ᠯᠢ ᠶᠦᠩ ᠹᠧᠩ ᠰᠢᠭᠦᠭᠴᠢ 《 ᠪᠥᠬᠥ ᠤᠯᠤᠰ ᠤ᠋ᠨ ᠬᠠᠷ᠎ᠠ ᠪᠦᠯᠦᠭᠲᠡᠨ ᠬᠠᠷᠭᠢᠰ ᠬᠦᠴᠦᠨ ᠢ᠋ ᠠᠷᠢᠯᠭᠠᠬᠤ ᠲᠤᠰᠬᠠᠢ ᠲᠡᠮᠡᠴᠡᠯ ᠦ᠋ᠨ ᠲᠡᠷᠢᠭᠦᠨ ᠦ᠌ ᠠᠵᠢᠯᠲᠠᠨ 》  ᠪᠠᠷ ᠦᠨᠡᠯᠡᠭᠳᠡᠵᠡᠢ
2021.04.07 ᠲᠣᠰ ᠥᠷᠲᠡᠭᠡᠨ᠎ᠦ ᠨᠠᠢᠷᠠᠭᠤᠯᠤᠭᠴᠢ

 

     3 ᠰᠠᠷ᠎ᠠ ᠶ᠋ᠢᠨ 29 ᠦ᠌ ᠡᠳᠦᠷ ᠪᠦᠬᠦ ᠤᠯᠤᠰ ᠤ᠋ᠨ ᠬᠠᠷ᠎ᠠ ᠪᠦᠯᠦᠭᠲᠡᠨ ᠬᠠᠷᠭᠢᠰ ᠬᠦᠴᠦᠨ ᠢ᠋ ᠠᠷᠢᠯᠭᠠᠬᠤ ᠲᠤᠰᠬᠠᠢ ᠲᠡᠮᠡᠴᠡᠯ ᠢ᠋ ᠳ᠋ᠦᠩᠨᠡᠨ ᠰᠠᠢᠰᠢᠶᠠᠬᠤ ᠶᠡᠬᠡ ᠬᠤᠷᠠᠯ ᠪᠡᠭᠡᠵᠢᠩ ᠳ᠋ᠦ᠍ ᠶᠠᠪᠤᠭᠳᠠᠪᠠ ᠃ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠥᠪ ᠬᠣᠷᠢᠶᠠᠨ ᠤ᠋ ᠶᠡᠷᠦᠩᠬᠡᠢ ᠱᠦᠵᠢ ᠂ ᠤᠯᠤᠰ ᠤ᠋ᠨ ᠲᠡᠷᠢᠭᠦᠯᠡᠭᠴᠢ ᠂ ᠲᠥᠪ ᠤ᠋ᠨ ᠴᠡᠷᠢᠭ ᠤ᠋ᠨ ᠶᠠᠪᠤᠳᠠᠯ ᠤ᠋ᠨ ᠬᠣᠷᠢᠶᠠᠨ ᠤ᠋ ᠲᠡᠷᠢᠭᠦᠯᠡᠭᠴᠢ ᠱ᠋ᠢ ᠵᠢᠨ ᠫᠢᠩ ᠶᠡᠬᠡ ᠬᠤᠷᠠᠯ ᠳ᠋ᠤ᠌ ᠣᠷᠣᠯᠴᠠᠵᠤ ᠬᠥᠬᠢᠭᠦᠯᠦᠯ ᠬᠦᠷᠲᠡᠭᠰᠡᠨ ᠪᠠ ᠱᠠᠩᠨᠠᠯ ᠣᠯᠤᠭᠰᠠᠨ ᠲᠥᠯᠥᠭᠡᠯᠡᠭᠴᠢᠳ ᠶ᠋ᠢ ᠳᠣᠲᠣᠨᠣ ᠪᠠᠷ ᠬᠦᠯᠢᠶᠡᠨ ᠠᠪᠴᠤ ᠠᠭᠤᠯᠵᠠᠭᠰᠠᠨ ᠪᠥᠭᠡᠳ ᠬᠠᠯᠠᠭᠤᠨ ᠪᠠᠶᠠᠷ ᠬᠦᠷᠭᠡᠵᠡᠢ ᠃

     ᠬᠥᠬᠢᠭᠦᠯᠦᠨ ᠰᠠᠢᠰᠢᠶᠠᠬᠤ ᠶᠡᠬᠡ ᠬᠤᠷᠠᠯ ᠳᠡᠭᠡᠷ᠎ᠡ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠡᠷᠡᠭᠦᠦ ᠶ᠋ᠢᠨ ᠬᠡᠷᠡᠭ ᠦ᠋ᠨ ᠰᠢᠭᠦᠨ ᠲᠠᠰᠤᠯᠤᠯᠲᠠ ᠶ᠋ᠢᠨ ᠬᠣᠶᠠᠳᠤᠭᠠᠷ ᠲᠢᠩᠬᠢᠮ ᠦ᠋ᠨ ᠰᠢᠭᠦᠭᠴᠢ ᠯᠢ ᠶᠦᠩ ᠹᠧᠩ 《ᠪᠥᠬᠥ ᠤᠯᠤᠰ ᠤ᠋ᠨ ᠬᠠᠷ᠎ᠠ ᠪᠦᠯᠦᠭᠲᠡᠨ ᠬᠠᠷᠭᠢᠰ ᠬᠦᠴᠦᠨ ᠢ᠋ ᠠᠷᠢᠯᠭᠠᠬᠤ ᠲᠤᠰᠬᠠᠢ ᠲᠥᠷᠥᠯ ᠦ᠋ᠨ ᠲᠡᠮᠡᠴᠡᠯ ᠦ᠋ᠨ ᠲᠡᠷᠢᠭᠦᠨ ᠦ᠌ ᠠᠵᠢᠯᠲᠠᠨ》 ᠢ᠋ᠶ᠋ᠠᠷ ᠦᠨᠡᠯᠡᠭᠳᠡᠪᠡ ᠃

 

 

     ᠯᠢ ᠶᠦᠩ ᠹᠧᠩ᠂  ᠡᠷᠡᠭᠲᠡᠢ᠂  ᠬᠢᠲᠠᠳ ᠦᠨᠳᠦᠰᠦᠲᠡᠨ᠂  1987 ᠣᠨ ᠳ᠋ᠤ᠌ ᠲᠥᠷᠥᠵᠡᠢ᠂ ᠶᠡᠬᠡ ᠰᠤᠷᠭᠠᠭᠤᠯᠢ ᠶ᠋ᠢᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠭᠡᠰᠢᠭᠦᠨ᠂ 2012 ᠣᠨ ᠳ᠋ᠤ᠌ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠳ᠋ᠤ᠌ ᠣᠷᠣᠵᠤ ᠠᠵᠢᠯᠯᠠᠭᠠᠳ ᠣᠳᠣ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠡᠷᠡᠭᠦᠦ ᠶ᠋ᠢᠨ ᠬᠡᠷᠡᠭ ᠦ᠋ᠨ ᠰᠢᠭᠦᠨ ᠲᠠᠰᠤᠯᠤᠯᠲᠠ ᠶ᠋ᠢᠨ ᠬᠣᠶᠠᠳᠤᠭᠠᠷ ᠲᠢᠩᠬᠢᠮ ᠦ᠋ᠨ ᠣᠷᠣᠨ ᠲᠣᠭᠠᠨ ᠤ᠋ ᠰᠢᠭᠦᠭᠴᠢ ᠶ᠋ᠢ ᠡᠭᠦᠷᠭᠡᠯᠡᠵᠦ ᠂ ᠣᠯᠠᠨ ᠤᠳᠠᠭ᠎ᠠ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠲᠡᠷᠢᠭᠦᠨ ᠦ᠌ ᠠᠵᠢᠯᠲᠠᠨ ᠂ ᠰᠢᠯᠢᠳᠡᠭ ᠡᠪ ᠬᠠᠮᠲᠤ ᠨᠠᠮ ᠤ᠋ᠨ ᠭᠡᠰᠢᠭᠦᠨ ᠂ ᠰᠢᠯᠢᠳᠡᠭ ᠨᠠᠮ ᠤ᠋ᠨ ᠶᠠᠪᠤᠳᠠᠯ ᠤ᠋ᠨ ᠠᠵᠢᠯᠲᠠᠨ ᠢᠷᠠᠭᠤ ᠠᠯᠳᠠᠷᠲᠤ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠬᠤᠪᠢ ᠬᠥᠮᠦᠨ ᠭᠤᠷᠪᠠᠳᠤᠭᠠᠷ ᠳᠡᠰ ᠢ᠋ᠶ᠋ᠡᠷ ᠦᠨᠡᠯᠡᠭᠳᠡᠪᠡ᠃ ᠳᠠᠭᠠᠭᠠᠨ ᠭᠦᠢᠴᠡᠳᠬᠡᠭᠰᠡᠨ 《 ᠬᠤᠸᠠᠩ ᠭᠦᠸᠧ ᠯᠢᠶᠠᠩ ᠵᠡᠷᠭᠡ 9 ᠬᠥᠮᠦᠨ ᠢ᠋ ᠮᠡᠬᠡᠯᠡᠭᠰᠡᠨ ᠬᠡᠷᠡᠭ 》 ᠨᠢ ᠠᠷᠠᠳ ᠤ᠋ᠨ ᠳᠡᠭᠡᠳᠦ ᠰᠢᠭᠦᠬᠦ ᠬᠣᠷᠢᠶᠠᠨ ᠳ᠋ᠤ᠌ ᠴᠠᠬᠢᠯᠭᠠᠨ ᠬᠣᠯᠪᠣᠭ᠎ᠠ ᠶ᠋ᠢᠨ ᠮᠡᠬᠡᠯᠡᠯ ᠦ᠋ᠨ ᠠᠷᠪᠠᠨ ᠶᠡᠬᠡ ᠨᠡᠢᠲᠡᠯᠢᠭ ᠬᠡᠷᠡᠭ ᠦ᠋ᠨ ᠨᠢᠭᠡ ᠪᠣᠯᠤᠭᠰᠠᠨ ᠪᠠᠢᠨ᠎ᠠ ᠃

     ᠬᠠᠷ᠎ᠠ ᠪᠦᠯᠦᠭᠲᠡᠨ ᠬᠠᠷᠭᠢᠰ ᠬᠦᠴᠦᠨ ᠢ᠋ ᠠᠷᠢᠯᠭᠠᠬᠤ ᠲᠤᠰᠬᠠᠢ ᠲᠡᠮᠡᠴᠡᠯ ᠢ᠋ ᠥᠷᠨᠢᠭᠦᠯᠦᠭᠰᠡᠨ ᠡᠴᠡ ᠨᠡᠰᠢ ᠯᠢ ᠶᠦᠩ ᠹᠧᠩ ᠨᠥᠬᠥᠷ ᠡᠷᠡᠭᠦᠦ ᠶ᠋ᠢᠨ ᠬᠡᠷᠡᠭ ᠦ᠋ᠨ ᠰᠢᠭᠦᠬᠦ ᠲᠢᠩᠬᠢᠮ ᠦ᠋ᠨ ᠲᠤᠬᠠᠢᠯᠠᠭᠰᠠᠨ ᠠᠵᠢᠯ ᠤ᠋ᠨ ᠭᠣᠣᠯᠯᠠᠭᠴᠢ ᠬᠦᠴᠦᠨ ᠦ᠌ ᠬᠤᠪᠢ ᠪᠠᠷ ᠡᠷᠡᠭᠦᠦ ᠶ᠋ᠢᠨ ᠬᠡᠷᠡᠭ ᠦ᠋ᠨ ᠲᠤᠰᠬᠠᠢ ᠮᠡᠷᠭᠡᠵᠢᠯ ᠦ᠋ᠨ ᠰᠢᠭᠦᠭᠴᠢ ᠶ᠋ᠢᠨ ᠬᠤᠷᠠᠯᠳᠤᠭᠠᠨ ᠳ᠋ᠤ᠌ ᠣᠯᠠᠨ ᠤᠳᠠᠭ᠎ᠠ ᠣᠷᠣᠯᠴᠠᠪᠠ ᠃ 2019 ᠣᠨ ᠳ᠋ᠤ᠌ ᠲᠥᠪ ᠦ᠋ᠨ ᠬᠠᠷ᠎ᠠ ᠪᠦᠯᠦᠭᠲᠡᠨ ᠬᠠᠷᠭᠢᠰ ᠬᠦᠴᠦᠨ ᠢ᠋ ᠠᠷᠢᠯᠭᠠᠨ ᠬᠢᠨᠠᠨ ᠵᠢᠯᠣᠭᠣᠳᠬᠤ ᠳᠤᠭᠤᠢᠯᠠᠩ ᠤ᠋ᠨ ᠬᠢᠨ ᠥᠪᠥᠷ ᠮᠣᠩᠭᠣᠯ ᠳ᠋ᠤ᠌ ᠢᠷᠡᠵᠦ ᠰᠠᠭᠤᠭ᠎ᠠ ᠯᠢ ᠶᠦᠩ ᠹᠧᠩ ᠨᠥᠬᠥᠷ ᠢ᠋ ᠲᠥᠪ ᠦ᠋ᠨ ᠬᠢᠨᠠᠨ ᠵᠢᠯᠣᠭᠣᠳᠬᠤ ᠳᠤᠭᠤᠢᠯᠠᠩ ᠳ᠋ᠤ᠌ ᠰᠢᠯᠵᠢᠭᠦᠯᠵᠦ ᠬᠢᠨᠠᠨ ᠪᠠᠢᠴᠠᠭᠠᠬᠤ ᠳᠤᠭᠤᠢᠯᠠᠩ ᠤ᠋ᠨ ᠬᠢᠨ ᠱᠠᠭᠠᠷᠳᠠᠯᠭ᠎ᠠ ᠶᠣᠰᠣᠭᠠᠷ 50 ᠭᠠᠷᠤᠢ ᠮᠠᠭᠤ ᠬᠡᠷᠡᠭ ᠲᠦ᠍ ᠬᠣᠯᠪᠣᠭᠳᠠᠭᠰᠠᠨ ᠰᠦᠪᠡᠭᠴᠢ ᠶ᠋ᠢ ᠭᠦᠢᠴᠡᠳᠭᠡᠵᠡᠢ᠃ 2020 ᠣᠨ ᠤ᠋ ᠡᠬᠢ ᠪᠡᠷ ᠪᠠᠶᠠᠨᠨᠠᠭᠤᠷ ᠬᠣᠲᠠ ᠶ᠋ᠢᠨ ᠤᠷᠠᠳ ᠤ᠋ᠨ ᠡᠮᠦᠨᠡᠲᠦ ᠬᠤᠰᠢᠭᠤᠨ ᠤ᠋ ᠵᠠᠰᠠᠭ ᠤ᠋ᠨ ᠣᠷᠳᠣᠨ ᠤ᠋ ᠤᠤᠯ ᠤ᠋ᠨ ᠳᠡᠳ᠋ ᠬᠣᠰᠢᠭᠤ ᠳᠠᠷᠤᠭ᠎ᠠ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠶ᠋ᠢᠨ ᠤᠤᠯ ᠤ᠋ᠨ ᠨᠠᠮ ᠤ᠋ᠨ ᠬᠣᠷᠢᠶᠠᠨ ᠤ᠋ ᠱᠦᠵᠢ ᠂ ᠲᠣᠪᠴᠢᠶᠠᠨ ᠳᠠᠷᠤᠭ᠎ᠠ ᠵᠢᠶᠠ ᠵᠢᠩ ᠪᠦᠸᠧ ᠵᠡᠷᠭᠡ 61 ᠵᠠᠭᠠᠯᠳᠤᠭᠳᠠᠭᠴᠢ ᠶ᠋ᠢᠨ ᠵᠣᠬᠢᠶᠠᠨ ᠪᠠᠢᠭᠤᠯᠤᠯᠲᠠ ᠂ ᠤᠳᠤᠷᠢᠳᠤᠯᠭ᠎ᠠ ᠂ ᠬᠠᠷ᠎ᠠ ᠨᠡᠢᠭᠡᠮ ᠦ᠋ᠨ ᠴᠢᠨᠠᠷᠲᠠᠢ ᠵᠣᠬᠢᠶᠠᠨ ᠪᠠᠢᠭᠤᠯᠤᠯᠲᠠ ᠳ᠋ᠤ᠌ ᠣᠷᠣᠯᠴᠠᠨ ᠶᠠᠯ᠎ᠠ ᠬᠢᠭᠰᠡᠨ ᠬᠡᠷᠡᠭ ᠲᠦ᠍ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠬᠠᠷᠢᠶᠠᠯᠠᠯᠲᠠ ᠳ᠋ᠤ᠌ ᠲᠤᠰ ᠬᠡᠷᠡᠭ ᠨᠢ ᠫᠠᠢᠰᠠ ᠡᠯᠭᠦᠵᠦ ᠰᠢᠪᠠᠳᠠᠨ ᠰᠶᠢᠳᠪᠦᠷᠢᠯᠡᠭᠰᠡᠨ ᠬᠡᠷᠡᠭ ᠨᠢ 61 ᠬᠥᠮᠦᠨ ᠳ᠋ᠦ᠍ ᠬᠣᠯᠪᠣᠭᠳᠠᠵᠤ 2 ᠶᠠᠯ᠎ᠠ ᠶ᠋ᠢᠨ ᠨᠡᠷ᠎ᠡ ᠪᠣᠢ ᠃ ᠬᠡᠷᠡᠭ ᠢ᠋ ᠬᠡᠪ ᠦ᠋ᠨ ᠶᠣᠰᠣᠭᠠᠷ ᠰᠢᠭᠦᠬᠦ ᠶ᠋ᠢ ᠪᠠᠲᠤᠯᠠᠬᠤ ᠶ᠋ᠢᠨ ᠲᠥᠯᠥᠭᠡ ᠯᠢ ᠶᠦᠩ ᠹᠧᠩ ᠨᠥᠬᠥᠷ ᠦ᠋ᠨ ᠡᠭᠡᠯᠵᠢ ᠨᠡᠮᠡᠵᠦ ᠴᠠᠭ ᠨᠡᠮᠡᠵᠦ ᠠᠵᠢᠯᠯᠠᠬᠤ ᠨᠢ ᠭᠠᠷᠠᠭ ᠤ᠋ᠨ ᠵᠢᠷᠭᠤᠭᠠᠨ ᠤ᠋ ᠭᠠᠷᠠᠭ ᠤ᠋ᠨ ᠵᠢᠷᠭᠤᠭᠠᠨ ᠤ᠋ ᠠᠮᠠᠷᠠᠯᠲᠠ ᠶ᠋ᠢᠨ ᠴᠠᠭ ᠢ᠋ ᠲᠦᠷ ᠠᠮᠠᠷᠠᠭᠤᠯᠵᠤ ᠂ ᠬᠡᠷᠡᠭ ᠦ᠋ᠨ ᠡᠪᠬᠡᠮᠡᠯ ᠢ᠋ ᠨᠠᠷᠢᠨ ᠨᠢᠮᠪᠠᠢ ᠪᠠᠢᠴᠠᠭᠠᠨ ᠦᠵᠡᠵᠦ ᠂ ᠵᠠᠭᠠᠯᠳᠤᠭᠳᠠᠭᠴᠢ ᠪᠠ ᠥᠮᠥᠭᠯᠡᠭᠴᠢ ᠶ᠋ᠢᠨ ᠰᠠᠨᠠᠯ ᠦᠨᠡᠨ ᠡᠴᠡ ᠵᠥᠪ ᠢ᠋ ᠡᠷᠢᠭᠰᠡᠨ ᠵᠠᠳᠠᠯᠤᠯᠲᠠ ᠬᠢᠭᠰᠡᠨ ᠬᠡᠷᠡᠭ ᠦ᠋ᠨ ᠬᠠᠮᠤᠭ ᠡᠴᠦᠰ ᠲᠦ᠍ ᠲᠤᠰ ᠬᠡᠷᠡᠭ ᠢ᠋ ᠰᠢᠭᠦᠯᠲᠡ ᠡᠬᠢᠯᠡᠭᠦᠯᠦᠨ ᠰᠢᠭᠦᠨ ᠰᠢᠢᠳᠪᠦᠷᠢᠯᠡᠬᠦ ᠠᠵᠢᠯ ᠢ᠋ ᠲᠡᠭᠦᠰ ᠠᠮᠵᠢᠯᠲᠠ ᠲᠠᠢ ᠪᠠᠷ ᠪᠡᠶᠡᠯᠡᠭᠦᠯᠪᠡ ᠃
 

     ᠵᠢᠶᠠ ᠵᠢᠩ ᠪᠦᠸᠧ ᠶ᠋ᠢᠨ ᠬᠡᠷᠡᠭ ᠢ᠋ ᠰᠢᠭᠦᠨ ᠰᠢᠢᠳᠪᠦᠷᠢᠯᠡᠬᠦ ᠠᠵᠢᠯ ᠰᠠᠢᠬᠠᠨ ᠲᠡᠭᠦᠰᠦᠭᠰᠡᠨ ᠪᠠᠢᠲᠠᠯ᠎ᠠ ᠯᠢ ᠶᠦᠩ ᠹᠧᠩ ᠨᠥᠬᠥᠷ ᠢ᠋ ᠪᠠᠰᠠ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠥᠨᠳᠥᠷ ᠵᠡᠷᠭᠡ ᠶ᠋ᠢᠨ ᠰᠢᠭᠦᠬᠦ ᠬᠣᠷᠢᠶ᠎ᠠ ᠪᠦᠬᠦ ᠣᠷᠣᠨ ᠤ᠋ ᠪᠤᠷᠤᠩᠬᠤᠢ ᠶ᠋ᠢ ᠰᠢᠭᠦᠷᠳᠡᠨ ᠬᠠᠷᠭᠢᠰ ᠢ᠋ ᠴᠡᠪᠡᠷᠯᠡᠬᠦ ᠲᠤᠰᠬᠠᠢ ᠲᠥᠷᠥᠯ ᠦ᠋ᠨ ᠱᠠᠭᠠᠷᠳᠠᠨ ᠵᠢᠯᠣᠭᠣᠳᠬᠤ ᠠᠵᠢᠯ ᠳ᠋ᠤ᠌ ᠣᠷᠣᠯᠴᠠᠭᠠᠳ 1 ᠰᠠᠷ᠎ᠠ ᠪᠣᠯᠲᠠᠯ᠎ᠠ ᠠᠯᠪᠠᠨ ᠠᠵᠢᠯ ᠢ᠋ᠶ᠋ᠠᠷ ᠭᠠᠳᠠᠭᠰᠢ ᠭᠠᠷᠤᠭᠰᠠᠨ ᠪᠣᠯᠪᠠᠴᠤ ᠯᠢ ᠶᠦᠩ ᠹᠧᠩ ᠨᠥᠬᠥᠷ ᠢ᠋ 11 ᠰᠠᠷ᠎ᠠ ᠶ᠋ᠢᠨ ᠡᠬᠢᠨ ᠳ᠋ᠦ᠍ ᠲᠤᠰᠢᠶᠠᠭᠰᠠᠨ ᠠᠵᠢᠯ ᠤ᠋ᠨ ᠡᠭᠦᠷᠭᠡ ᠪᠡᠨ ᠠᠮᠵᠢᠯᠲᠠ ᠲᠠᠢ ᠪᠡᠶᠡᠯᠡᠭᠦᠯᠵᠡᠢ ᠃

     ᠲᠩᠷᠢ ᠭᠠᠵᠠᠷ ᠢ᠋ ᠳᠣᠩᠰᠣᠯᠭᠠᠭᠰᠠᠨ ᠠᠭᠤᠤ ᠶᠡᠬᠡ ᠠᠤᠭ᠎ᠠ ᠶᠡᠬᠡ ᠠᠵᠢᠯᠯᠠᠭ᠎ᠠ ᠥᠬᠡᠢ ᠨᠢ ᠭᠠᠭᠴᠠᠬᠦ ᠴᠤᠴᠠᠯᠲᠠ ᠥᠬᠡᠢ ᠴᠥᠬᠥᠷᠡᠯ ᠥᠬᠡᠢ ᠬᠥᠭᠡᠭᠡᠴᠡᠯᠳᠦᠨ᠎ᠡ ᠃ ᠯᠢ ᠶᠦᠩ ᠹᠧᠩ ᠨᠥᠬᠥᠷ ᠬᠠᠤᠯᠢ ᠴᠠᠭᠠᠵᠠ ᠶ᠋ᠢᠨ ᠢᠲᠡᠭᠡᠯ ᠪᠢᠰᠢᠷᠡᠯ ᠦ᠋ᠨ ᠪᠠᠲᠤ ᠰᠠᠬᠢᠨ ᠬᠠᠮᠠᠭᠠᠯᠠᠯᠲᠠ ᠦᠢᠯᠡᠳᠦᠯ ᠢ᠋ᠶ᠋ᠡᠨ ᠦᠭᠡ ᠳᠠᠭᠤᠨ ᠥᠬᠡᠢ ᠬᠠᠷᠠᠭᠤᠯᠤᠭᠰᠠᠨ ᠳᠤᠭᠤᠢᠯᠠᠩ ᠤ᠋ᠨ ᠥᠩᠭᠡᠷᠡᠯᠲᠡ ᠪᠡᠷ ᠢ᠋ᠶ᠋ᠡᠨ ᠨᠢᠭᠡ ᠬᠤᠪᠢ ᠰᠢᠭᠦᠨ ᠲᠠᠰᠤᠯᠤᠯᠲᠠ ᠳ᠋ᠤ᠌ ᠨᠢᠭᠡ ᠠᠷᠠᠳ ᠤ᠋ᠨ ᠰᠢᠭᠦᠭᠴᠢ ᠶ᠋ᠢᠨ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠶ᠋ᠢ ᠭᠦᠢᠴᠡᠳᠬᠡᠵᠦ ᠂ ᠰᠢᠨ᠎ᠡ ᠴᠠᠭ ᠦᠶ᠎ᠡ ᠶ᠋ᠢᠨ ᠠᠷᠠᠳ ᠤ᠋ᠨ ᠰᠢᠭᠦᠭᠴᠢ ᠶ᠋ᠢᠨ ᠤᠭ ᠰᠠᠨᠠᠭ᠎ᠠ ᠪᠠ ᠡᠭᠦᠷᠭᠡ ᠶ᠋ᠢ ᠬᠠᠮᠠᠭᠠᠯᠠᠭᠰᠠᠨ ᠪᠠᠢᠨ᠎ᠠ ᠃
 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )