《 ᠶᠠᠨ ᠠᠨ ᠤ᠋ ᠰᠤᠷᠲᠠᠯ ᠴᠡᠭᠴᠡᠯᠡᠬᠦ ᠵᠣᠷᠢᠭ ᠰᠠᠨᠠᠭ᠎ᠠ ᠶ᠋ᠢ ᠪᠠᠳᠠᠷᠠᠭᠤᠯᠵᠤ ᠬᠡᠮ ᠠᠷᠬᠠᠭ ᠡᠪᠡᠳᠴᠢᠨ ᠢ᠋ ᠡᠷᠡᠰ ᠴᠡᠭᠴᠡᠯᠡᠬᠦ 》 — ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶᠠᠨ ᠠᠨ ᠤ᠋ ᠰᠤᠷᠲᠠᠯ ᠴᠡᠭᠴᠡᠯᠡᠬᠦ ᠭᠣᠣᠯ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠡᠷᠬᠢᠯᠡᠪᠡ
2021.04.07 ᠲᠣᠰ ᠥᠷᠲᠡᠭᠡᠨ᠎ᠦ ᠨᠠᠢᠷᠠᠭᠤᠯᠤᠭᠴᠢ

 

     ᠡᠩᠨᠡᠭᠡ ᠶ᠋ᠢᠨ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢ ᠤᠯᠠᠮ ᠨᠢᠭᠡ ᠠᠯᠬᠤᠮ ᠠᠬᠢᠭᠤᠯᠵᠤ ᠂ ᠨᠠᠮ ᠤ᠋ᠨ ᠭᠡᠰᠢᠭᠦᠨ ᠺᠠᠲ᠋ᠷ ᠴᠠᠭᠳᠠᠭ᠎ᠠ ᠶ᠋ᠢᠨ ᠡᠩᠨᠡᠭᠡ ᠶ᠋ᠢ ᠢᠮᠠᠭᠲᠠ ᠴᠢᠩᠭᠠᠳᠬᠠᠨ ᠂ ᠲᠠᠷᠢᠬᠢ ᠲᠣᠯᠣᠭᠠᠢ ᠶ᠋ᠢ ᠢᠮᠠᠭᠲᠠ ᠰᠡᠷᠭᠡᠭ ᠪᠠᠢᠯᠭᠠᠵᠤ ᠂ ᠪᠢᠰᠢᠷᠡᠨ ᠵᠢᠷᠦᠬᠡᠰᠢᠶᠡᠬᠦ ᠂ ᠬᠣᠷᠢᠭ᠎ᠠ ᠱᠤᠭᠤᠮ ᠢ᠋ ᠰᠠᠬᠢᠵᠤ ᠦᠨᠡᠨᠴᠢ ᠰᠢᠳᠤᠷᠭᠤ ᠪᠠᠷ ᠡᠭᠦᠷᠭᠡ ᠲᠤᠰᠢᠶᠠᠯ ᠢ᠋ᠶ᠋ᠠᠨ ᠭᠦᠢᠴᠡᠳᠬᠡᠵᠦ ᠂ ᠰᠢᠭᠦᠬᠦ ᠬᠣᠷᠢᠶᠠᠨ ᠤ᠋ ᠺᠠᠲ᠋ᠷ ᠴᠠᠭᠳᠠᠭ᠎ᠠ ᠶ᠋ᠢᠨ ᠰᠢᠨ᠎ᠡ ᠳᠦᠷᠢ ᠲᠥᠷᠬᠦ ᠶ᠋ᠢ ᠦᠢᠯᠡᠳᠦᠯᠭᠡᠵᠢᠭᠦᠯᠦᠶ᠎ᠡ ︕ 3 ᠰᠠᠷ᠎ᠠ ᠶ᠋ᠢᠨ 30 ᠤ᠋ ᠡᠳᠦᠷ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠶᠠᠨ ᠠᠨ ᠤ᠋ ᠰᠤᠷᠲᠠᠯ ᠴᠡᠭᠴᠡᠯᠡᠯᠲᠡ ᠶ᠋ᠢᠨ ᠭᠣᠣᠯ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠢᠵᠦ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠪᠠᠢᠭᠤᠯᠭ᠎ᠠ ᠶ᠋ᠢᠨ ᠨᠠᠮ ᠤ᠋ᠨ ᠬᠣᠷᠢᠶ᠎ᠠ ᠶ᠋ᠢᠨ ᠲᠤᠰᠬᠠᠢ ᠲᠤᠰᠢᠶᠠᠯ ᠤ᠋ᠨ ᠱᠦᠵᠢ ᠶ᠋ᠢᠨ ᠠᠵᠢᠯ ᠢ᠋ ᠬᠢᠪᠡ ᠃
 

     

     ᠰᠤᠳᠤᠯᠤᠨ ᠶᠠᠷᠢᠯᠴᠠᠬᠤ ᠬᠤᠷᠠᠯ ᠠ᠋ᠴᠠ ᠡᠮᠦᠨ᠎ᠡ ᠨᠠᠮ ᠤ᠋ᠨ ᠭᠡᠰᠢᠭᠦᠨ ᠺᠠᠲ᠋ᠷ ᠴᠠᠭᠳᠠᠭ᠎ᠠ 《ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠡᠦᠬᠡ ᠶ᠋ᠢᠨ ᠶᠠᠨ ᠠᠨ ᠤ᠋ ᠰᠤᠷᠲᠠᠯ ᠴᠡᠭᠴᠡᠯᠡᠬᠦ ᠬᠥᠳᠡᠯᠭᠡᠭᠡᠨ 》 ᠢ᠋ ᠦᠵᠡᠵᠦ᠂《 ᠶᠠᠩ ᠠᠨ ᠤ᠋ ᠰᠤᠷᠲᠠᠯ ᠴᠡᠭᠴᠡᠯᠡᠯᠲᠡ ᠪᠠ ᠨᠠᠮ ᠤ᠋ᠨ ᠰᠤᠷᠲᠠᠯ ᠤ᠋ᠨ ᠪᠠᠢᠭᠤᠯᠤᠯᠲᠠ 》 ᠭᠡᠬᠦ ᠲᠤᠰᠬᠠᠢ ᠰᠡᠳᠦᠪᠲᠦ ᠲᠠᠢᠯᠤᠮᠵᠢ ᠶ᠋ᠢ ᠰᠣᠨᠣᠰᠴᠢ ᠃

     ᠰᠤᠳᠤᠯᠤᠨ ᠶᠠᠷᠢᠯᠴᠠᠬᠤ ᠬᠤᠷᠠᠯ ᠳᠡᠭᠡᠷ᠎ᠡ 11 ᠨᠠᠮ ᠤ᠋ᠨ ᠭᠡᠰᠢᠭᠦᠨ ᠲᠥᠯᠥᠭᠡᠯᠡᠭᠴᠢ ᠶᠠᠨ ᠠᠨ ᠤ᠋ ᠰᠤᠷᠲᠠᠯ ᠴᠡᠭᠴᠡᠯᠡᠬᠦ ᠵᠣᠷᠢᠭ ᠰᠠᠨᠠᠭ᠎ᠠ ᠶ᠋ᠢ ᠪᠠᠳᠠᠷᠠᠭᠤᠯᠤᠨ ᠂ ᠠᠷᠭ᠎ᠠ ᠪᠤᠰᠤ ᠠᠷᠬᠠᠭ ᠭᠡᠮ ᠢ᠋ ᠵᠠᠰᠠᠬᠤ ᠭᠣᠣᠯ ᠰᠡᠳᠦᠪ ᠦ᠋ᠨ ᠲᠣᠭᠣᠷᠢᠨ ᠳ᠋ᠤ᠌ ᠰᠠᠨᠠᠯ ᠢ᠋ᠶ᠋ᠠᠨ ᠠᠭᠤᠵᠢᠷᠠᠲᠠᠯ᠎ᠠ ᠶᠠᠷᠢᠯᠴᠠᠵᠤ ᠂ ᠶᠠᠨ ᠠᠨ ᠤ᠋ ᠰᠤᠷᠲᠠᠯ ᠴᠡᠭᠴᠡᠯᠡᠬᠦ ᠬᠥᠳᠡᠯᠭᠡᠭᠡᠨ ᠦ᠌ ᠪᠣᠳᠠᠲᠤ ᠠᠴᠢ ᠬᠣᠯᠪᠣᠭᠳᠠᠯ ᠢ᠋ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠲᠡᠢ ᠤᠶᠠᠯᠳᠤᠭᠤᠯᠤᠨ ᠂ ᠣᠯᠤᠯᠲᠠ ᠲᠥᠷᠥᠭᠳᠡᠯ ᠢ᠋ᠶ᠋ᠡᠨ ᠶᠠᠷᠢᠵᠤ ᠪᠠᠢᠯ᠎ᠠ ᠃

     ᠡᠨᠡ ᠤᠳᠠᠭᠠᠨ ᠤ᠋ ᠰᠤᠳᠤᠯᠤᠨ ᠶᠠᠷᠢᠯᠴᠠᠬᠤ ᠪᠠᠷ ᠳᠠᠮᠵᠢᠨ ᠲᠠ ᠪᠦᠬᠦᠨ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠰᠤᠷᠤᠯᠴᠠᠯᠭ᠎ᠠ ᠬᠥᠮᠦᠵᠢᠯ ᠦ᠋ᠨ ᠱᠠᠲᠤᠨ ᠳ᠋ᠤ᠌ ᠶᠠᠨ ᠠᠨ ᠤ᠋ ᠰᠤᠷᠲᠠᠯ ᠴᠡᠭᠴᠡᠯᠡᠬᠦ ᠶᠡᠬᠡ ᠰᠤᠷᠭᠠᠭᠤᠯᠢ ᠶ᠋ᠢᠨ ᠰᠤᠷᠤᠯᠴᠠᠯᠭ᠎ᠠ ᠶᠡᠬᠡ ᠪᠣᠯᠪᠠᠰᠤᠷᠠᠯ ᠤ᠋ᠨ ᠲᠤᠬᠠᠢ ᠰᠤᠳᠤᠯᠤᠨ ᠶᠠᠷᠢᠯᠴᠠᠬᠤ ᠨᠢ ᠳᠠᠷᠠᠭᠠᠴᠢ ᠶ᠋ᠢᠨ ᠠᠯᠬᠤᠮ ᠤ᠋ᠨ ᠪᠠᠢᠴᠠᠭᠠᠨ ᠵᠠᠯᠠᠷᠠᠭᠤᠯᠬᠤ ᠂ ᠳᠡᠰ ᠳᠡᠪᠰᠢᠭᠦᠯᠬᠦ ᠱᠠᠲᠤᠨ ᠤ᠋ ᠡᠯ᠎ᠡ ᠲᠥᠷᠥᠯ ᠦ᠋ᠨ ᠠᠵᠢᠯ ᠢ᠋ ᠳ᠋ᠦᠩᠨᠡᠨ ᠳᠡᠭᠡᠭᠰᠢᠯᠡᠭᠦᠯᠬᠦ ᠂ ᠰᠢᠨ᠎ᠡ ᠴᠠᠭ ᠦᠶ᠎ᠡ ᠶ᠋ᠢᠨ ︽ ᠲᠠᠪᠤᠨ ᠬᠡᠳᠦ ᠴᠢᠩᠭ᠎ᠠ ︾ ᠰᠢᠭᠦᠬᠦ ᠬᠣᠷᠢᠶ᠎ᠠ ᠶ᠋ᠢᠨ ᠡᠩᠨᠡᠭᠡ ᠶ᠋ᠢ ᠪᠠᠢᠭᠤᠯᠬᠤ ᠳ᠋ᠤ᠌ ᠴᠢᠬᠤᠯᠠ ᠶᠡᠬᠡ ᠠᠴᠢ ᠬᠣᠯᠪᠣᠭᠳᠠᠯ ᠲᠠᠢ ᠭᠡᠵᠦ ᠢᠯᠡᠷᠬᠡᠢᠯᠡᠯ᠎ᠡ ᠃ ᠨᠠᠮ ᠤ᠋ᠨ ᠭᠡᠰᠢᠭᠦᠨ ᠺᠠᠲ᠋ᠷ ᠴᠠᠭᠳᠠᠭ᠎ᠠ ᠪᠣᠯᠤᠭᠰᠠᠨ ᠤ᠋ ᠬᠤᠪᠢ ᠳ᠋ᠤ᠌ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠡᠨ ᠴᠢᠩᠭ᠋ᠠᠳᠬᠠᠨ ᠂ ᠲᠡᠷᠢᠭᠦᠨ ᠦ᠌ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ ᠂ ᠠᠷᠠᠳ ᠤ᠋ᠨ ᠰᠢᠭᠦᠬᠦ ᠬᠣᠷᠢᠶᠠᠨ ᠤ᠋ ᠡᠩᠨᠡᠭᠡᠨ ᠦ᠌ ᠴᠣᠭ ᠪᠠᠳᠠᠷᠠᠩᠭᠤᠢ ᠥᠭᠡᠳᠡᠯᠡᠨ ᠲᠠᠪᠰᠢᠬᠤ ᠵᠣᠷᠢᠭ ᠰᠠᠨᠠᠭᠠᠨ ᠤ᠋ ᠳᠦᠷᠰᠦ ᠪᠠᠢᠳᠠᠯ ᠢ᠋ ᠢᠯᠡᠷᠡᠭᠦᠯᠵᠦ ᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠵᠠᠭᠤᠨ ᠵᠢᠯ ᠦ᠋ᠨ ᠣᠢ ᠳ᠋ᠤ᠌ ᠪᠡᠯᠡᠭ ᠪᠠᠷᠢᠶ᠎ᠠ ᠃
 

 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )