ᠠᠷᠠᠳ ᠤ᠋ᠨ ᠵᠣᠪᠠᠨᠢᠯ ᠢ᠋ ᠬᠠᠤᠯᠢ ᠪᠡᠷ ᠲᠠᠢᠯᠠᠵᠤ ᠠᠷᠠᠳ ᠤ᠋ᠨ ᠰᠡᠳᠭᠢᠯ ᠢ᠋ ᠬᠠᠤᠯᠢ ᠪᠡᠷ ᠳᠤᠯᠠᠭᠠᠴᠠᠭᠤᠯᠬᠤ
2021.04.07 ᠲᠣᠰ ᠥᠷᠲᠡᠭᠡᠨ ᠦ ᠨᠠᠢᠷᠠᠭᠤᠯᠤᠭᠴᠢ

   ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢ ᠭᠦᠨᠵᠡᠭᠡᠶ  ᠲᠤᠭᠤᠰᠢᠯᠠᠭᠤᠯᠤᠨ  ᠨᠠᠢᠳᠠᠪᠤᠷᠢᠵᠢᠭᠤᠯᠵᠤ᠂ ᠠᠷᠠᠳ ᠤᠨ ᠲᠥᠯᠥᠭᠡ ᠬᠠᠤᠯᠢ  ᠪᠠᠷᠢᠬᠤ ᠵᠣᠷᠢᠭ ᠰᠠᠨᠠᠭ᠎ᠠ ᠶᠢ ᠢᠳᠡᠪᠬᠢᠲᠡᠶ  ᠦᠢᠯᠡᠳᠦᠯᠭᠡᠵᠢᠭᠦᠯᠦᠨ᠂ ᠠᠷᠠᠳ ᠣᠯᠠᠨ ᠤ ᠰᠠᠨᠠᠭ᠎ᠠ ᠵᠣᠪᠠᠬᠤ ᠶᠠᠪᠤᠳᠠᠯ ᠢ᠋ ᠦᠨᠡᠨᠬᠦ ᠰᠠᠶᠢᠲᠤᠷ  ᠰᠢᠢᠳᠪᠦᠷᠢᠯᠡᠬᠦ ᠶᠢᠨ ᠲᠤᠰᠠᠳᠠ ᠂ ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠨᠢ《 ᠪᠢ ᠣᠯᠠᠨ ᠲᠦᠮᠡᠨ ᠦ ᠲᠥᠯᠥᠭᠡ ᠪᠤᠳᠡᠳᠡᠢ ᠠᠵᠢᠯ ᠬᠢᠬᠦ》 ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ ᠂ ᠣᠯᠠᠨ ᠲᠦᠮᠡᠨ ᠳᠦ ᠪᠤᠳᠡᠳᠡᠢ ᠠᠵᠢᠯ ᠬᠢᠬᠦ ᠂ ᠰᠠᠢᠨ ᠶᠠᠪᠤᠳᠠᠯ ᠬᠢᠵᠦ ᠂ ᠬᠦᠴᠢᠷ ᠠᠰᠠᠭᠤᠳᠠᠯ ᠢ  ᠰᠢᠢᠳᠪᠦᠷᠢᠯᠡᠬᠦ ᠪᠡᠷ ᠴᠢᠷᠮᠠᠶᠢᠪᠠ ᠃   ᠣᠢᠷ᠎ᠠ  ᠳᠤ ᠂ ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠰᠢᠭᠦᠨ ᠲᠠᠰᠤᠯᠬᠤ ᠺᠣᠮᠢᠰ ᠤᠨ ᠲᠤᠰᠬᠠᠶ  ᠲᠤᠰᠢᠶᠠᠯᠲᠤ ᠭᠡᠰᠢᠭᠦᠨ ᠰᠢᠶᠸ ᠸᠧᠶ ᠨᠢᠩ ᠨᠡᠷ ᠲᠤᠰᠢᠬᠠᠢᠯᠠᠨ ᠬᠦᠬᠡᠬᠤᠳᠠ  ᠳᠤ ᠬᠦᠷᠴᠦ ᠂ ᠲᠤᠬᠠᠶ ᠶᠢᠨ ᠬᠥᠮᠦᠨ ᠵᠣᠣ ᠣᠪᠣᠭᠲᠤ ᠪᠣᠯᠤᠨ ᠯᠢ ᠣᠪᠣᠭᠲᠤ ᠳᠤ ᠬᠡᠷᠡᠭ ᠦᠨ ᠬᠠᠷᠢᠭᠤ ᠵᠢᠨ ᠰᠤᠷᠪᠤᠯᠵᠢᠯᠠᠭ᠎ᠠ  ᠬᠢᠵᠡᠶ ᠃ 
    ᠬᠠᠷᠢᠭᠤ ᠰᠤᠷᠪᠤᠯᠵᠢᠯᠠᠬᠤ ᠶᠠᠪᠤᠴᠠ ᠳᠤ ᠂ ᠬᠣᠶᠠᠷ ᠲᠤᠬᠠᠶ ᠶᠢᠨ ᠬᠥᠮᠦᠨ ᠴᠥᠮ ᠬᠡᠷᠡᠭ ᠢ  ᠰᠢᠢᠳᠪᠦᠷᠢᠯᠡᠭᠰᠡᠨ ᠦᠷ᠎ᠡ ᠳ᠋ᠦᠩ ᠳᠦ ᠮᠠᠰᠢ ᠬᠠᠨᠤᠮᠵᠢᠲᠠᠶ  ᠪᠠᠢᠬᠤ ᠪᠠᠨ ᠢᠯᠡᠳᠬᠡᠵᠦ ᠂ ᠥᠪᠡᠷ ᠦᠨ ᠬᠦᠰᠡᠯ ᠱᠠᠭᠠᠷᠳᠠᠯᠭ᠎ᠠ ᠪᠠᠨ ᠵᠦᠶ ᠵᠣᠬᠢᠰᠲᠠᠶ  ᠰᠢᠢᠳᠪᠦᠷᠢᠯᠡᠵᠦ ᠂ ᠲᠣᠰ ᠤᠳᠠᠭᠠᠨ ᠤ  ᠬᠠᠷᠢᠭᠤ ᠰᠤᠷᠪᠤᠯᠵᠢᠯᠠᠭ᠎ᠠ ᠳᠤ ᠲᠠᠯᠠᠷᠬᠠᠵᠤ  ᠪᠠᠢᠬᠤ ᠪᠠᠨ ᠢᠯᠡᠳᠬᠡᠪᠡ ᠃ ᠡᠭᠦᠨ ᠡᠴᠡ ᠭᠠᠳᠠᠨ᠎ᠠ᠂ ᠠᠳᠠᠯᠢ ᠠᠵᠢᠯ ᠲᠦᠷᠦᠯ ᠦᠨ ᠬᠠᠤᠯᠢ ᠶᠢᠨ  ᠲᠤᠰᠢᠶᠠᠯᠲᠠᠨ ᠬᠣᠶᠠᠷ ᠲᠤᠬᠠᠶ ᠶᠢᠨ ᠬᠥᠮᠦᠨ ᠦ ᠳᠤᠷᠠᠳᠤᠭᠰᠠᠨ ᠬᠠᠤᠯᠢ ᠴᠠᠭᠠᠵᠠ ᠶᠢᠨ ᠲᠠᠯ᠎ᠠ ᠪᠠᠷ ᠬᠢ ᠮᠠᠳᠠᠭ ᠲᠠᠶ ᠠᠰᠠᠭᠤᠳᠠᠯ ᠳᠤ ᠬᠦᠯᠢᠴᠡᠩᠭᠦᠶ ᠪᠡᠷ ᠬᠠᠷᠢᠭᠤᠯᠲᠠ ᠥᠭᠭᠦᠭᠰᠡᠨ ᠪᠥᠭᠡᠳ ᠬᠠᠤᠯᠢ ᠴᠠᠭᠠᠵᠠ ᠶᠢᠨ ᠰᠠᠨᠠᠭᠤᠯᠭ᠎ᠠ ᠥᠭᠭᠦᠭᠰᠡᠨ ᠪᠠᠶᠢᠨ᠎ᠠ᠃ 
   ᠲᠠᠷᠠᠭᠠᠴᠢ ᠶᠢᠨ ᠠᠯᠬᠤᠮ ᠳᠤ᠂ ᠤᠷᠳᠤᠰ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠢ᠎ᠠ ᠦᠷᠭᠦᠯᠵᠢᠯᠡᠨ ᠠᠷᠠᠳ ᠲᠦᠮᠡᠨ ᠢᠶᠡᠷ ᠭᠣᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠠᠨ ᠲᠦᠮᠡᠨ ᠦ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ ᠴᠠᠭ ᠲᠤᠬᠠᠢ ᠳᠤᠨᠢ ᠰᠠᠢᠲᠤᠷ ᠰᠢᠢᠳᠪᠦᠷᠢᠯᠡᠵᠦ᠂ ᠤᠯᠠᠨ ᠲᠦᠮᠡᠨ ᠦ ᠠᠮᠢ ᠪᠡᠶ᠎ᠡ ᠶᠢᠨ ᠠᠰᠢᠭ ᠲᠤᠰᠠ ᠶᠢ ᠦᠨᠡᠨᠬᠦ  ᠰᠠᠢᠲᠤᠷ ᠬᠠᠮᠠᠭᠠᠯᠠᠵᠤ᠂ ᠤᠯᠠᠨ ᠲᠦᠮᠡᠨ ᠦ ᠪᠠᠴᠢᠮ ᠬᠦᠴᠢᠷ ᠵᠣᠪᠠᠭᠤᠷᠢ ᠲᠠᠶ ᠤᠴᠢᠷ ᠶᠠᠪᠤᠳᠠᠯ ᠢ ᠪᠦᠬᠦ ᠰᠡᠳᠬᠢᠯ ᠪᠦᠬᠦ ᠬᠦᠴᠦᠨ ᠢᠶᠡᠷ ᠢᠶᠡᠨ  ᠰᠠᠢᠲᠤᠷ ᠰᠢᠢᠳᠪᠦᠷᠢᠯᠡᠵᠦ᠂ ᠠᠷᠠᠳ ᠤᠯᠠᠨ ᠳᠤ ᠬᠠᠤᠯᠢ ᠴᠠᠭᠠᠵᠠ ᠶᠢᠨ ᠬᠡᠷᠡᠭ ᠪᠦᠬᠦᠨ ᠡᠴᠡ ᠲᠥᠪ ᠭᠣᠣᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠡᠷ  ᠴᠢᠷᠮᠠᠢᠨ᠎ᠠ ᠭᠡᠵᠦ ᠵᠢᠭᠠᠵᠤ ᠭᠠᠷᠭᠠᠪᠠ᠃ 
 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )