ᠰᠡᠳᠭᠢᠯ ᠵᠢᠷᠦᠬᠡ ᠪᠠᠨ ᠬᠣᠯᠪᠤᠯᠴᠠᠨ ᠠᠷᠠᠳ ᠲᠦᠮᠡᠨ ᠳ᠋ᠤ ᠦᠢᠯᠡᠴᠢᠯᠡᠶ᠎ᠡ
2021.04.07 ᠲᠣᠰ ᠥᠷᠲᠡᠭᠡᠨ ᠦ ᠨᠠᠢᠷᠠᠭᠤᠯᠤᠭᠴᠢ

    ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡᠨ ᠦ᠌ ᠬᠥᠮᠦᠵᠢᠯ ᠴᠡᠭᠴᠡᠯᠡᠯᠲᠡ ᠶ᠋ᠢ ᠥᠷᠨᠢᠭᠦᠯᠦᠭᠰᠡᠨ ᠡᠴᠡ ᠨᠡᠰᠢ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ《 ᠪᠢ ᠣᠯᠠᠨ ᠲᠦᠮᠡᠨ ᠳ᠋ᠦ᠍ ᠪᠣᠳᠠᠲᠤ ᠶᠠᠪᠤᠳᠠᠯ ᠬᠢᠬᠦ 》 ᠦᠢᠯᠡᠳᠦᠯᠭᠡ ᠶ᠋ᠢᠨ ᠠᠵᠢᠯᠯᠠᠭ᠎ᠠ ᠶ᠋ᠢ ᠢᠮᠠᠭᠲᠠ ᠴᠢᠬᠤᠯᠠ ᠠᠭᠤᠯᠭ᠎ᠠ ᠪᠠᠨ ᠪᠣᠯᠭᠠᠵᠤ ᠂ ᠬᠠᠤᠯᠢ ᠴᠠᠭᠠᠵᠠ ᠠᠷᠠᠳ ᠤ᠋ᠨ ᠲᠥᠯᠥᠭᠡ  ᠬᠡᠮᠡᠬᠦ ᠠᠮᠠᠯᠠᠯᠲᠠ ᠪᠠᠨ ᠢᠮᠠᠭᠲᠠ ᠰᠡᠳᠬᠢᠯ ᠳ᠋ᠡᠭᠡᠨ ᠪᠣᠳᠣᠵᠤ ᠂ ᠣᠯᠠᠨ ᠲᠦᠮᠡᠨ ᠦ᠌ ᠬᠦᠴᠢᠷ ᠵᠣᠪᠠᠭᠤᠷᠢ ᠲᠤᠯᠭᠠᠷᠠᠭᠰᠠᠨ ᠠᠰᠠᠭᠤᠳᠠᠯ ᠢ᠋ ᠪᠠᠭ᠎ᠠ ᠬᠡᠷᠡᠭ ᠡᠴᠡ ᠭᠠᠷᠳᠠᠨ ᠂ ᠨᠠᠷᠢᠨ ᠤᠴᠢᠷ ᠳᠡᠭᠡᠷ᠎ᠡ ᠬᠦᠴᠦ ᠣᠷᠣᠭᠤᠯᠵᠤ ᠦᠨᠡᠨ ᠬᠦ᠌ ᠠᠷᠠᠳ ᠢ᠋ ᠬᠠᠪᠰᠤᠷᠬᠤ ᠪᠡᠷ ᠴᠢᠷᠮᠠᠢᠭᠰᠠᠨ ᠪᠠᠢᠨ᠎ᠠ᠃
    ᠣᠢᠷ᠎ᠠ ᠳ᠋ᠤ᠌ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠰᠢᠭᠦᠬᠦ ᠬᠣᠷᠢᠶᠠᠨ ᠤ᠋ ᠳᠡᠳ᠋ ᠳᠠᠷᠤᠭ᠎ᠠ ᠯᠢ ᠵᠢᠩ ᠭᠦᠸᠧ ᠂ ᠰᠢᠭᠦᠭᠴᠢ ᠲᠤᠰᠢᠶᠠᠯᠲᠠᠨ ᠾᠧ ᠶᠠᠨ ᠴᠦᠨ ᠂ ᠸᠠᠩ ᠭᠠᠩ ᠳ᠋ᠦᠩᠱᠧᠩ᠂ ᠳᠠᠯᠠᠳ ᠬᠣᠰᠢᠭᠤ ᠂ ᠵᠡᠭᠦᠨᠭᠠᠷ ᠬᠣᠰᠢᠭᠤ ᠂ ᠦᠬᠠᠢ ᠵᠡᠷᠭᠡ ᠭᠠᠵᠠᠷ ᠢ᠋ᠶ᠋ᠠᠷ ᠭᠦᠨᠵᠡᠭᠡᠢᠷᠡᠨ ᠂ ᠵᠥᠷᠢᠴᠡᠯ ᠵᠢᠭᠤᠷᠭᠠᠨ ᠢ᠋ ᠪᠠᠢᠴᠠᠭᠠᠨ ᠰᠢᠢᠳᠪᠦᠷᠢᠯᠡᠵᠦ ᠂ ᠲᠤᠬᠠᠢ ᠶ᠋ᠢᠨ ᠬᠥᠮᠦᠨ ᠦ᠌ ᠭᠡᠷ  ᠪᠠ ᠪᠠᠢᠭ᠎ᠠ ᠠᠵᠤ ᠠᠬᠤᠢᠯᠠᠯ ᠳ᠋ᠤ᠌ ᠬᠦᠷᠴᠦ ᠨᠠᠷᠢᠨ ᠨᠢᠭᠲᠠ ᠬᠠᠤᠯᠢ ᠴᠠᠭᠠᠵᠠ ᠶ᠋ᠢᠨ ᠲᠠᠢᠯᠪᠤᠷᠢ ᠬᠢᠪᠡ ᠂ ᠨᠠᠷᠢᠨ ᠬᠢᠨᠠᠮᠠᠭᠠᠢ ᠲᠠᠢᠯᠪᠤᠷᠢᠯᠠᠬᠤ ᠠᠷᠭ᠎ᠠ ᠪᠠᠷ ᠬᠡᠳᠦᠨ ᠡᠳᠦᠷ ᠦ᠋ᠨ ᠳᠣᠲᠣᠷ᠎ᠠ 7 ᠤᠳᠠᠭ᠎ᠠ ᠶ᠋ᠢᠨ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠢ᠋ ᠠᠮᠵᠢᠯᠲᠠ ᠲᠠᠢ  ᠰᠢᠢᠳᠪᠦᠷᠢᠯᠡᠭᠰᠡᠨ ᠪᠠᠢᠵᠠᠢ ᠃
    ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠵᠢᠨ ᠤᠳᠤᠷᠢᠳᠬᠤ ᠺᠠᠲ᠋ᠷ ᠨᠢ ᠬᠡᠷᠡᠭ ᠳᠠᠭᠠᠭᠠᠴᠢᠯᠠᠨ ᠰᠤᠷᠪᠤᠯᠵᠢᠯᠠᠭ᠎ᠠ ᠶ᠋ᠢ ᠬᠦᠯᠢᠶᠡᠨ ᠠᠪᠬᠤ ᠶ᠋ᠢ ᠪᠠᠷᠢᠮᠲᠠᠯᠠᠵᠤ ᠂ ᠣᠯᠠᠨ ᠲᠦᠮᠡᠨ ᠦ᠌ ᠵᠦᠢ ᠵᠣᠬᠢᠰᠲᠠᠢ ᠱᠠᠭᠠᠷᠳᠠᠯᠭ᠎ᠠ ᠪᠠᠷ ᠰᠠᠭᠤᠷᠢ ᠴᠡᠭ ᠪᠣᠯᠭᠠᠨ ᠂ ᠵᠥᠷᠢᠴᠡᠯ ᠢ᠋ ᠨᠠᠮᠳᠠᠭᠠᠬᠤ ᠠᠵᠢᠯ ᠢ᠋ ᠭᠦᠨᠵᠡᠭᠡᠢ ᠥᠷᠨᠢᠭᠦᠯᠵᠦ ᠂ ᠣᠯᠠᠨ ᠲᠦᠮᠡᠨ ᠳ᠋ᠦ᠍ ᠦᠨᠡᠨ ᠬᠦ ᠪᠣᠳᠠᠲᠠᠢ ᠶᠠᠪᠤᠳᠠᠯ ᠬᠢᠵᠦ ᠬᠦᠴᠢᠷ ᠠᠰᠠᠭᠤᠳᠠᠯ ᠢ᠋ ᠨᠢ ᠰᠢᠢᠳᠪᠦᠷᠢᠯᠡᠵᠦ  ᠥᠭᠭᠦᠭᠰᠡᠨ ᠪᠠᠢᠨ᠎ᠠ ᠃ ᠳᠠᠷᠠᠭᠠᠴᠢ ᠶ᠋ᠢᠨ ᠠᠯᠬᠤᠮ ᠳ᠋ᠤ᠌ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠠᠷᠠᠳ ᠲᠦᠮᠡᠨ ᠢ᠋ᠶ᠋ᠡᠷ ᠭᠣᠣᠯ ᠪᠣᠯᠭᠠᠬᠤ ᠬᠥᠭᠵᠢᠯᠲᠡ ᠶ᠋ᠢᠨ ᠦᠵᠡᠯ ᠰᠠᠨᠠᠭ᠎ᠠ ᠶ᠋ᠢ ᠦᠷᠭᠦᠯᠵᠢᠯᠡᠨ ᠪᠠᠷᠢᠮᠲᠠᠯᠠᠵᠤ ᠂ ᠤᠳᠤᠷᠢᠳᠬᠤ ᠺᠠᠲ᠋ᠷ ᠨᠠᠷ ᠵᠢᠱ᠌ᠢᠶ᠎ᠡ  ᠳᠠᠭᠤᠷᠢᠶᠠᠯ ᠦᠵᠡᠭᠦᠯᠵᠦ ᠂ ᠰᠢᠭᠦᠭᠴᠢ ᠲᠤᠰᠢᠶᠠᠯᠲᠠᠨ  ᠳᠠᠢᠴᠢᠯᠠᠨ ᠬᠥᠳᠡᠭᠡ ᠪᠠᠭᠤᠵᠤ ᠣᠯᠠᠨ ᠲᠦᠮᠡᠨ ᠳ᠋ᠦ᠍ ᠦᠢᠯᠡᠴᠢᠯᠡᠬᠦ ᠶ᠋ᠢ ᠠᠬᠢᠭᠤᠯᠵᠤ ᠂ ᠡᠩᠨᠡᠭᠡ ᠶ᠋ᠢᠨ ᠰᠤᠷᠭᠠᠨ ᠬᠥᠮᠦᠵᠢᠯ ᠦ᠋ᠨ ᠴᠡᠭᠴᠡᠯᠡᠯᠲᠡ ᠪᠠ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠦ᠋ᠨ ᠦᠷ᠎ᠡ ᠪᠦᠲᠦᠭᠡᠯ ᠢ᠋ ᠪᠣᠳᠠᠲᠠᠢ ᠳ᠋ᠤ᠌ ᠨᠠᠢᠳᠠᠪᠤᠷᠢᠵᠢᠭᠤᠯᠬᠤ ᠶ᠋ᠢ  ᠠᠬᠢᠭᠤᠯᠬᠤ ᠪᠡᠷ ᠴᠢᠷᠮᠠᠢᠬᠤ ᠬᠡᠷᠡᠭᠲᠡᠢ ᠃
 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )