ᠤᠷᠳᠤᠰ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠢ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠣᠣᠯ ᠤᠳᠤᠷᠢᠳᠬᠤ ᠳᠤᠭᠤᠶᠢᠯᠠᠩ ᠵᠢᠨ《ᠨᠠᠮ ᠤᠨ ᠲᠦᠷᠢᠮ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠰᠤᠷᠤᠯᠴᠠᠵᠤ ᠦᠵᠡᠯ ᠰᠠᠨᠠᠭᠠᠨ ᠤ ᠰᠠᠭᠤᠷᠢ ᠪᠠᠨ ᠪᠡᠬᠢᠵᠢᠭᠦᠯᠬᠦ》ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ
2021.04.07 ᠲᠣᠰ ᠥᠷᠲᠡᠭᠡᠨ ᠦ ᠨᠠᠢᠷᠠᠭᠤᠯᠤᠭᠴᠢ

     ᠠᠷᠢᠭᠤᠨ ᠴᠢᠬᠡᠴᠢ ᠪᠡᠷ ᠪᠡᠶ᠎ᠡ ᠪᠡᠨ ᠪᠠᠷᠢᠬᠤ  ᠤᠬᠠᠮᠰᠠᠷ  ᠢ᠋ᠢᠡᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠢᠯᠵᠠᠷᠠᠯ ᠢ᠋ ᠲᠡᠪᠴᠢᠵᠦ ᠬᠤᠪᠢᠷᠠᠯ ᠢ᠋ ᠰᠡᠷᠭᠡᠢᠯᠡᠬᠦ ᠦᠵᠡᠯ ᠰᠠᠨᠠᠭᠠᠨ ᠤ᠋  ᠰᠡᠷᠭᠡᠢᠯᠡᠯᠲᠡ  ᠵᠢᠨ ᠱᠤᠭᠤᠮ ᠢ᠋ ᠪᠠᠲᠤ ᠪᠡᠬᠢ  ᠪᠠᠢᠭᠤᠯᠬᠤ ᠵᠢᠨ ᠲᠥᠯᠥᠭᠡ᠂ 4 ᠰᠠᠷ᠎ᠠ ᠵᠢᠨ 2 ᠋ ᠤᠨ ᠡᠳᠦᠷ᠂ ᠤᠷᠳᠤᠰ ᠬᠤᠳᠠ ᠵᠢᠨ ᠳᠤᠮᠳᠠ ᠵᠡᠷᠭᠡ  ᠵᠢᠨ ᠰᠢᠭᠦᠬᠦ ᠬᠣᠷᠢᠢ᠎ᠠ ᠨᠠᠮ  ᠤ᠋ᠨ ᠤᠳᠤᠷᠢᠳᠬᠤ  ᠳᠤᠭᠤᠢᠯᠠᠩ  ᠤ᠋ᠨ ᠤᠨᠤᠯ ᠰᠤᠷᠤᠯᠴᠠᠬᠤ ᠭᠣᠣᠯ ᠳᠤᠭᠤᠶᠢᠯᠠᠩ  ᠤ᠋ᠨ《ᠨᠠᠮ  ᠤ᠋ᠨ ᠲᠣᠭᠲᠠᠭᠠᠯ ᠨᠠᠮ  ᠤ᠋ᠨ ᠰᠠᠬᠢᠯᠭ᠎ᠠ ᠪᠠᠲᠤ  ᠵᠢ ᠰᠤᠷᠤᠯᠴᠠᠵᠤ ᠦᠵᠡᠯ ᠰᠠᠨᠠᠭᠠᠨ  ᠤ᠋ ᠰᠠᠭᠤᠷᠢ ᠵᠢ ᠪᠠᠲᠤᠳᠬᠠᠬᠤ》 ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ᠋ ᠬᠤᠷᠠᠯᠳᠤᠭᠤᠯᠪᠠ᠃ ᠬᠣᠲᠠ  ᠵᠢᠨ ᠠᠷᠠᠳ  ᠤ᠋ᠨ  ᠳᠤᠮᠳᠠ ᠵᠡᠷᠭᠡ ᠵᠢᠨ ᠰᠢᠭᠦᠬᠦ  ᠬᠣᠷᠢᠶᠠᠨ ᠤ᠋  ᠨᠠᠮ  ᠤ᠋ᠨ ᠤᠳᠤᠷᠢᠳᠬᠤ  ᠳᠤᠭᠤᠢᠯᠠᠩ ᠤ᠋ᠨ  ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠤᠷᠠᠯ ᠡᠷᠭᠢᠯᠡᠵᠦ ᠂  ᠤᠳᠤᠷᠢᠳᠬᠤ ᠪᠠᠭ  ᠤ᠋ᠨ ᠭᠡᠰᠢᠭᠦᠳ ᠬᠤᠷᠠᠯ  ᠳ᠋ᠤ ᠣᠷᠣᠯᠴᠠᠪᠠ ᠃

 

 

    ᠬᠤᠷᠠᠯ ᠳᠡᠭᠡᠷ᠎ᠡ ᠂《 ᠰᠢᠨ᠎ᠡ ᠪᠠᠢᠳᠠᠯ  ᠳᠣᠣᠷᠠᠬᠢ ᠨᠠᠮ ᠤᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠤ᠋ᠨ ᠲᠤᠬᠠᠶ ᠪᠠᠷᠢᠮᠵᠢᠶ᠎ᠠ ᠨᠤᠭᠤᠳ》 ᠂ 《 ᠲᠤᠮᠳᠠᠳᠤ ᠤᠯᠤᠰ ‍ᠤᠨ ᠡᠪ ᠬᠠᠮᠳᠤ ᠨᠠᠮ ᠠᠷᠢᠭᠤᠨ ᠴᠢᠬᠡᠴᠢ ᠪᠡᠷ ᠪᠡᠶ᠎ᠡ ᠪᠡᠨ ᠪᠠᠷᠢᠬᠤ ᠪᠠᠷᠢᠮᠵᠢᠶ᠎ᠠ 》 ᠂ 《 ᠲᠤᠮᠳᠠᠳᠤ ᠤᠯᠤᠰ ‍ᠤᠨ ᠡᠪ ᠬᠠᠮᠳᠤ ᠨᠠᠮ ᠵᠢᠨ ᠤᠯᠤᠰ ᠲᠥᠷᠥ  ᠬᠠᠤᠯᠢ ᠴᠠᠭᠠᠵᠠ ᠵᠢᠨ ᠠᠵᠢᠯ ᠤ᠋ᠨ ᠳᠦᠷᠢᠮ 》 ᠂ 《 ᠲᠤᠮᠳᠠᠳᠤ ᠤᠯᠤᠰ ‍ᠤᠨ ᠡᠪ ᠬᠠᠮᠳᠤ ᠨᠠᠮ ᠰᠠᠬᠢᠯᠭ᠎ᠠ ᠪᠠᠲᠤ ᠶ᠋ᠢᠨ  ᠰᠢᠢᠳᠭᠡᠯ ᠤ᠋ᠨ ᠲᠦᠷᠢᠮ》 ᠂ 《 ᠪᠦᠭᠦᠳᠡ  ᠨᠠᠢᠷᠠᠮᠳᠠᠬᠤ ᠲᠤᠮᠳᠠᠳᠤ ᠠᠷᠠᠳ ᠤᠯᠤᠰ ᠵᠢᠨ ᠠᠯᠪᠠᠨ ᠲᠤᠰᠢᠶᠠᠯᠲᠠᠨ ᠳᠤ ᠵᠠᠰᠠᠭ  ᠤ᠋ᠨ ᠶᠠᠪᠤᠳᠠᠯ  ᠤ᠋ᠨ  ᠰᠢᠢᠳᠭᠡᠯ ᠥᠭᠬᠦ ᠬᠠᠤᠯᠢ 》 ᠵᠡᠷᠭᠡ ᠠᠭᠤᠯᠭ᠎ᠠ ᠶᠢ ᠲᠥᠪᠯᠡᠷᠡᠭᠦᠯᠦᠨ ᠰᠤᠷᠤᠯᠴᠠᠪᠠ ᠃ 《 ᠨᠠᠮ  ᠤ᠋ᠨ ᠲᠣᠭᠲᠠᠭᠠᠯ ᠨᠠᠮ  ᠤ᠋ᠨ ᠰᠠᠬᠢᠯᠭ᠎ᠠ ᠪᠠᠲᠤ  ᠵᠢ ᠰᠤᠷᠤᠯᠴᠠᠵᠤ ᠦᠵᠡᠯ ᠰᠠᠨᠠᠭᠠᠨ ᠤ᠋ ᠰᠠᠭᠤᠷᠢ ᠪᠠᠨ ᠪᠠᠲᠤᠳᠬᠠᠬᠤ》 ᠭᠣᠣᠯ ᠰᠡᠳᠦᠪ  ᠤ᠋ᠨ ᠲᠣᠭᠣᠷᠢᠨ ᠳᠤ᠂ ᠪᠠᠭ  ᠤ᠋ᠨ ᠭᠡᠰᠢᠭᠦᠳ ᠰᠤᠳᠤᠯᠤᠨ ᠶᠠᠷᠢᠯᠴᠠᠵᠤ ᠶᠠᠷᠢᠶ᠎ᠠ ᠲᠠᠯᠪᠢᠪᠠ᠃

    ᠬᠤᠷᠠᠯ  ᠳᠡᠭᠡᠷ᠎ᠡ᠂ ᠨᠢᠭᠡ ᠳᠦ᠂ ᠤᠯᠤᠰ ᠲᠦᠷᠦ ᠶᠢᠨ  ᠪᠠᠢᠭᠤᠯᠤᠯᠲᠠ ᠶᠢᠨ ᠲᠠᠯ᠎ᠠ ᠪᠠᠷ ᠬᠦᠴᠦ ᠲᠠᠯᠪᠢᠬᠤ ᠬᠡᠷᠡᠭᠲᠡᠢ᠃ ᠨᠠᠮ ᠤᠨ ᠤᠯᠤᠰ  ᠲᠥᠷᠦ  ᠶᠢᠨ  ᠪᠠᠢᠭᠤᠯᠤᠯᠲᠠ ᠶᠢ ᠢᠮᠠᠭᠲᠠ ᠲᠡᠷᠢᠭᠦᠨ ᠪᠠᠢᠷᠢᠨ ᠳᠤ ᠲᠠᠯᠪᠢᠵᠤ᠂ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠨ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ  ᠣᠢᠯᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠲᠦᠷᠦ ᠪᠡᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠤᠯᠤᠰ ᠲᠦᠷᠦᠴᠢ ᠴᠢᠨᠠᠷ᠂ ᠰᠡᠷᠡᠮᠵᠢᠯᠡᠭᠦᠯᠬᠦ ᠴᠢᠨᠠᠷ᠂ ᠦᠷᠭᠦᠯᠵᠢᠯᠡᠭᠦ ᠴᠢᠨᠠᠷ ᠵᠡᠷᠭᠡ ᠶᠢ ᠲᠤᠪᠤᠢᠢᠯᠭᠠᠵᠦ᠂ ᠰᠠᠬᠢᠯᠭ᠎ᠠ ᠪᠠᠲᠤ ᠣᠪᠣᠷ ᠰᠤᠷᠲᠠᠯ ᠢ ᠴᠡᠭᠴᠡᠯᠡᠨ ᠴᠢᠩᠳᠠᠯᠠᠵᠤ᠂ ᠤᠯᠤᠰ ᠲᠦᠷᠦ ᠶᠢᠨ ᠦᠨᠡᠨᠴᠢ ᠰᠢᠳᠤᠷᠭᠤ ᠶᠢ ᠲᠠᠰᠤᠷᠠᠯᠳᠠ ᠦᠭᠡᠢ ᠪᠠᠲᠤᠳᠬᠠᠨ᠎ᠠ᠃ ᠬᠣᠶᠠᠷ ᠲᠤ ᠰᠡᠷᠡᠮᠵᠢᠯᠡᠭᠦᠯᠦᠨ ᠰᠦᠷᠳᠡᠭᠦᠯᠬᠦ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠬᠦᠰᠡᠯᠡᠩ ᠢᠲᠡᠭᠡᠯ ᠪᠢᠰᠢᠷᠡᠯ᠂ ᠦᠵᠡᠯ ᠰᠠᠨᠠᠭ᠎ᠠ ᠶᠣᠰᠣ ᠰᠤᠷᠲᠠᠬᠤᠨ ᠤ  ᠲᠠᠢᠯᠤᠮᠵᠢ ᠠᠴᠠ ᠠᠰᠠᠭᠤᠳᠠᠯ ᠤᠨ ᠦᠨᠳᠦᠰᠦ ᠰᠤᠷᠪᠤᠯᠵᠢ ᠶᠢ ᠵᠠᠳᠠᠯᠵᠤ᠂ ᠨᠠᠮ ᠤᠨ ᠰᠠᠬᠢᠯᠭ᠎ᠠ ᠪᠠᠲᠤ᠂ ᠰᠢᠭᠦᠬᠦ ᠬᠣᠷᠢᠶᠠᠨ ᠤ ᠰᠠᠬᠢᠯᠭ᠎ᠠ ᠪᠠᠲᠤ ᠶᠢᠨ ᠲᠠᠯ᠎ᠠ ᠠᠴᠠ ᠠᠰᠠᠭᠤᠳᠠᠯ ᠤᠨ ᠨᠠᠷᠢᠨ ᠲᠠᠩᠰᠠ ᠶᠢ ᠡᠷᠢᠵᠦ᠂ ᠬᠠᠤᠯᠢ ᠴᠠᠭᠠᠵᠠ ᠶᠢ ᠵᠢᠷᠤᠮᠯᠠᠬᠤ᠂ ᠬᠠᠤᠯᠢ ᠴᠠᠭᠠᠵᠠ ᠶᠢ ᠬᠡᠷᠡᠭᠵᠢᠭᠦᠯᠬᠦ ᠲᠠᠯ᠎ᠠ ᠠᠴᠠ ᠠᠰᠠᠭᠤᠳᠠᠯ ᠤᠨ ᠤᠳᠤᠷᠢᠳᠤᠮᠵᠢ ᠶᠢ ᠲᠣᠭᠲᠠᠭᠠᠵᠤ᠂ ᠲᠦᠷᠦᠭᠦᠯᠡᠨ ᠥᠪᠡᠷ ᠢ ᠪᠡᠨ ᠵᠠᠳᠠᠯᠵᠤ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ  ᠪᠠᠢᠴᠠᠭᠠᠨ ᠦᠵᠡᠬᠦ ᠬᠡᠷᠡᠭᠲᠡᠢ᠃ ᠭᠤᠷᠪᠠ ᠳᠤ᠂ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠳᠡᠷᠭᠡᠳᠡᠬᠢ ᠲᠠᠨᠢᠯ ᠬᠥᠮᠦᠨ᠂ ᠳᠡᠷᠭᠡᠳᠡᠬᠢ ᠤᠴᠢᠷ ᠶᠠᠪᠤᠳᠠᠯ ᠳᠡᠭᠡᠷ᠎ᠡ ᠠ᠋ᠴᠠ ᠰᠡᠷᠡᠮᠵᠢᠯᠡᠭᠦᠯᠬᠦ ᠬᠥᠮᠦᠵᠢᠯ ᠬᠦᠷᠳᠡᠵᠤ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠶᠢ ᠤᠯᠠᠮ ᠴᠢᠨᠠᠭᠰᠢᠳᠠ ᠴᠢᠩᠭᠠᠳᠬᠠᠵᠤ᠂ ᠴᠠᠭ ᠲᠤᠬᠠᠢ ᠳᠤᠨᠢ ᠰᠤᠳᠤᠯᠤᠨ ᠶᠠᠷᠢᠯᠴᠠᠵᠤ ᠰᠣᠯᠢᠯᠴᠠᠵᠤ᠂ ᠨᠠᠮᠴᠢ ᠴᠢᠨᠠᠷ ᠤ᠋ᠨ ᠪᠣᠯᠪᠠᠰᠤᠷᠠᠯ ᠠᠵᠢᠯ ᠢ ᠤᠯᠠᠮ ᠴᠢᠨᠠᠭᠰᠢᠳᠠ ᠴᠢᠩᠭᠠᠳᠬᠠᠵᠤ᠂ ᠬᠦᠰᠡᠯᠡᠩ ᠢᠲᠡᠭᠡᠯ ᠪᠢᠰᠢᠷᠡᠯ ᠢᠶᠡᠨ ᠪᠠᠲᠤᠳᠬᠠᠵᠤ᠂ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠡᠯ᠎ᠡ ᠵᠦᠢᠯ ᠦᠨ ᠠᠵᠢᠯ ᠤᠨ  ᠭᠦᠨᠵᠡᠭᠡᠢᠷᠡᠨ ᠪᠤᠲᠠᠲᠠᠢᠵᠢᠬᠤ ᠶᠢ ᠠᠬᠢᠭᠤᠯᠬᠤ ᠬᠡᠷᠡᠭᠲᠡᠢ᠃ 
 
 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )