᠷᠢᠭ ᠰᠠᠨᠠᠭ᠎ᠠ ᠶ᠋ᠢ ᠨᠠᠷᠢᠨ ᠬᠢᠨᠠᠮᠠᠭᠠᠢ ᠲᠤᠤᠱᠯᠠᠭᠤᠯᠤᠨ ᠂ ᠰᠢᠭᠦᠬᠦ ᠬᠣᠷᠢᠶᠠᠨ ᠤ᠋ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠵᠢᠯ ᠢ᠋ ᠪᠠᠢᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡ ᠶ᠋ᠢᠨ ᠰᠤᠷᠭᠠᠨ ᠬᠥᠮᠦᠵᠢᠯ ᠢ᠋ ᠴᠡᠭᠴᠡᠯᠡᠬᠦ ᠶᠢᠰᠦᠳᠦᠭᠡᠷ ᠵᠢᠭᠠᠨ ᠵᠢᠯᠣᠭᠣᠳᠬᠤ ᠳᠤᠭᠤᠢᠯᠠᠩ ᠤ᠋ᠨ ᠪᠦᠷᠢᠯᠳᠦᠬᠦᠨ ᠬᠤᠷᠠᠯ ᠳ᠋ᠤ᠌ ᠣᠷᠣᠯᠴᠠᠨ ᠵᠢᠭᠠᠨ ᠵᠢᠯᠣᠭᠣᠳᠪᠠ ᠃ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠬᠤᠷᠠᠯ ᠳ᠋ᠤ᠌ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ ᠂ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠬᠣᠷᠢᠶᠠᠨ ᠳᠡᠳ᠋ ᠳᠠᠷᠤᠭ᠎ᠠ ᠯᠢ ᠵᠢᠩ ᠭᠦᠸᠧ ᠬᠤᠷᠠᠯ ᠡᠷᠬᠢᠯᠡᠪᠡ ᠃
ᠬᠤᠷᠠᠯ ᠠ᠋ᠴᠠ ᠡᠮᠦᠨ᠎ᠡ ᠪᠦᠬᠦ ᠤᠯᠤᠰ ᠤ᠋ᠨ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡᠨ ᠦ᠌ ᠰᠤᠷᠭᠠᠨ ᠬᠥᠮᠦᠵᠢᠯ ᠢ᠋ ᠴᠡᠭᠴᠡᠯᠡᠬᠦ ᠲᠤᠷᠰᠢᠯᠲᠠ ᠶ᠋ᠢᠨ ᠴᠢᠭ ᠦ᠋ᠨ ᠠᠵᠢᠯ ᠤ᠋ᠨ ᠶᠡᠷᠦᠩᠬᠡᠢᠯᠡᠭᠰᠡᠨ ᠰᠢᠭᠦᠮᠵᠢ ᠶ᠋ᠢ ᠲᠣᠭᠣᠷᠢᠨ ᠦᠵᠡᠪᠡ ᠃
ᠬᠤᠷᠠᠯ ᠳᠡᠭᠡᠷ᠎ᠡ ᠯᠢ ᠵᠢᠩ ᠭᠦᠸᠧ ᠰᠢ ᠲᠡᠢ ᠹᠧᠩ ᠱᠦᠵᠢ ᠶ᠋ᠢᠨ ᠪᠦᠬᠦ ᠣᠷᠣᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡ ᠶ᠋ᠢᠨ ᠰᠤᠷᠭᠠᠨ ᠬᠥᠮᠦᠵᠢᠯ ᠢ᠋ ᠴᠡᠭᠴᠡᠯᠡᠨ ᠪᠠᠢᠷᠢᠯᠠᠭᠤᠯᠬᠤ ᠬᠤᠷᠠᠯ ᠳᠡᠭᠡᠷᠡᠬᠢ ᠶᠠᠷᠢᠶᠠᠨ ᠤ᠋ ᠵᠣᠷᠢᠭ ᠰᠠᠨᠠᠭ᠎ᠠ ᠪᠠ ᠨᠢᠦ ᠵᠢᠶᠦ᠋ᠨ ᠶᠠᠨ ᠱᠦᠵᠢ ᠶ᠋ᠢᠨ ᠪᠦᠬᠦ ᠬᠣᠲᠠ ᠶ᠋ᠢᠨ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡ ᠶ᠋ᠢᠨ ᠰᠤᠷᠭᠠᠨ ᠬᠥᠮᠦᠵᠢᠯ ᠢ᠋ ᠴᠡᠭᠴᠡᠯᠡᠨ ᠪᠠᠢᠷᠢᠯᠠᠭᠤᠯᠬᠤ ᠬᠤᠷᠠᠯ ᠳᠡᠭᠡᠷᠡᠬᠢ ᠶᠠᠷᠢᠶᠠᠨ ᠤ᠋ ᠵᠣᠷᠢᠭ ᠰᠠᠨᠠᠭ᠎ᠠ ᠶ᠋ᠢ ᠤᠯᠠᠮᠵᠢᠯᠠᠪᠠ ᠃
ᠬᠤᠷᠠᠯᠳᠤᠭᠠᠨ ᠠ᠋ᠴᠠ ᠵᠢᠭᠠᠵᠤ ᠭᠠᠷᠭᠠᠭᠰᠠᠨ ᠨᠢ ᠂ ᠰᠢᠭᠦᠬᠦ ᠬᠣᠷᠢᠶᠠᠨ ᠤ᠋ ᠡᠩᠨᠡᠭᠡ ᠶ᠋ᠢᠨ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢ ᠥᠷᠨᠢᠭᠦᠯᠬᠦ ᠪᠣᠯ ᠠᠷᠠᠳ ᠤ᠋ᠨ ᠰᠢᠭᠦᠬᠦ ᠬᠣᠷᠢᠶ᠎ᠠ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶ᠋ᠢ ᠡᠷᠬᠢᠮᠯᠡᠵᠦ ᠂ ᠡᠩᠨᠡᠭᠡᠨ ᠦ᠌ ᠦᠨᠡᠨᠴᠢ ᠰᠢᠳᠤᠷᠭᠤ ᠠᠷᠢᠭᠤᠨ ᠴᠡᠪᠡᠷ ᠨᠠᠢᠳᠠᠪᠤᠷᠢᠲᠠᠢ ᠪᠠᠢᠬᠤ ᠶ᠋ᠢ ᠦᠨᠡᠨᠬᠦ ᠪᠠᠲᠤᠯᠠᠬᠤ ᠶ᠋ᠢᠨ ᠵᠠᠢᠯᠠᠰᠢ ᠦᠭᠡᠢ ᠱᠠᠭᠠᠷᠳᠠᠯᠭ᠎ᠠ ᠪᠣᠯ ᠠᠷᠠᠳ ᠤ᠋ᠨ ᠰᠢᠭᠦᠬᠦ ᠬᠣᠷᠢᠶ᠎ᠠ ᠰᠢ ᠵᠢᠨ ᠫᠢᠩ ᠦ᠋ᠨ ᠬᠠᠤᠯᠢ ᠪᠠᠷ ᠵᠠᠰᠠᠬᠤ ᠦᠵᠡᠯ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ 《ᠬᠣᠶᠠᠷ ᠢ᠋ ᠬᠠᠮᠠᠭᠠᠯᠠᠬᠤ》 ᠶ᠋ᠢ ᠤᠬᠠᠮᠰᠠᠷ ᠠ᠋ᠴᠠ ᠪᠠᠨ ᠦᠢᠯᠡᠳᠦᠯᠭᠡᠵᠢᠭᠦᠯᠬᠦ ᠪᠣᠳᠠᠲᠠᠢ ᠠᠷᠭ᠎ᠠ ᠬᠡᠮᠵᠢᠶ᠎ᠡ ᠪᠣᠯᠤᠨ᠎ᠠ ᠃ ᠪᠥᠬᠥ ᠬᠣᠲᠠ ᠶ᠋ᠢᠨ ᠰᠢᠭᠦᠬᠦ ᠬᠣᠷᠢᠶ᠎ᠠ ᠨᠢ ᠡᠩᠨᠡᠭᠡᠨ ᠦ᠌ ᠬᠥᠮᠦᠵᠢᠯ ᠴᠡᠭᠴᠡᠯᠡᠯᠲᠡ ᠶ᠋ᠢ ᠥᠷᠨᠢᠭᠦᠯᠬᠦ ᠶ᠋ᠢᠨ ᠴᠢᠬᠤᠯᠠ ᠠᠴᠢ ᠬᠣᠯᠪᠣᠭᠳᠠᠯ ᠢ᠋ ᠭᠦᠢᠴᠡᠳ ᠲᠠᠨᠢᠵᠤ ᠂ ᠤᠯᠤᠰ ᠲᠥᠷᠥ ᠶ᠋ᠢᠨ ᠮᠠᠭᠠᠳᠯᠠᠬᠤ ᠴᠢᠳᠠᠪᠤᠷᠢ ᠂ ᠤᠯᠤᠰ ᠲᠥᠷᠥ ᠶ᠋ᠢᠨ ᠤᠳᠤᠷᠢᠳᠬᠤ ᠴᠢᠳᠠᠪᠤᠷᠢ ᠂ ᠤᠯᠤᠰ ᠲᠥᠷᠥ ᠶ᠋ᠢᠨ ᠬᠡᠷᠡᠭᠵᠢᠭᠦᠯᠬᠦ ᠬᠦᠴᠦᠨ ᠨᠢ ᠡᠩᠨᠡᠭᠡᠨ ᠦ᠌ ᠬᠥᠮᠦᠵᠢᠯ ᠴᠡᠭᠴᠡᠯᠡᠯᠲᠡ ᠶ᠋ᠢᠨ ᠠᠵᠢᠯ ᠢ᠋ ᠰᠠᠢᠲᠤᠷ ᠬᠢᠬᠦ ᠦᠵᠡᠯ ᠰᠠᠨᠠᠭᠠᠨ ᠤ᠋ ᠤᠬᠠᠮᠰᠠᠷ ᠂ ᠤᠯᠤᠰ ᠲᠥᠷᠥ ᠶ᠋ᠢᠨ ᠤᠬᠠᠮᠰᠠᠷ ᠪᠠ ᠦᠢᠯᠡ ᠠᠵᠢᠯᠯᠠᠭ᠎ᠠ ᠶ᠋ᠢᠨ ᠤᠬᠠᠮᠰᠠᠷ ᠢ᠋ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠡᠩᠨᠡᠭᠡᠨ ᠦ᠌ ᠬᠥᠮᠦᠵᠢᠯ ᠴᠡᠭᠴᠡᠯᠡᠯᠲᠡ ᠶ᠋ᠢᠨ ᠠᠵᠢᠯ ᠤ᠋ᠨ ᠪᠣᠳᠠᠲᠠᠢ ᠦᠷ᠎ᠡ ᠪᠦᠲᠦᠮᠵᠢ ᠣᠯᠬᠤ ᠶ᠋ᠢ ᠦᠨᠡᠨᠬᠦ ᠪᠠᠲᠤᠯᠠᠪᠠ ᠃
ᠨᠢᠭᠡ ᠳ᠋ᠦ᠍ ᠂ ᠬᠠᠷᠠᠯᠲᠠ ᠶ᠋ᠢᠨ ᠱᠠᠭᠠᠷᠳᠠᠯᠭ᠎ᠠ ᠶ᠋ᠢ ᠣᠨᠣᠪᠴᠢᠲᠠᠢ ᠡᠵᠡᠮᠰᠢᠬᠦ ᠬᠡᠷᠡᠭᠲᠡᠢ ᠃ ᠥᠪᠡᠷ ᠦ᠋ᠨ ᠬᠤᠪᠢᠰᠬᠠᠯᠲᠤ ᠵᠣᠷᠢᠭ ᠰᠠᠨᠠᠭ᠎ᠠ ᠪᠠᠨ ᠶᠡᠬᠡᠪᠡᠷ ᠪᠠᠳᠠᠷᠠᠭᠤᠯᠬᠤ ᠬᠡᠷᠡᠭᠲᠡᠢ᠃ 《ᠵᠠᠩᠭᠢᠯᠠᠭ᠎ᠠ ᠶᠢᠨ ᠴᠥᠭᠡᠨ ᠲᠣᠭ᠎ᠠ 》 ᠤᠯᠤᠰ ᠲᠥᠷᠥ ᠶ᠋ᠢᠨ ᠦᠨᠡᠨᠴᠢ ᠰᠢᠳᠤᠷᠭᠤ ᠶ᠋ᠢ ᠴᠢᠩᠭ᠎ᠠ ᠠᠳᠬᠤᠬᠤ᠂ ᠣᠯᠠᠨ ᠢ᠋ ᠲᠦᠢᠪᠡᠭᠡᠬᠦ ᠠᠭᠲᠠ ᠬᠦᠯᠦᠭ ᠢ᠋ᠶ᠋ᠡᠨ ᠠᠷᠢᠯᠭᠠᠬᠤ᠂ ᠭᠡᠮ ᠠᠷᠬᠠᠭ ᠭᠡᠮ ᠰᠣᠭᠣᠭ ᠢ᠋ ᠵᠠᠰᠠᠬᠤ᠂ ᠪᠠᠭᠠᠲᠤᠷ ᠵᠢᠱ᠌ᠢᠶᠡᠴᠢ ᠶ᠋ᠢᠨ ᠵᠣᠷᠢᠭ ᠰᠠᠨᠠᠭ᠎ᠠ ᠶ᠋ᠢ ᠪᠠᠳᠠᠷᠠᠭᠤᠯᠬᠤ 《ᠳᠥᠷᠪᠡᠨ ᠡᠭᠦᠷᠭᠡ》 ᠶ᠋ᠢ ᠴᠢᠩᠭ᠎ᠠ ᠠᠳᠬᠤᠬᠤ ᠬᠡᠷᠡᠭᠲᠡᠢ᠃ ᠤᠯᠤᠰ ᠲᠥᠷᠥ ᠳ᠋ᠦ᠍ ᠦᠨᠡᠨᠴᠢ ᠪᠤᠰᠤ ᠂ ᠬᠠᠤᠯᠢ ᠬᠡᠷᠡᠭᠵᠢᠭᠦᠯᠬᠦ ᠳ᠋ᠡᠭᠡᠨ ᠲᠥᠪ ᠭᠣᠣᠯᠴᠢ ᠪᠤᠰᠤ ᠂ ᠬᠠᠤᠯᠢ ᠪᠠᠷᠢᠬᠤ ᠳ᠋ᠠᠭᠠᠨ ᠠᠷᠢᠭᠤᠨ ᠴᠢᠬᠡᠴᠢ ᠪᠤᠰᠤ ᠂ ᠤᠴᠢᠷ ᠶᠠᠪᠤᠳᠠᠯ ᠲᠣᠬᠢᠶᠠᠯᠳᠤᠪᠠᠯ ᠡᠭᠦᠷᠦᠭᠦᠯᠬᠦ ᠦᠭᠡᠢ ᠂ ᠣᠪᠣᠷ ᠰᠤᠷᠲᠠᠯ ᠨᠢ ᠰᠠᠢᠨ ᠪᠢᠰᠢ ᠵᠡᠷᠭᠡ ᠥᠷᠭᠡᠨ ᠣᠯᠠᠨ ᠺᠠᠲᠠᠷ ᠴᠠᠭᠳᠠᠭ᠎ᠠ ᠶ᠋ᠢ ᠨᠠᠮ ᠪᠠ ᠠᠷᠠᠳ ᠲᠦᠮᠡᠨ ᠡᠴᠡ ᠣᠯᠭᠣᠭᠰᠠᠨ ᠰᠢᠨ᠎ᠡ ᠴᠠᠭ ᠦᠶ᠎ᠡ ᠶ᠋ᠢᠨ ᠡᠭᠦᠷᠭᠡ ᠬᠠᠷᠢᠭᠤᠴᠠᠯᠭ᠎ᠠ ᠪᠠᠨ ᠨᠡᠩ ᠰᠠᠢᠨ ᠡᠭᠦᠷᠭᠡᠯᠡᠬᠦ ᠶ᠋ᠢ ᠬᠦᠴᠦᠯᠡᠨ ᠰᠢᠢᠳᠪᠦᠷᠢᠯᠡᠪᠡ ᠃
ᠬᠣᠶᠠᠷ ᠲᠤ᠌ ᠂ ᠪᠦᠬᠦ ᠲᠠᠯ᠎ᠠ ᠪᠠᠷ ᠨᠠᠮ ᠢ᠋ ᠴᠢᠩᠭ᠎ᠠ ᠬᠠᠮᠢᠶᠠᠷᠴᠤ ᠴᠠᠭᠳᠠᠭ᠎ᠠ ᠶ᠋ᠢ ᠵᠠᠰᠠᠬᠤ ᠶ᠋ᠢ ᠪᠠᠷᠢᠮᠲᠠᠯᠠᠨ᠎ᠠ ᠃ 《 ᠲᠠᠪᠤ ᠶ᠋ᠢ ᠳᠠᠪᠠᠬᠤ 》 ᠱᠠᠭᠠᠷᠳᠠᠯᠭ᠎ᠠ ᠶ᠋ᠢᠨ ᠲᠣᠭᠣᠷᠢᠨ ᠳ᠋ᠤ᠌ ᠰᠤᠷᠤᠯᠴᠠᠯᠭ᠎ᠠ ᠬᠥᠮᠦᠵᠢᠯ ᠢ᠋ ᠰᠠᠢᠲᠤᠷ ᠠᠳᠬᠤᠵᠤ ᠂ ᠪᠠᠢᠴᠠᠭᠠᠨ ᠵᠠᠯᠠᠷᠠᠭᠤᠯᠤᠨ ᠳᠡᠭᠡᠭᠰᠢᠯᠡᠭᠦᠯᠬᠦ ᠭᠤᠷᠪᠠᠨ ᠭᠣᠭᠴᠣᠭ᠎ᠠ ᠶ᠋ᠢ ᠰᠠᠢᠲᠤᠷ ᠠᠳᠬᠤᠨ᠎ᠠ ᠃ ᠰᠤᠷᠤᠯᠴᠠᠯᠭ᠎ᠠ ᠬᠥᠮᠦᠵᠢᠯ ᠦ᠋ᠨ ᠵᠠᠩᠭᠢᠯᠠᠭ᠎ᠠ ᠨᠢ ᠤᠯᠤᠰ ᠲᠥᠷᠥ ᠶ᠋ᠢᠨ ᠬᠥᠲᠥᠯᠦᠨ ᠳᠠᠭᠠᠭᠤᠯᠬᠤ ᠶ᠋ᠢ ᠳᠣᠪᠣᠢᠯᠭᠠᠵᠤ ᠪᠠᠢᠴᠠᠭᠠᠵᠤ ᠴᠡᠭᠴᠡᠯᠡᠨ ᠰᠠᠢᠵᠢᠷᠠᠭᠤᠯᠬᠤ᠂ ᠵᠠᠩᠭᠢᠯᠠᠭ᠎ᠠ ᠶ᠋ᠢᠨ ᠳᠣᠪᠣᠢᠮ᠎ᠠ ᠠᠰᠠᠭᠤᠳᠠᠯ ᠢ᠋ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠯ᠎ᠠ ᠳ᠋ᠤ᠌ ᠳ᠋ᠦᠩᠨᠡᠯᠲᠡ ᠬᠢᠵᠦ ᠳᠡᠰ ᠳᠡᠪᠰᠢᠭᠦᠯᠬᠦ ᠳᠣᠪᠣᠢᠮ᠎ᠠ ᠳᠦᠷᠢᠮ ᠲᠣᠭᠲᠠᠭᠠᠯ ᠲᠣᠭᠲᠠᠭᠠᠵᠤ ᠡᠩᠨᠡᠭᠡ ᠶ᠋ᠢᠨ ᠰᠤᠷᠭᠠᠨ ᠬᠥᠮᠦᠵᠢᠯ ᠢ᠋ ᠴᠡᠭᠴᠡᠯᠡᠨ ᠰᠠᠢᠵᠢᠷᠠᠭᠤᠯᠤᠭᠰᠠᠨ ᠦᠷ᠎ᠡ ᠪᠦᠲᠦᠭᠡᠯ ᠢ᠋ ᠤᠷᠲᠤ ᠬᠤᠭᠤᠴᠠᠭ᠎ᠠ ᠪᠠᠷ ᠪᠦᠲᠦᠮᠵᠢᠲᠡᠢ ᠪᠣᠯᠭᠠᠬᠤ ᠶ᠋ᠢ ᠠᠬᠢᠭᠤᠯᠪᠠ ᠃
ᠭᠤᠷᠪᠠ ᠳ᠋ᠤ᠌᠂ ᠵᠣᠬᠢᠶᠠᠨ ᠪᠠᠢᠭᠤᠯᠤᠯᠲᠠ ᠶ᠋ᠢᠨ ᠤᠳᠤᠷᠢᠳᠤᠯᠭ᠎ᠠ ᠪᠠᠨ ᠴᠢᠩᠭ᠋ᠠᠳᠬᠠᠬᠤ ᠬᠡᠷᠡᠭᠲᠡᠢ ᠃ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠡᠩᠨᠡᠭᠡ ᠶ᠋ᠢᠨ ᠰᠤᠷᠭᠠᠨ ᠬᠥᠮᠦᠵᠢᠯ ᠢ᠋ ᠴᠡᠭᠴᠡᠯᠡᠬᠦ ᠠᠵᠢᠯ ᠢ᠋ ᠲᠥᠪ ᠦ᠋ᠨ ᠬᠢᠨᠠᠨ ᠵᠢᠯᠣᠭᠣᠳᠬᠤ ᠳᠤᠭᠤᠢᠯᠠᠩ ᠂ ᠥᠪᠡᠷᠲᠡᠭᠡᠨ ᠵᠠᠰᠠᠬᠤ ᠣᠷᠣᠨ ᠪᠣᠯᠤᠨ ᠬᠣᠲᠠ ᠶ᠋ᠢᠨ ᠵᠢᠭᠠᠨ ᠵᠢᠯᠣᠭᠣᠳᠬᠤ ᠳᠤᠭᠤᠢᠯᠠᠩ ᠤ᠋ᠨ ᠬᠢᠨᠠᠨ ᠵᠢᠯᠣᠭᠣᠳᠤᠯᠭ᠎ᠠ ᠳᠣᠣᠷ᠎ᠠ ᠂ ᠲᠤᠰ ᠱᠠᠲᠤᠨ ᠤ᠋ ᠣᠷᠣᠨ ᠨᠤᠲᠤᠭ ᠤ᠋ᠨ ᠨᠠᠮ ᠤ᠋ᠨ ᠬᠣᠷᠢᠶᠠᠨ ᠤ᠋ ᠰᠢᠭᠤᠳ ᠤᠳᠤᠷᠢᠳᠤᠯᠭ᠎ᠠ ᠳᠣᠣᠷ᠎ᠠ ᠬᠢᠨ᠎ᠡ ᠃ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠨᠠᠮ ᠤ᠋ᠨ ᠳᠤᠭᠤᠢᠯᠠᠩ ᠨᠢ ᠲᠤᠰ ᠬᠣᠷᠢᠶᠠᠨ ᠤ᠋ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠵᠣᠬᠢᠶᠠᠨ ᠪᠠᠢᠭᠤᠯᠤᠯᠲᠠ ᠶ᠋ᠢᠨ ᠤᠳᠤᠷᠢᠳᠤᠯᠭ᠎ᠠ ᠪᠠᠨ ᠴᠢᠩᠭᠠᠳᠬᠠᠵᠤ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠳ᠋ᠤ᠌ ᠱᠤᠭᠤᠮ ᠲᠣᠭᠲᠠᠭᠠᠨ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠵᠢᠯ ᠤ᠋ᠨ ᠨᠠᠢᠳᠠᠪᠤᠷᠢᠵᠢᠭᠤᠯᠤᠯᠲᠠ ᠶ᠋ᠢ ᠠᠬᠢᠭᠤᠯᠬᠤ ᠬᠡᠷᠡᠭᠲᠡᠢ ᠃
ᠳᠥᠷᠪᠡ ᠳ᠋ᠦ᠍᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ ᠃ ᠡᠩᠨᠡᠭᠡᠨ ᠦ᠌ ᠬᠥᠮᠦᠵᠢᠯ ᠴᠡᠭᠴᠡᠯᠡᠯᠲᠡ ᠪᠡᠷ ᠲᠣᠬᠢᠶᠠᠯ ᠪᠣᠯᠭᠠᠨ ᠂ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢ ᠰᠢᠭᠦᠬᠦ ᠬᠣᠷᠢᠶᠠᠨ ᠤ᠋ ᠡᠯ᠎ᠡ ᠲᠥᠷᠥᠯ ᠦ᠋ᠨ ᠭᠣᠣᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠵᠤ ᠂ ᠣᠷᠳᠣᠰ ᠬᠣᠲᠠ ᠶ᠋ᠢᠨ ᠠᠵᠤ ᠠᠬᠤᠢ ᠨᠡᠢᠭᠡᠮ ᠦ᠋ᠨ ᠥᠨᠳᠥᠷ ᠶᠠᠰᠤ ᠴᠢᠨᠠᠷ ᠬᠥᠭᠵᠢᠯᠲᠡ ᠶ᠋ᠢᠨ ᠠᠵᠢᠯ ᠤ᠋ᠨ ᠶᠡᠬᠡ ᠲᠠᠯ᠎ᠠ ᠳ᠋ᠤ᠌ ᠢᠳᠡᠪᠬᠢᠲᠡᠢ ᠠᠭᠤᠰᠤᠯᠴᠠᠨ ᠂ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠦᠷ᠎ᠡ ᠪᠦᠲᠦᠮᠵᠢ ᠶ᠋ᠢ ᠶᠡᠬᠡ ᠲᠠᠯ᠎ᠠ ᠳ᠋ᠤ᠌ ᠦᠢᠯᠡᠴᠢᠯᠡᠨ ᠂ ᠠᠷᠠᠳ ᠤ᠋ᠨ ᠲᠥᠯᠥᠭᠡ ᠬᠠᠤᠯᠢ ᠬᠡᠷᠡᠭᠵᠢᠭᠦᠯᠵᠦ ᠂ ᠲᠥᠪ ᠭᠣᠣᠯᠴᠢ ᠪᠠᠷ ᠬᠠᠤᠯᠢ ᠬᠡᠷᠡᠭᠵᠢᠭᠦᠯᠬᠦ ᠪᠣᠳᠠᠲᠤ ᠠᠮᠵᠢᠯᠲᠠ ᠶ᠋ᠢ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠰᠢᠨ᠎ᠡ ᠠᠮᠵᠢᠯᠲᠠ ᠪᠦᠲᠦᠮᠵᠢ ᠪᠣᠯᠭᠠᠨ ᠬᠤᠪᠢᠷᠠᠭᠤᠯᠤᠨ᠎ᠠ᠃
ᠬᠤᠷᠠᠯ ᠢ᠋ ᠸᠢᠳᠢᠣ᠋ ᠬᠤᠷᠠᠯ ᠤ᠋ᠨ ᠬᠡᠯᠪᠡᠷᠢ ᠪᠡᠷ ᠬᠤᠷᠠᠯᠳᠤᠭᠤᠯᠵᠠᠢ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ ᠪᠦᠷᠢᠯᠳᠦᠬᠦᠨ ᠪᠠ ᠪᠦᠬᠦ ᠺᠠᠲᠠᠷ ᠴᠠᠭᠳᠠᠭ᠎ᠠ ᠬᠤᠷᠠᠯ ᠤ᠋ᠨ ᠭᠣᠣᠯ ᠲᠠᠯᠠᠪᠠᠢ ᠳ᠋ᠤ᠌ ᠬᠤᠷᠠᠯ ᠳ᠋ᠤ᠌ ᠣᠷᠣᠯᠴᠠᠵᠠᠢ ᠃
ᠦᠨᠡᠯᠡᠬᠦ 0ᠦᠨᠡᠯᠡᠯᠲᠡ᠎ᠲᠠᠢ