ᠤᠷᠳᠤᠰ ᠬᠤᠳᠠ ᠶᠢᠨ ᠨᠠᠮ ᠤᠨ ᠬᠣᠷᠢᠢ᠎ᠠ ᠶᠢᠨ ᠳᠥᠷᠪᠡᠳᠦᠭᠡᠷ ᠴᠠᠭᠳᠠᠨ ᠪᠠᠶᠢᠴᠠᠭᠠᠬᠤ ᠳᠤᠭᠤᠶᠢᠯᠠᠩ  ᠤᠷᠳᠤᠰ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠢ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ  ᠢ᠋ ᠴᠠᠭᠳᠠᠨ ᠪᠠᠢᠴᠠᠭᠠᠬᠤ ᠳᠠᠢᠴᠢᠯᠠᠬᠤ ᠬᠤᠷᠠᠯ ᠬᠤᠷᠠᠯᠳᠤᠪᠠ
2021.04.07 ᠲᠣᠰ ᠥᠷᠲᠡᠭᠡᠨ ᠦ ᠨᠠᠢᠷᠠᠭᠤᠯᠤᠭᠴᠢ

     ᠣᠷᠳᠣᠰ ᠬᠣᠲᠠ ᠵᠢᠨ ᠨᠠᠮ  ᠤ᠋ᠨ ᠬᠣᠷᠢᠶ᠎ᠠ  ᠵᠢᠨ ᠨᠢᠭᠡᠳᠦᠯᠲᠡᠶ  ᠪᠠᠢᠷᠢᠭᠤᠯᠤᠯᠲᠠ ᠶᠣᠰᠣᠭᠠᠷ ᠂ 2021 ᠣᠨ  ᠤ᠋ 3 ᠰᠠᠷ᠎ᠠ ᠵᠢᠨ 29  ᠤ᠋ ᠡᠳᠦᠷ ᠂ ᠣᠷᠳᠣᠰ ᠬᠣᠲᠠ ᠵᠢᠨ ᠨᠠᠮ  ᠤ᠋ᠨ ᠬᠣᠷᠢᠶ᠎ᠠ ᠵᠢᠨ ᠳᠥᠷᠪᠡᠳᠦᠭᠡᠷ ᠴᠠᠭᠳᠠᠨ ᠪᠠᠢᠴᠠᠭᠠᠬᠤ ᠳᠤᠭᠤᠢᠯᠠᠩ  ᠤ᠋ᠨ ᠣᠷᠳᠣᠰ ᠬᠣᠲᠠ ᠵᠢᠨ ᠠᠷᠠᠳ  ᠤ᠋ᠨ ᠳᠤᠮᠳᠠ ᠵᠡᠷᠭᠡ ᠵᠢᠨ ᠰᠢᠭᠦᠬᠦ ᠬᠣᠷᠢᠶ᠎ᠠ  ᠵᠢᠨ ᠨᠠᠮ  ᠤ᠋ᠨ ᠤᠳᠤᠷᠢᠳᠬᠤ  ᠳᠤᠭᠤᠢᠯᠠᠩ ᠤ᠋ᠨ ᠠᠵᠢᠯ  ᠤ᠋ᠨ ᠳᠠᠢᠴᠢᠯᠠᠬᠤ ᠬᠤᠷᠠᠯ ᠬᠤᠷᠠᠯᠳᠤᠪᠠ ᠃ ᠬᠤᠷᠠᠯ  ᠠ᠋ᠴᠠ ᠡᠮᠦᠨ᠎ᠡ᠂ ᠤᠷᠳᠤᠰ ᠬᠤᠳᠠ ᠵᠢᠨ ᠨᠠᠮ ᠤ᠋ᠨ  ᠬᠣᠷᠢᠶ᠎ᠠ ᠵᠢᠨ ᠴᠠᠭᠳᠠᠨ ᠪᠠᠶᠢᠴᠠᠭᠠᠬᠤ ᠠᠵᠢᠯ  ᠤ᠋ᠨ ᠤᠳᠤᠷᠢᠳᠬᠤ ᠳᠤᠭᠤᠶᠢᠯᠠᠩ  ᠤ᠋ᠨ ᠭᠡᠰᠢᠭᠦᠨ ᠯᠢ ᡁᠢ ᠴᠧᠩ ᠬᠤᠳᠠ  ᠵᠢᠨ ᠳᠤᠮᠳᠠ ᠵᠡᠷᠭᠡ  ᠵᠢᠨ ᠰᠢᠭᠦᠬᠦ ᠬᠣᠷᠢᠢ᠎ᠠ  ᠵᠢᠨ ᠨᠠᠮ ᠤ᠋ᠨ ᠤᠳᠤᠷᠢᠳᠬᠤ ᠳᠤᠭᠤᠶᠢᠯᠠᠩ  ᠤ᠋ᠨ ᠱᠦᠵᠢ᠂  ᠬᠣᠷᠢᠶᠠᠨ ᠳᠠᠷᠤᠭ᠎ᠠ ᠰᠦ ᠯᠢ ᠵᠢᠶᠦ᠋ᠨ ᠲᠡᠶ ᠠᠭᠤᠯᠵᠠᠵᠤ ᠨᠡᠪᠲᠡᠷᠡᠯᠴᠡᠬᠦ ᠬᠤᠷᠠᠯ  ᠢ᠋ ᠡᠷᠬᠢᠯᠡᠨ ᠬᠤᠷᠠᠯᠳᠤᠭᠤᠯᠵᠠᠢ᠃  ᠳᠠᠢᠴᠢᠯᠠᠯᠲᠠ ᠵᠢᠨ ᠬᠤᠷᠠᠯ ᠳᠡᠭᠡᠷ᠎ᠡ ᠂ ᠬᠣᠲᠠ ᠵᠢᠨ ᠨᠠᠮ ᠤ᠋ᠨ ᠬᠣᠷᠢᠶᠠᠨ  ᠤ᠋ ᠳᠥᠷᠪᠡᠳᠦᠭᠡᠷ ᠴᠠᠭᠳᠠᠨ  ᠪᠠᠢᠴᠠᠭᠠᠬᠤ  ᠳᠤᠭᠤᠢᠯᠠᠩ  ᠤ᠋ᠨ ᠳᠠᠷᠤᠭ᠎ᠠ ᠰᠢᠤᠢ ᠢᠦᠶ ᠵᠢᠤᠸᠠᠨ ᠴᠠᠭᠳᠠᠨ  ᠪᠠᠢᠴᠠᠭᠠᠬᠤ ᠡᠭᠦᠷᠭᠡ ᠪᠣᠯᠤᠨ ᠠᠵᠢᠯ  ᠤ᠋ᠨ ᠲᠣᠬᠢᠷᠠᠭᠤᠯᠤᠯᠲᠠ  ᠵᠢ ᠮᠡᠳᠡᠭᠳᠡᠵᠦ ᠂ ᠯᠢ ᡁᠢ ᠴᠧᠩ ᠤᠯᠤᠰ ᠲᠥᠷᠥ ᠶᠢᠨ ᠴᠠᠭᠳᠠᠨ  ᠪᠠᠢᠴᠠᠭᠠᠯᠲᠠ   ᠵᠢ ᠭᠦᠨᠵᠡᠭᠡᠢᠷᠡᠭᠦᠯᠵᠦ ᠭᠦᠨᠵᠡᠭᠡᠶᠢᠷᠡᠭᠦᠯᠵᠦ ᠂ ᠴᠠᠭᠳᠠᠨ ᠪᠠᠶᠢᠴᠠᠭᠠᠬᠤ ᠠᠵᠢᠯ ᠢ ᠥᠷᠨᠢᠭᠦᠯᠬᠦ ᠲᠡᠶ ᠬᠠᠮᠵᠢᠯᠴᠠᠨ ᠱᠠᠭᠠᠷᠳᠠᠯᠭ᠎ᠠ ᠳᠤᠷᠠᠳᠴᠤ ᠂ ᠰᠦ ᠯᠢ ᠵᠢᠶᠦ᠋ᠨ  ᠠ᠋ᠴᠠ ᠶᠠᠷᠢᠶ᠎ᠠ  ᠲᠠᠯᠪᠢᠭᠰᠠᠨ ᠪᠠᠢᠨ᠎ᠠ ᠃ ᠬᠣᠲᠠ ᠵᠢᠨ ᠠᠷᠠᠳ ᠤ᠋ᠨ ᠳᠤᠮᠳᠠ ᠵᠡᠷᠭᠡ  ᠵᠢᠨ ᠰᠢᠭᠦᠬᠦ ᠬᠣᠷᠢᠶᠠᠨ  ᠤ᠋ ᠨᠠᠮ ᠤ᠋ᠨ ᠤᠳᠤᠷᠢᠳᠬᠤ ᠳᠤᠭᠤᠶᠢᠯᠠᠩ  ᠤ᠋ᠨ  ᠳᠡᠳ᠋ ᠱᠦᠵᠢ ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠬᠤᠷᠠᠯ ᠡᠷᠭᠢᠯᠡᠪᠡ ᠃

 

     ᠬᠣᠲᠠ ᠶ᠋ᠢᠨ ᠨᠠᠮ ᠤ᠋ᠨ ᠬᠣᠷᠢᠶᠠᠨ ᠤ᠋ ᠳᠥᠷᠪᠡᠳᠦᠭᠡᠷ ᠲᠣᠭᠣᠷᠢᠨ ᠪᠠᠢᠴᠠᠭᠠᠬᠤ ᠳᠤᠭᠤᠢᠯᠠᠩ ᠤ᠋ᠨ ᠪᠦᠬᠦ ᠭᠡᠰᠢᠭᠦᠨ ᠬᠣᠲᠠ ᠶ᠋ᠢᠨ ᠨᠠᠮ ᠤ᠋ᠨ ᠬᠣᠷᠢᠶᠠᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠬᠣᠷᠢᠶᠠᠨ ᠤ᠋ ᠬᠠᠷᠢᠭᠤᠴᠠᠯᠭᠠᠲᠠᠨ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ  ᠭᠡᠰᠢᠭᠦᠨ ᠵᠢᠴᠢ ᠬᠠᠮᠢᠶ᠎ᠠ ᠪᠦᠬᠦᠢ ᠬᠥᠮᠦᠰ ᠬᠤᠷᠠᠯ ᠳ᠋ᠤ᠌ ᠣᠷᠣᠯᠴᠠᠪᠠ ᠃
      ᠯᠢ ᡁᠢ ᠴᠧᠩ ᠵᠢᠭᠠᠵᠤ ᠭᠠᠷᠭᠠᠭᠰᠠᠨ ᠨᠢ ᠂ ᠤᠯᠤᠰ ᠲᠥᠷᠥ ᠶ᠋ᠢᠨ ᠲᠣᠭᠣᠷᠢᠨ ᠪᠠᠢᠴᠠᠭᠠᠯᠲᠠ ᠨᠢ ᠮᠥᠨ ᠴᠢᠨᠠᠷ ᠳᠡᠭᠡᠷ᠎ᠡ ᠪᠡᠨ ᠳᠡᠭᠡᠳᠦ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠠ᠋ᠴᠠ ᠳᠣᠣᠷᠠᠲᠤ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠶ᠋ᠢᠨ ᠨᠠᠮ ᠤ᠋ᠨ ᠤᠳᠤᠷᠢᠳᠬᠤ ᠡᠭᠦᠷᠭᠡ ᠴᠢᠳᠠᠪᠬᠢ ᠶ᠋ᠢᠨ ᠬᠠᠷᠢᠭᠤᠴᠠᠯᠭ᠎ᠠ ᠶ᠋ᠢ ᠭᠦᠢᠴᠡᠳᠬᠡᠬᠦ᠂ ᠤᠯᠤᠰ ᠲᠥᠷᠥ ᠶ᠋ᠢᠨ ᠬᠢᠨᠠᠯᠲᠠ ᠲᠠᠯᠪᠢᠬᠤ ᠪᠠᠢᠴᠠᠭᠠᠯᠲᠠ ᠪᠣᠯᠤᠨ᠎ᠠ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠤᠯᠤᠰ ᠲᠥᠷᠥ ᠶ᠋ᠢᠨ ᠵᠣᠭᠰᠣᠯᠲᠠ ᠪᠠ ᠤᠯᠤᠰ ᠲᠥᠷᠥ ᠶ᠋ᠢᠨ ᠤᠬᠠᠮᠰᠠᠷ ᠢ᠋ᠶ᠋ᠠᠨ ᠳᠡᠭᠡᠭᠰᠢᠯᠡᠭᠦᠯᠵᠦ ᠂ ᠲᠣᠭᠣᠷᠢᠨ ᠪᠠᠢᠴᠠᠭᠠᠬᠤ ᠠᠵᠢᠯ ᠤ᠋ᠨ ᠲᠤᠬᠠᠢ ᠨᠠᠮ ᠤ᠋ᠨ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠰᠢᠨ᠎ᠡ ᠪᠠᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶ᠋ᠢ ᠣᠳᠣᠬᠠᠨ ᠤ᠋ ᠲᠡᠷᠢᠭᠦᠨ ᠴᠢᠬᠤᠯᠠ ᠤᠯᠤᠰ ᠲᠥᠷᠥ ᠶ᠋ᠢᠨ ᠡᠭᠦᠷᠭᠡ ᠪᠣᠯᠭᠠᠨ ᠲᠠᠰᠤᠷᠠᠯᠲᠠ ᠦᠭᠡᠢ  ᠨᠡᠮᠡᠭᠳᠡᠭᠦᠯᠬᠦ ᠬᠡᠷᠡᠭᠲᠡᠢ᠃ ᠤᠯᠤᠰ ᠲᠥᠷᠥ ᠶ᠋ᠢᠨ ᠴᠢᠭᠯᠡᠯ ᠢ᠋ ᠡᠵᠡᠮᠳᠡᠵᠦ 《 ᠬᠣᠶᠠᠷ ᠬᠠᠮᠠᠭᠠᠯᠠᠯᠲᠠ 》  ᠶ᠋ᠢ ᠡᠷᠡᠰ ᠦᠢᠯᠡᠳᠦᠯᠭᠡᠵᠢᠭᠦᠯᠵᠦ ᠂ ᠭᠣᠣᠯ ᠠᠵᠢᠯ ᠤ᠋ᠨ ᠲᠣᠭᠣᠷᠢᠨ ᠳ᠋ᠤ᠌ ᠪᠦᠬᠦ ᠲᠠᠯ᠎ᠠ  ᠪᠡᠷ ᠦᠢᠯᠡᠴᠢᠯᠡᠵᠦ ᠂ ᠴᠢᠩᠭ᠎ᠠ ᠪᠣᠳᠠᠲᠠᠢ ᠬᠠᠮᠢᠶᠠᠷᠴᠤ ᠨᠠᠮ ᠢ᠋ ᠵᠠᠰᠠᠬᠤ  ᠶ᠋ᠢ ᠪᠠᠷᠢᠮᠲᠠᠯᠠᠬᠤ  ᠡᠷᠡᠰ ᠬᠠᠳᠠᠨ ᠵᠣᠷᠢᠭ ᠢ᠋ᠶ᠋ᠠᠷ ᠰᠠᠬᠢᠯᠭ᠎ᠠ ᠪᠠᠲᠤ ᠶ᠋ᠢ ᠲᠥᠪ ᠪᠣᠯᠭᠠᠵᠤ ᠢᠯᠵᠠᠷᠠᠯ ᠢ᠋ ᠡᠰᠡᠷᠭᠦᠴᠡᠬᠦ ᠠᠵᠢᠯ ᠢ᠋ ᠲᠤᠢᠯᠪᠤᠷᠢᠲᠠᠢ ᠬᠢᠨ᠎ᠡ᠃ ᠪᠥᠬᠥ ᠬᠣᠲᠠ ᠶ᠋ᠢᠨ ᠤᠯᠤᠰ ᠲᠥᠷᠥ ᠶ᠋ᠢᠨ ᠠᠮᠢ ᠠᠬᠤᠢ ᠳ᠋ᠤ᠌ ᠪᠠᠲᠤᠯᠠᠭ᠎ᠠ ᠬᠠᠩᠭᠠᠬᠤ ᠬᠡᠷᠡᠭᠲᠡᠢ ᠃ ᠤᠯᠤᠰ ᠲᠥᠷᠥ ᠶ᠋ᠢᠨ ᠱᠠᠭᠠᠷᠳᠠᠯᠭ᠎ᠠ ᠶ᠋ᠢ ᠨᠠᠢᠳᠠᠪᠤᠷᠢᠵᠢᠭᠤᠯᠵᠤ ᠂ ᠤᠬᠠᠮᠰᠠᠷ ᠠ᠋ᠴᠠ ᠪᠠᠨ ᠬᠢᠨᠠᠯᠲᠠ ᠶ᠋ᠢ ᠬᠦᠯᠢᠶᠡᠵᠦ ᠂ ᠡᠷᠡᠰ ᠳᠠᠮᠵᠢᠨ ᠬᠠᠮᠵᠢᠯᠴᠠᠵᠤ ᠂ ᠰᠠᠬᠢᠯᠭ᠎ᠠ ᠪᠠᠲᠤ ᠣᠪᠣᠷ ᠰᠤᠷᠲᠠᠯ ᠢ᠋ᠶ᠋ᠠᠨ ᠴᠢᠩᠭᠠᠳᠬᠠᠵᠤ ᠂ ᠲᠣᠭᠣᠷᠢᠨ ᠪᠠᠢᠴᠠᠭᠠᠬᠤ ᠠᠵᠢᠯ ᠤ᠋ᠨ ᠡᠮᠬᠢ ᠵᠢᠷᠤᠮ ᠲᠠᠢ ᠶᠠᠪᠤᠭᠳᠠᠬᠤ ᠶ᠋ᠢ ᠪᠠᠲᠤᠯᠠᠬᠤ ᠬᠡᠷᠡᠭᠲᠡᠢ ᠃
    ᠰᠢᠦᠢ ᠢᠦᠢ ᠵᠢᠦᠸᠠᠨ ᠴᠢᠬᠤᠯᠠᠴᠢᠯᠠᠭᠰᠠᠨ ᠨᠢ ᠂ ᠲᠣᠭᠣᠷᠢᠨ ᠪᠠᠢᠴᠠᠭᠠᠬᠤ ᠠᠵᠢᠯ ᠪᠣᠯ ᠨᠠᠮ ᠤ᠋ᠨ ᠳᠦᠷᠢᠮ ᠡᠴᠡ ᠣᠯᠭᠣᠭᠰᠠᠨ ᠴᠢᠬᠤᠯᠠ ᠡᠭᠦᠷᠭᠡ ᠬᠠᠷᠢᠭᠤᠴᠠᠯᠭ᠎ᠠ ᠂ ᠭᠣᠣᠯ ᠡᠭᠦᠷᠭᠡ  ᠨᠢ ᠲᠥᠪ ᠦ᠋ᠨ ᠴᠢᠬᠤᠯᠠ ᠶᠡᠬᠡ ᠴᠢᠭᠯᠡᠯᠲᠡ ᠲᠦᠷᠦ ᠶ᠋ᠢᠨ ᠪᠣᠳᠣᠯᠭ᠎ᠠ ᠪᠣᠯᠤᠨ ᠳᠡᠭᠡᠳᠦ ᠱᠠᠲᠤᠨ ᠤ᠋ ᠴᠢᠬᠤᠯᠠ ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢ ᠦᠨᠳᠦᠰᠦᠨ ᠱᠠᠲᠤᠨ ᠳ᠋ᠤ᠌ ᠨᠠᠢᠳᠠᠪᠤᠷᠢᠵᠢᠭᠤᠯᠬᠤ ᠪᠣᠯᠤᠨ᠎ᠠ ᠂ ᠲᠤᠰ ᠤᠳᠠᠭᠠᠨ ᠤ᠋ ᠲᠣᠭᠣᠷᠢᠨ ᠪᠠᠢᠴᠠᠭᠠᠬᠤ ᠠᠵᠢᠯ ᠨᠢ ᠭᠣᠣᠯᠳᠠᠭᠤ 《ᠭᠤᠷᠪᠠᠨ ᠲᠥᠪᠯᠡᠷᠡᠭᠦᠯᠦᠯᠲᠡ》 ᠶ᠋ᠢᠨ ᠲᠣᠭᠣᠷᠢᠨ ᠳ᠋ᠤ᠌ ᠬᠢᠨᠠᠯᠲᠠ ᠪᠠᠢᠴᠠᠭᠠᠯᠲᠠ ᠶᠠᠪᠤᠭᠤᠯᠤᠨ᠎ᠠ ᠃ ᠨᠠᠮ ᠤ᠋ᠨ ᠲᠥᠪ ᠬᠣᠷᠢᠶᠠᠨ ᠤ᠋ ᠨᠠᠮ ᠤ᠋ᠨ ᠳᠤᠭᠤᠢᠯᠠᠩ ᠪᠣᠯᠤᠨ ᠥᠷᠭᠡᠨ ᠣᠯᠠᠨ ᠨᠠᠮ ᠤ᠋ᠨ ᠭᠡᠰᠢᠭᠦᠨ ᠺᠠᠲᠷᠴᠤᠳ ᠡᠷᠬᠡᠪᠰᠢ ᠨᠠᠮ ᠤ᠋ᠨ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠪᠣᠯᠤᠨ ᠬᠣᠲᠠ ᠶ᠋ᠢᠨ ᠨᠠᠮ ᠤ᠋ᠨ ᠬᠣᠷᠢᠶᠠᠨ ᠤ᠋ ᠬᠠᠮᠢᠶ᠎ᠠ ᠪᠦᠬᠦᠢ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ ᠂ ᠤᠯᠤᠰ ᠲᠥᠷᠥ ᠶ᠋ᠢᠨ ᠵᠣᠭᠰᠣᠯᠲᠠ ᠪᠣᠯᠤᠨ ᠤᠯᠤᠰ ᠲᠥᠷᠥ ᠶ᠋ᠢᠨ ᠤᠬᠠᠮᠰᠠᠷ ᠢ᠋ᠶ᠋ᠠᠨ ᠴᠢᠩᠭᠠᠳᠬᠠᠵᠤ ᠂《ᠳᠥᠷᠪᠡᠨ ᠢᠲᠡᠭᠡᠯ》 ᠢ᠋ ᠪᠠᠲᠤᠳᠬᠠᠵᠤ ᠂ 《ᠬᠣᠶᠠᠷ ᠢ᠋ ᠬᠠᠮᠠᠭᠠᠯᠠᠬᠤ》 ᠶ᠋ᠢ ᠬᠢᠵᠦ ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠤᠬᠠᠮᠰᠠᠷ ᠠ᠋ᠴᠠ ᠪᠠᠨ ᠨᠠᠮ ᠤ᠋ᠨ ᠲᠥᠪ ᠬᠣᠷᠢᠶᠠᠨ ᠤ᠋ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠳ᠋ᠤ᠌ ᠨᠢᠭᠡᠳᠬᠡᠬᠦ ᠬᠡᠷᠡᠭᠲᠡᠢ᠃
      ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠦ᠌ ᠢᠯᠡᠷᠬᠡᠢᠯᠡᠭᠰᠡᠨ ᠢ᠋ᠶ᠋ᠡᠷ ᠂ ᠬᠣᠲᠠ ᠶ᠋ᠢᠨ ᠨᠠᠮ ᠤ᠋ᠨ ᠬᠣᠷᠢᠶᠠᠨ ᠤ᠋ ᠳᠥᠷᠪᠡᠳᠦᠭᠡᠷ ᠲᠣᠭᠣᠷᠢᠨ ᠪᠠᠢᠴᠠᠭᠠᠬᠤ ᠳᠤᠭᠤᠢᠯᠠᠩ ᠨᠢ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠳᠤᠭᠤᠢᠯᠠᠩ ᠳ᠋ᠤ᠌ ᠲᠣᠭᠣᠷᠢᠨ ᠪᠠᠢᠴᠠᠭᠠᠯᠲᠠ ᠬᠢᠬᠦ ᠪᠣᠯ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠳᠤᠷᠢᠳᠬᠤ ᠪᠠᠭ ᠪᠠ ᠺᠠᠲ᠋ᠷ ᠴᠠᠭᠳᠠᠭ᠎ᠠ ᠶ᠋ᠢᠨ ᠡᠩᠨᠡᠭᠡ ᠶ᠋ᠢᠨ ᠨᠢᠭᠡ ᠤᠳᠠᠭᠠᠨ ᠤ᠋ 《 ᠤᠯᠤᠰ ᠲᠥᠷᠥ ᠶ᠋ᠢᠨ ᠪᠡᠶ᠎ᠡ ᠶ᠋ᠢᠨ ᠪᠠᠢᠴᠠᠭᠠᠯᠲᠠ 》 ᠪᠠ 《 ᠲᠥᠪᠯᠡᠷᠡᠭᠦᠯᠦᠨ ᠺᠠᠯᠼ ᠨᠥᠬᠥᠪᠥᠷᠢᠯᠡᠬᠦ 》 ᠶᠠᠪᠤᠴᠠ ᠪᠣᠯᠤᠨ᠎ᠠ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠪᠠᠢᠭᠤᠯᠤᠯᠲᠠ ᠪᠠ ᠡᠩᠨᠡᠭᠡ ᠶ᠋ᠢᠨ ᠪᠠᠢᠭᠤᠯᠤᠯᠲᠠ ᠵᠡᠷᠭᠡ ᠡᠯ᠎ᠡ ᠵᠦᠢᠯ ᠦ᠋ᠨ ᠠᠵᠢᠯ ᠳ᠋ᠤ᠌ ᠨᠢᠭᠡ ᠤᠳᠠᠭᠠᠨ ᠤ᠋  ᠪᠠᠲᠤᠯᠠᠨ ᠣᠨᠣᠰᠢᠯᠠᠬᠤ ᠪᠠ ᠴᠢᠭᠯᠡᠯ ᠢ᠋ ᠵᠢᠭᠠᠨ ᠵᠢᠯᠣᠭᠣᠳᠴᠤ  ᠶᠠᠪᠤᠴᠠ ᠪᠣᠯᠤᠨ᠎ᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠳᠤᠭᠤᠢᠯᠠᠩ ᠪᠣᠯᠤᠨ ᠪᠦᠬᠦ ᠺᠠᠲ᠋ᠷ ᠴᠠᠭᠳᠠᠭ᠎ᠠ ᠨᠠᠷ ᠳᠡᠭᠡᠳᠦ ᠬᠡᠮᠵᠢᠶᠡᠨ ᠦ᠌ ᠤᠯᠤᠰ ᠲᠥᠷᠥ ᠶ᠋ᠢᠨ ᠤᠬᠠᠮᠰᠠᠷ ᠢ᠋ᠶ᠋ᠠᠷ ᠬᠣᠲᠠ ᠶ᠋ᠢᠨ ᠨᠠᠮ ᠤ᠋ᠨ ᠬᠣᠷᠢᠶᠠᠨ ᠤ᠋ ᠲᠣᠭᠣᠷᠢᠨ ᠪᠠᠢᠴᠠᠭᠠᠬᠤ ᠠᠵᠢᠯ ᠤ᠋ᠨ ᠪᠠᠢᠷᠢᠯᠠᠭᠤᠯᠤᠯᠲᠠ ᠶ᠋ᠢ ᠡᠷᠡᠰ ᠲᠤᠤᠱᠯᠠᠭᠤᠯᠤᠨ ᠨᠠᠢᠳᠠᠪᠤᠷᠢᠵᠢᠭᠤᠯᠬᠤ ᠬᠡᠷᠡᠭᠲᠡᠢ᠃ ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠨ ᠬᠣᠲᠠ ᠶ᠋ᠢᠨ ᠨᠠᠮ ᠤ᠋ᠨ ᠬᠣᠷᠢᠶᠠᠨ ᠤ᠋ ᠲᠣᠭᠣᠷᠢᠨ ᠪᠠᠢᠴᠠᠭᠠᠬᠤ ᠠᠵᠢᠯ ᠤ᠋ᠨ ᠲᠣᠬᠢᠷᠠᠭᠤᠯᠤᠯᠲᠠ ᠶ᠋ᠢ ᠪᠠᠲᠤᠯᠠᠬᠤ ᠶ᠋ᠢ ᠡᠷᠡᠰ  ᠳᠡᠮᠵᠢᠬᠦ ᠬᠡᠷᠡᠭᠲᠡᠢ ᠃ ᠪᠠᠢᠴᠠᠭᠠᠬᠤ ᠳᠤᠭᠤᠢᠯᠠᠩ ᠤ᠋ᠨ ᠲᠤᠰᠬᠠᠭᠰᠠᠨ ᠠᠰᠠᠭᠤᠳᠠᠯ ᠢ᠋ ᠴᠡᠭᠴᠡᠯᠡᠨ ᠵᠠᠯᠠᠷᠠᠭᠤᠯᠵᠤ ᠨᠠᠢᠳᠠᠪᠤᠷᠢᠵᠢᠭᠤᠯᠬᠤ ᠶ᠋ᠢ ᠰᠠᠢᠲᠤᠷ ᠠᠳᠬᠤᠬᠤ ᠬᠡᠷᠡᠭᠲᠡᠢ ᠃
     ᠬᠣᠲᠠ ᠶ᠋ᠢᠨ ᠨᠠᠮ ᠤ᠋ᠨ ᠬᠣᠷᠢᠶᠠᠨ ᠤ᠋ ᠳᠥᠷᠪᠡᠳᠦᠭᠡᠷ ᠲᠣᠭᠣᠷᠢᠨ ᠪᠠᠢᠴᠠᠭᠠᠬᠤ ᠳᠤᠭᠤᠢᠯᠠᠩ ᠤ᠋ᠨ ᠲᠣᠭᠣᠷᠢᠨ ᠪᠠᠢᠴᠠᠭᠠᠬᠤ ᠬᠤᠭᠤᠴᠠᠭ᠎ᠠ ( 3 ᠰᠠᠷ᠎ᠠ ᠶ᠋ᠢᠨ 29 ᠦ᠌ ᠡᠳᠦᠷ ᠡᠴᠡ 5 ᠰᠠᠷ᠎ᠠ ᠶ᠋ᠢᠨ 31 ᠦ᠌ ᠡᠳᠦᠷ ) ᠵᠢᠵᠢᠭᠦᠷ ᠦ᠋ᠨ ᠤᠳᠠᠰᠤ 15947633974 ᠡᠯᠧᠺᠲ᠋ᠷᠣᠨ ᠰᠢᠤᠳᠠᠨ ᠬᠠᠢᠷᠴᠠᠭ᠄ reedsdsxcz@163.com ᠰᠢᠤᠳᠠᠨ ᠬᠠᠢᠷᠴᠠᠭ᠄ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠣᠷᠳᠣᠰ ᠬᠣᠲᠠ ᠶ᠋ᠢᠨ 1016  ᠳ᠋ᠤᠭᠠᠷ ᠰᠢᠤᠳᠠᠨ ᠤ᠋ ᠵᠠᠬᠢᠳᠠᠯ ᠤ᠋ᠨ ᠬᠠᠢᠷᠴᠠᠭ᠂ ᠰᠠᠨᠠᠯ ᠤ᠋ᠨ ᠬᠠᠢᠷᠴᠠᠭ ᠤ᠋ᠨ ᠲᠣᠬᠢᠷᠠᠭᠤᠯᠤᠭᠰᠠᠨ ᠭᠠᠵᠠᠷ᠄ ᠣᠷᠳᠣᠰ ᠬᠣᠲᠠ ᠶ᠋ᠢᠨ ᠵᠢᠶᠠᠪᠠᠭᠱᠢ ᠲᠣᠭᠣᠷᠢᠭ ᠤ᠋ᠨ ᠠᠢ ᡁᠢ ᠮᠧᠩ ᠶᠢᠩ ᠪᠢᠨ ᠪᠠᠭᠤᠳᠠᠯ ᠤ᠋ᠨ ᠡᠮᠦᠨ᠎ᠡ  ᠠᠢ ᡁᠢ ᠮᠧᠩ ᠶᠢᠩ ᠪᠢᠨ ᠪᠠᠭᠤᠳᠠᠯ ᠤ᠋ᠨ ᠠᠷᠤ ᠲᠠᠯ᠎ᠠ ᠳ᠋ᠤ᠌ ᠪᠠᠢᠷᠢᠯᠠᠨ᠎ᠠ᠃ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠵᠠᠷᠭᠤ ᠶ᠋ᠢᠨ ᠦᠢᠯᠡᠴᠢᠯᠡᠭᠡᠨ ᠦ᠌ ᠲᠥᠪ ᠦ᠋ᠨ ᠵᠡᠭᠦᠨ ᠡᠭᠦᠳᠡᠨ ᠡᠮᠦᠨ᠎ᠡ ᠃ ᠲᠣᠭᠣᠷᠢᠨ ᠪᠠᠢᠴᠠᠭᠠᠬᠤ ᠳᠤᠭᠤᠢᠯᠠᠩ ᠤ᠋ᠨ ᠡᠳᠦᠷ ᠪᠦᠷᠢ ᠶ᠋ᠢᠨ ᠬᠦᠯᠢᠶᠡᠨ ᠠᠪᠬᠤ ᠤᠲᠠᠰᠤ ᠄ ᠦᠳᠡ ᠶ᠋ᠢᠨ ᠡᠮᠦᠨᠡᠬᠢ 8 ᠄ 30 — 12  ᠦᠳᠡ ᠶ᠋ᠢᠨ ᠬᠣᠢᠨᠠᠬᠢ 14 ᠄ 30 — 18 ᠄ 00 ᠪᠣᠯᠤᠨ᠎ᠠ ᠃ 《 ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠣᠭᠣᠷᠢᠨ ᠪᠠᠢᠴᠠᠭᠠᠬᠤ ᠠᠵᠢᠯ ᠤ᠋ᠨ ᠳᠦᠷᠢᠮ 》 ᠵᠡᠷᠭᠡ ᠬᠣᠯᠪᠣᠭᠳᠠᠯ ᠪᠦᠬᠦᠢ ᠲᠣᠭᠲᠠᠭᠠᠯ ᠢ᠋ ᠦᠨᠳᠦᠰᠦᠯᠡᠪᠡᠯ ᠂ ᠬᠣᠲᠠ ᠶ᠋ᠢᠨ ᠨᠠᠮ ᠤ᠋ᠨ ᠬᠣᠷᠢᠶᠠᠨ ᠤ᠋ ᠲᠣᠭᠣᠷᠢᠨ ᠪᠠᠢᠴᠠᠭᠠᠬᠤ ᠳᠤᠭᠤᠢᠯᠠᠩ ᠭᠣᠣᠯᠳᠠᠭᠤ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠤᠳᠤᠷᠢᠳᠬᠤ ᠪᠠᠭ ᠵᠢᠴᠢ ᠲᠡᠭᠦᠨ ᠦ᠌  ᠭᠡᠰᠢᠭᠦᠨ ᠂ ᠳᠣᠣᠷ᠎ᠠ ᠨᠢᠭᠡ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠶ᠋ᠢᠨ ᠭᠣᠣᠯ ᠬᠠᠷᠢᠭᠤᠴᠠᠯᠭᠠᠲᠠᠨ ᠪᠠ ᠴᠢᠬᠤᠯᠠ ᠠᠵᠢᠯ ᠤ᠋ᠨ ᠪᠠᠢᠷᠢ ᠶ᠋ᠢᠨ ᠤᠳᠤᠷᠢᠳᠬᠤ ᠺᠠᠲ᠋ᠷ ᠤ᠋ᠨ ᠠᠰᠠᠭᠤᠳᠠᠯ ᠤ᠋ᠨ ᠲᠤᠬᠠᠢ ᠵᠠᠬᠢᠳᠠᠯ ᠢᠷᠡᠭᠦᠯᠬᠦ ᠪᠠ ᠵᠠᠬᠢᠳᠠᠯ ᠰᠤᠷᠪᠤᠯᠵᠢᠯᠠᠭ᠎ᠠ ᠶ᠋ᠢᠨ ᠭᠣᠣᠯᠳᠠᠯᠭ᠎ᠠ ᠨᠢ ᠤᠯᠤᠰ ᠲᠥᠷᠥ ᠶ᠋ᠢᠨ ᠰᠠᠬᠢᠯᠭ᠎ᠠ ᠪᠠᠲᠤ ᠂ ᠵᠣᠬᠢᠶᠠᠨ ᠪᠠᠢᠭᠤᠯᠤᠯᠲᠠ ᠶ᠋ᠢᠨ ᠰᠠᠬᠢᠯᠭ᠎ᠠ ᠪᠠᠲᠤ ᠂ ᠣᠯᠠᠨ ᠲᠦᠮᠡᠨ ᠦ᠌ ᠠᠵᠢᠯ ᠂ ᠲᠣᠭᠣᠷᠢᠨ ᠪᠠᠢᠴᠠᠭᠠᠵᠤ ᠬᠦᠯᠢᠶᠡᠨ ᠠᠪᠬᠤ ᠬᠡᠪᠴᠢᠶᠡᠨ ᠳ᠋ᠦ᠍ ᠬᠠᠷᠢᠶᠠᠯᠠᠭᠳᠠᠬᠤ ᠥᠬᠡᠢ ᠪᠤᠰᠤᠳ ᠵᠠᠬᠢᠳᠠᠯ ᠰᠤᠷᠪᠤᠯᠵᠢᠯᠠᠭ᠎ᠠ ᠶ᠋ᠢᠨ ᠠᠰᠠᠭᠤᠳᠠᠯ ᠢ᠋ ᠲᠣᠭᠲᠠᠭᠠᠯ ᠶᠣᠰᠣᠭᠠᠷ ᠬᠠᠮᠢᠶ᠎ᠠ ᠪᠦᠬᠦᠢ ᠨᠢᠭᠡᠴᠡ ᠪᠣᠯᠤᠨ ᠰᠠᠯᠠᠭ᠎ᠠ ᠮᠥᠴᠢᠷ ᠨᠠᠷᠢᠨ ᠬᠢᠨᠠᠮᠠᠭᠠᠢ ᠰᠢᠢᠳᠪᠦᠷᠢᠯᠡᠨ᠎ᠡ ᠃
 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )