ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠪᠦᠬᠦ ᠬᠣᠲᠠ ᠶ᠋ᠢᠨ ᠰᠢᠭᠦᠬᠦ ᠬᠣᠷᠢᠶ᠎ᠠ ᠶ᠋ᠢᠨ 《 ᠨᠠᠮ ᠤ᠋ᠨ ᠲᠡᠦᠬᠡ ᠶ᠋ᠢ ᠰᠤᠷᠤᠯᠴᠠᠵᠤ ᠂ ᠦᠵᠡᠯ ᠰᠠᠨᠠᠭ᠎ᠠ ᠪᠠᠨ ᠲᠤᠩᠭᠠᠨ ᠂ ᠪᠣᠳᠠᠲᠠᠢ ᠠᠵᠢᠯ ᠬᠢᠵᠦ ᠰᠢᠨ᠎ᠡ ᠪᠠᠢᠳᠠᠯ ᠢ᠋ ᠨᠡᠭᠡᠭᠡᠶ᠎ᠡ 》 ᠭᠣᠣᠯ ᠰᠡᠳᠦᠪᠲᠦ ᠨᠠᠮ ᠤ᠋ᠨ ᠲᠡᠦᠬᠡ ᠶ᠋ᠢᠨ ᠮᠡᠳᠡᠯᠭᠡ ᠶ᠋ᠢᠨ ᠮᠥᠷᠦᠢᠴᠡᠭᠡᠨ ᠢ᠋ ᠥᠷᠨᠢᠭᠦᠯᠪᠡ
2021.04.07 ᠲᠣᠰ ᠥᠷᠲᠡᠭᠡᠨ ᠦ ᠨᠠᠢᠷᠠᠭᠤᠯᠤᠭᠴᠢ

      ᠶᠡᠷᠦᠩᠬᠡᠢ ᠱᠦᠵᠢ ᠰᠢ ᠵᠢᠨ ᠫᠢᠩ ᠦ᠋ᠨ ᠪᠥᠬᠥ ᠤᠯᠤᠰ ᠤ᠋ᠨ ᠨᠠᠮ ᠤ᠋ᠨ ᠲᠡᠦᠬᠡ ᠰᠤᠷᠤᠯᠴᠠᠯᠭ᠎ᠠ ᠬᠥᠮᠦᠵᠢᠯ ᠦ᠋ᠨ ᠳᠠᠢᠴᠢᠯᠠᠯᠲᠠ ᠶ᠋ᠢᠨ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠶ᠋ᠢ ᠤᠯᠠᠮ ᠨᠢᠭᠡ ᠠᠯᠬᠤᠮ ᠲᠤᠤᠱᠯᠠᠭᠤᠯᠤᠨ ᠨᠠᠢᠳᠠᠪᠤᠷᠢᠵᠢᠭᠤᠯᠬᠤ ᠶ᠋ᠢᠨ ᠲᠥᠯᠥᠭᠡ ᠂ ᠥᠷᠭᠡᠨ ᠣᠯᠠᠨ ᠨᠠᠮ ᠤ᠋ᠨ ᠭᠡᠰᠢᠭᠦᠨ ᠺᠠᠲ᠋ᠷ ᠴᠠᠭᠳᠠᠭ᠎ᠠ ᠶ᠋ᠢ ᠬᠥᠲᠥᠯᠦᠨ ᠵᠢᠯᠣᠭᠣᠳᠴᠤ ᠨᠠᠮ ᠤ᠋ᠨ ᠲᠡᠦᠬᠡ ᠶ᠋ᠢᠨ ᠮᠡᠳᠡᠯᠭᠡ ᠶ᠋ᠢ ᠳᠠᠬᠢᠨ ᠪᠠᠲᠤᠳᠭᠠᠵᠤ᠂ ᠨᠠᠮ ᠤ᠋ᠨ ᠲᠡᠦᠬᠡ ᠰᠤᠷᠤᠯᠴᠠᠬᠤ  ᠪᠦᠲᠦᠮᠵᠢᠲᠦ ᠴᠢᠨᠠᠷ ᠢ᠋ ᠴᠢᠩᠭᠠᠳᠬᠠᠬᠤ ᠶ᠋ᠢᠨ ᠲᠥᠯᠥᠭᠡ 3 ᠰᠠᠷ᠎ᠠ ᠶ᠋ᠢᠨ 31 ᠦ᠌ ᠡᠳᠦᠷ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ《 ᠨᠠᠮ ᠤ᠋ᠨ ᠲᠡᠦᠬᠡ ᠰᠤᠷᠬᠤ ᠂ ᠦᠵᠡᠯ ᠰᠠᠨᠠᠭ᠎ᠠ ᠪᠠᠨ ᠲᠤᠩᠭᠠᠨ ᠂ ᠪᠣᠳᠠᠲᠤ ᠶᠠᠪᠤᠳᠠᠯ ᠬᠢᠬᠦ 》  ᠮᠥᠷᠦᠢᠴᠡᠭᠡᠨ ᠢ᠋  ᠡᠷᠬᠢᠯᠡᠪᠡ᠃


     

 

      ᠲᠤᠰ ᠤᠳᠠᠭᠠᠨ ᠤ᠋ ᠮᠡᠳᠡᠯᠭᠡ ᠶ᠋ᠢᠨ  ᠮᠥᠷᠦᠢᠴᠡᠭᠡᠨ ᠳ᠋ᠤ᠌ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢ ᠪᠠᠭᠲᠠᠭᠠᠭᠰᠠᠨ ᠠᠷᠪᠠᠨ ᠠᠩᠭᠢ  ᠮᠥᠷᠦᠢᠴᠡᠭᠡᠨ  ᠳ᠋ᠤ᠌ ᠣᠷᠣᠯᠴᠠᠬᠤ ᠂ ᠲᠤᠬᠠᠢ ᠶ᠋ᠢᠨ ᠲᠠᠯᠠᠪᠠᠢ ᠳ᠋ᠤ᠌ ᠬᠠᠷᠢᠭᠤᠯᠲᠠ ᠥᠭᠬᠦ ᠬᠡᠯᠪᠡᠷᠢ ᠪᠡᠷ ᠳᠤᠭᠤᠢᠯᠠᠩ ᠤ᠋ᠨ ᠰᠡᠳᠦᠪ ᠂ ᠬᠤᠪᠢ  ᠬᠤᠪᠢ ᠬᠥᠮᠦᠨ ᠤ᠋ ᠰᠡᠳᠦᠪ᠂ ᠳᠤᠭᠤᠢᠯᠠᠩ ᠤ᠋ᠨ ᠠᠶᠤᠯ ᠲᠦᠭᠰᠢᠭᠦᠷᠢ ᠶ᠋ᠢᠨ ᠰᠡᠳᠦᠪ ᠵᠢ ᠵᠣᠬᠢᠶᠠᠨ ᠪᠠᠢᠭᠤᠯᠪᠠ᠃ ᠡᠴᠦᠰ ᠲᠡᠭᠡᠨ ᠣᠲᠣᠭ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠤᠷᠤᠯᠳᠤᠭᠠᠨ ᠤ᠋ ᠨᠢᠭᠡᠳᠦᠭᠡᠷ ᠳᠡᠰ ᠦ᠋ᠨ ᠱᠠᠩᠨᠠᠯ ᠬᠦᠷᠲᠡᠪᠡ᠃ ᠣᠲᠣᠭ ᠤ᠋ᠨ ᠡᠮᠦᠨᠡᠲᠦ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠪᠠ ᠬᠢᠶ᠎ᠡ ᠪᠠᠭᠰᠢ ᠲᠣᠭᠣᠷᠢᠭ ᠤ᠋ᠨ ᠠᠷᠠᠳ ᠤ᠋ᠨ ᠰᠢᠭᠦᠬᠦ ᠬᠣᠷᠢᠶ᠎ᠠ ᠤᠷᠤᠯᠳᠤᠭᠠᠨ ᠤ᠋ ᠬᠣᠶᠠᠳᠤᠭᠠᠷ ᠳᠡᠰ ᠦ᠋ᠨ ᠱᠠᠩᠨᠠᠯ ᠵᠢ ᠬᠦᠷᠲᠡᠪᠡ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠂ ᠳ᠋ᠦᠩᠱᠧᠩ ᠲᠣᠭᠣᠷᠢᠭ ᠤ᠋ᠨ ᠠᠷᠠᠳ ᠤ᠋ᠨ ᠰᠢᠭᠦᠬᠦ ᠬᠣᠷᠢᠶ᠎ᠠ ᠪᠠ ᠡᠵᠡᠨ ᠬᠣᠷᠣᠭ᠎ᠠ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠤᠷᠤᠯᠳᠤᠭᠠᠨ ᠤ᠋ ᠭᠤᠷᠪᠠᠳᠤᠭᠠᠷ ᠳᠡᠰ ᠦ᠋ᠨ ᠱᠠᠩᠨᠠᠯ ᠵᠢ ᠬᠦᠷᠲᠡᠪᠡ᠃ ᠬᠠᠩᠭᠢᠨ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠂ ᠳᠠᠯᠠᠳ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠂ ᠵᠡᠭᠦᠨᠭᠠᠷ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠪᠠ ᠦᠦᠰᠢᠨ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠤᠷᠤᠯᠳᠤᠭᠠᠨ ᠤ᠋ ᠰᠢᠯᠢᠳᠡᠭ ᠱᠠᠩᠨᠠᠯ ᠢ᠋ ᠬᠦᠷᠲᠡᠪᠡ ᠃
      ᠲᠤᠰ ᠤᠳᠠᠭᠠᠨ ᠤ᠋  ᠮᠥᠷᠦᠢᠴᠡᠭᠡᠨ ᠨᠢ ᠣᠢᠷ᠎ᠠ ᠶ᠋ᠢᠨ ᠬᠤᠭᠤᠴᠠᠭᠠᠨ ᠤ᠋ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠶ᠋ᠢᠨ ᠦᠷ᠎ᠡ ᠪᠦᠲᠦᠮᠵᠢ ᠶ᠋ᠢ ᠪᠦᠲᠦᠮᠵᠢᠲᠡᠢ ᠰᠢᠯᠭᠠᠨ ᠪᠠᠢᠴᠠᠭᠠᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠦ᠋ᠨ ᠠᠵᠢᠯ ᠢ᠋ ᠤᠯᠠᠮ ᠨᠢᠭᠡ ᠠᠯᠬᠤᠮ ᠰᠠᠢᠲᠤᠷ ᠥᠷᠨᠢᠭᠦᠯᠬᠦ ᠳ᠋ᠦ᠍ ᠪᠠᠲᠤ ᠪᠡᠬᠢ ᠰᠠᠭᠤᠷᠢ ᠶ᠋ᠢ ᠲᠠᠯᠪᠢᠭᠰᠠᠨ ᠪᠠᠢᠨ᠎ᠠ ᠃ ᠤᠷᠤᠯᠳᠤᠭᠠᠨ ᠳ᠋ᠤ᠌ ᠣᠷᠣᠯᠴᠠᠭᠰᠠᠨ ᠲᠠᠮᠢᠷᠴᠢᠳ ᠲᠤᠰ ᠤᠳᠠᠭᠠᠨ ᠤ᠋ ᠮᠡᠳᠡᠯᠭᠡ ᠶ᠋ᠢᠨ  ᠮᠥᠷᠦᠢᠴᠡᠭᠡᠨ  ᠢ᠋ᠶ᠋ᠠᠷ ᠡᠬᠢᠯᠡᠯᠲᠡ ᠪᠣᠯᠭᠠᠵᠤ ᠂ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠶ᠋ᠢ ᠦᠷᠭᠦᠯᠵᠢᠯᠡᠨ ᠭᠦᠨᠵᠡᠭᠡᠢᠷᠡᠭᠦᠯᠵᠦ ᠨᠠᠮᠴᠢ ᠴᠢᠨᠠᠷ ᠤ᠋ᠨ ᠪᠣᠯᠪᠠᠰᠤᠷᠠᠯ ᠢ᠋ᠶ᠋ᠠᠨ ᠳᠡᠭᠡᠭᠰᠢᠯᠡᠭᠦᠯᠦᠨ ᠂ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠪᠠ ᠡᠩᠨᠡᠭᠡ ᠶ᠋ᠢᠨ ᠬᠥᠮᠦᠵᠢᠯ ᠴᠡᠭᠴᠡᠯᠡᠯᠲᠡ ᠶ᠋ᠢᠨ ᠠᠵᠢᠯ ᠢ᠋ ᠤᠶᠠᠯᠳᠤᠭᠤᠯᠤᠨ ᠡᠷᠡᠰ ᠪᠠᠲᠤ ᠬᠦᠰᠡᠯᠡᠩ ᠢᠲᠡᠭᠡᠯ ᠵᠣᠷᠢᠭ ᠢ᠋ᠶ᠋ᠠᠨ ᠪᠠᠲᠤᠳᠬᠠᠵᠤ ᠂ ᠤᠯᠤᠰ ᠲᠥᠷᠥ ᠶ᠋ᠢᠨ ᠦᠨᠡᠨᠴᠢ ᠰᠢᠳᠤᠷᠭᠤ ᠪᠠᠢᠬᠤ ᠶ᠋ᠢ ᠪᠠᠲᠤ ᠪᠡᠬᠢ ᠪᠠᠢᠭᠤᠯᠤᠨ ᠂ ᠢᠲᠡᠭᠡᠯ ᠪᠢᠰᠢᠷᠡᠯ ᠲᠡᠢ ᠂ ᠮᠥᠷᠦᠨ ᠳᠡᠭᠡᠷ᠎ᠡ ᠬᠠᠷᠢᠭᠤᠴᠠᠯᠭ᠎ᠠ ᠲᠠᠢ ᠂ ᠬᠥᠯ ᠳᠣᠣᠷ᠎ᠠ ᠨᠢ ᠰᠠᠭᠤᠷᠢ ᠲᠠᠢ ᠂ ᠠᠵᠢᠯ ᠦᠢᠯᠡᠰ ᠨᠢ ᠠᠮᠵᠢᠯᠲᠠ ᠲᠠᠢ ᠪᠠᠢᠬᠤ ᠪᠠᠷ ᠴᠢᠷᠮᠠᠢᠨ᠎ᠠ ᠭᠡᠵᠦ ᠢᠯᠡᠷᠬᠡᠢᠯᠡᠯ᠎ᠡ ᠃
 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )