《ᠪᠠᠷᠠᠭᠤᠨᠰᠢ ᠪᠠᠨ ᠡᠷᠭᠢ᠂ ᠤᠷᠤᠭᠰᠢ ᠪᠠᠨ ᠲᠡᠭᠰᠢᠯᠡ ︕ 》
ᠬᠦᠩᠭᠢᠨᠡᠮ᠎ᠡ ᠳᠣᠬᠢᠶ᠎ᠠ ᠪᠦᠬᠦ ᠰᠢᠭᠦᠬᠦ ᠬᠣᠷᠢᠶᠠᠨ ᠳ᠋ᠤ᠌ ᠴᠤᠤᠷᠢᠶᠠᠲᠤᠨ᠎ᠠ ᠃
ᠡᠩᠨᠡᠭᠡᠨ ᠦ᠌ ᠬᠥᠮᠦᠵᠢᠯ ᠴᠡᠭᠴᠡᠯᠡᠯᠲᠡ ᠶ᠋ᠢ ᠤᠯᠠᠮ ᠨᠢᠭᠡ ᠠᠯᠬᠤᠮ ᠠᠬᠢᠭᠤᠯᠬᠤ ᠶ᠋ᠢᠨ ᠲᠥᠯᠥᠭᠡ 《 2021 ᠣᠨ ᠤ᠋ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠪᠣᠯᠪᠠᠰᠤᠷᠠᠯ ᠤ᠋ᠨ ᠲᠥᠯᠥᠪᠯᠡᠭᠡ 》 ᠶ᠋ᠢ ᠦᠨᠳᠦᠰᠦᠯᠡᠨ ᠂ 3 ᠰᠠᠷ᠎ᠠ ᠶ᠋ᠢᠨ 29 ᠦ᠌ ᠡᠳᠦᠷ ᠡᠴᠡ ᠡᠬᠢᠯᠡᠨ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠬᠠᠤᠯᠢ ᠶ᠋ᠢᠨ ᠴᠠᠭᠳᠠᠭ᠎ᠠ ᠶ᠋ᠢᠨ ᠰᠠᠯᠪᠤᠷᠢ ᠠᠩᠭᠢ ᠥᠷᠯᠥᠭᠡ ᠵᠢᠨ 7᠄ 20 — 7᠄ 50 ᠲᠤ ᠠᠯᠪᠠᠨ ᠠᠰᠠᠷ ᠤ᠋ᠨ ᠡᠮᠦᠨ᠎ᠡ ᠠᠵᠢᠯ ᠠ᠋ᠴᠠ ᠡᠮᠦᠨᠡᠬᠢ ᠴᠠᠭ ᠢ᠋ ᠠᠰᠢᠭᠯᠠ ᠪᠦᠬᠦ ᠬᠠᠤᠯᠢ ᠶ᠋ᠢᠨ ᠴᠠᠭᠳᠠᠭ᠎ᠠ ᠶ᠋ᠢ ᠵᠣᠬᠢᠶᠠᠨ ᠪᠠᠢᠭᠤᠯᠤᠨ ᠲᠥᠪᠯᠡᠷᠡᠭᠦᠯᠦᠨ ᠪᠣᠯᠪᠠᠰᠤᠷᠠᠯ ᠬᠢᠯᠭᠡᠵᠦ ᠂ ᠬᠠᠤᠯᠢ ᠶ᠋ᠢᠨ ᠴᠠᠭᠳᠠᠭ᠎ᠠ ᠶ᠋ᠢᠨ ᠪᠠᠢᠯᠳᠤᠬᠤ ᠴᠢᠳᠠᠪᠤᠷᠢ ᠶ᠋ᠢ ᠳᠡᠭᠡᠭᠰᠢᠯᠡᠭᠦᠯᠪᠡ ᠃ ᠪᠣᠯᠪᠠᠰᠤᠷᠠᠯ ᠨᠢ ᠪᠡᠶ᠎ᠡ ᠲᠠᠮᠢᠷ ᠂ ᠡᠩᠨᠡᠭᠡ ᠂ ᠳᠠᠢᠰᠤᠨ ᠢ᠋ ᠪᠠᠷᠢᠬᠤ ᠪᠣᠯᠪᠠᠰᠤᠷᠠᠯ ᠢ᠋ᠶ᠋ᠠᠷ ᠭᠣᠣᠯ ᠠᠭᠤᠯᠭ᠎ᠠ ᠢ᠋ᠢᠡᠨ ᠪᠣᠯᠭᠠᠭᠰᠠᠨ ᠪᠠᠢᠨ᠎ᠠ᠃ ᠡᠩᠨᠡᠭᠡᠨ ᠦ᠌ ᠬᠥᠮᠦᠵᠢᠯ ᠴᠡᠭᠴᠡᠯᠡᠯᠲᠡ ᠶ᠋ᠢᠨ ᠵᠠᠩᠭᠢᠯᠠᠭ᠎ᠠ ᠶ᠋ᠢᠨ ᠬᠤᠭᠤᠴᠠᠭᠠᠨ ᠳ᠋ᠤ᠌ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠪᠡᠶ᠎ᠡ ᠲᠠᠮᠢᠷ ᠤ᠋ᠨ ᠪᠣᠯᠪᠠᠰᠤᠷᠠᠯ ᠢ᠋ ᠥᠷᠨᠢᠭᠦᠯᠬᠦ ᠨᠢ ᠡᠩᠨᠡᠭᠡᠨ ᠦ᠌ ᠰᠤᠷᠭᠠᠨ ᠬᠥᠮᠦᠵᠢᠯ ᠢ᠋ ᠴᠡᠭᠴᠡᠯᠡᠬᠦ ᠬᠠᠮᠢᠶ᠎ᠠ ᠪᠥᠬᠥᠢ ᠱᠠᠭᠠᠷᠳᠠᠯᠭ᠎ᠠ ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ ᠂ ᠴᠠᠭᠳᠠᠭ᠎ᠠ ᠨᠠᠷ ᠤ᠋ᠨ ᠬᠡᠪ ᠴᠢᠨᠠᠷ ᠢ᠋ ᠪᠥᠬᠥ ᠲᠠᠯ᠎ᠠ ᠪᠠᠷ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃
ᠦᠨᠡᠯᠡᠬᠦ 0ᠦᠨᠡᠯᠡᠯᠲᠡ᠎ᠲᠠᠢ