ᠠᠵᠤ ᠠᠬᠤᠢᠯᠠᠯ ᠳ᠋ᠤ᠌ ᠬᠣᠯᠪᠣᠭᠳᠠᠭᠰᠠᠨ ᠬᠡᠷᠡᠭ ᠦ᠋ᠨ ᠰᠢᠭᠦᠨ ᠲᠠᠰᠤᠯᠬᠤ ᠭᠦᠢᠴᠡᠳᠬᠡᠬᠦ ᠴᠢᠨᠠᠷ ᠪᠦᠲᠦᠮᠵᠢ ᠪᠡᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ᠬᠠᠤᠯᠢ ᠴᠠᠭᠠᠵᠠ ᠶ᠋ᠢᠨ ᠦᠢᠯᠡᠴᠢᠯᠡᠭᠡᠨ ᠦ᠌ ᠪᠠᠲᠤᠯᠠᠭ᠎ᠠ ᠶ᠋ᠢ ᠭᠦᠢᠴᠡᠳ ᠪᠠᠳᠠᠷᠠᠭᠤᠯᠵᠤ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠤ᠋ ᠴᠢᠳᠠᠪᠬᠢ ᠶ᠋ᠢ ᠰᠢᠯᠢᠳᠡᠭᠵᠢᠭᠦᠯᠬᠦ ᠶᠢᠨ ᠲᠥᠯᠥᠭᠡ᠂ᠣᠢᠷ᠎ᠠ ᠳ᠋ᠤ᠌ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ《ᠠᠵᠤ ᠠᠬᠤᠢᠯᠠᠯ ᠳ᠋ᠤ᠌ ᠬᠣᠯᠪᠣᠭᠳᠠᠭᠰᠠᠨ ᠢᠷᠭᠡᠨ ᠦ᠌ ᠪᠠ ᠬᠤᠳᠠᠯᠳᠤᠭᠠᠨ ᠤ᠋ ᠬᠡᠷᠡᠭ ᠢ᠋ ᠰᠢᠭᠦᠨ ᠲᠠᠰᠤᠯᠬᠤ ᠲᠤᠬᠠᠢᠯᠠᠭᠰᠠᠨ ᠠᠵᠢᠯ ᠢ᠋ ᠬᠠᠤᠯᠢ ᠶᠣᠰᠣᠭᠠᠷ ᠳᠦᠷᠢᠮᠵᠢᠭᠦᠯᠬᠦ ᠲᠤᠬᠠᠢ ᠬᠠᠤᠯᠢᠵᠢᠭᠰᠠᠨ ᠬᠤᠳᠠᠯᠳᠤᠭᠠᠨ ᠤ᠋ ᠣᠷᠴᠢᠨ ᠲᠣᠭᠣᠷᠢᠨ ᠢ᠋ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠢ ᠵᠢᠯᠣᠭᠣᠳᠬᠤ ᠰᠠᠨᠠᠯ (ᠲᠤᠷᠰᠢᠨ ᠬᠡᠷᠡᠭᠵᠢᠭᠦᠯᠬᠦ)》 ᠶᠢ ᠨᠡᠢᠲᠡᠯᠡᠨ ᠬᠡᠷᠡᠭᠵᠢᠭᠦᠯᠪᠡ᠃
《 ᠵᠢᠯᠣᠭᠣᠳᠬᠤ ᠰᠠᠨᠠᠯ 》ᠨᠢ ᠬᠠᠷᠠᠯᠲᠠ ᠪᠠᠷ ᠤᠳᠤᠷᠢᠳᠤᠮᠵᠢ ᠪᠣᠯᠭᠠᠬᠤ ᠶ᠋ᠢ ᠪᠠᠷᠢᠮᠲᠠᠯᠠᠵᠤ ᠰᠢᠨ᠎ᠡ ᠱᠠᠲᠤ ᠦᠶ᠎ᠡ ᠳ᠋ᠦ᠍ ᠰᠠᠭᠤᠷᠢᠯᠠᠨ ᠠᠷᠠᠯᠵᠢᠶ᠎ᠠ ᠬᠤᠳᠠᠯᠳᠤᠭᠠᠨ ᠤ᠋ ᠣᠷᠴᠢᠨ ᠲᠣᠭᠣᠷᠢᠨ ᠤ᠋ ᠡᠭᠦᠷᠭᠡ ᠶ᠋ᠢ ᠰᠢᠯᠢᠳᠡᠭᠵᠢᠭᠦᠯᠬᠦ ᠱᠠᠭᠠᠷᠳᠠᠯᠭ᠎ᠠ ᠳ᠋ᠤ᠌ ᠰᠠᠭᠤᠷᠢᠯᠠᠨ ᠠᠵᠤ ᠠᠬᠤᠢᠯᠠᠯ ᠤ᠋ᠨ ᠬᠡᠷᠡᠭᠴᠡᠭᠡ ᠱᠠᠭᠠᠷᠳᠠᠯᠭ᠎ᠠ ᠂ ᠣᠯᠠᠨ ᠲᠦᠮᠡᠨ ᠦ᠌ ᠠᠩᠬᠠᠷᠴᠤ ᠬᠠᠯᠠᠮᠵᠢᠯᠠᠵᠤ ᠪᠠᠢᠭ᠎ᠠ ᠣᠯᠠᠨ ᠲᠦᠮᠡᠨ ᠦ᠌ ᠳᠥᠭᠥᠮ ᠲᠦᠳᠡ ᠂ ᠥᠨᠳᠥᠷ ᠪᠦᠲᠦᠮᠵᠢᠲᠡᠢ ᠂ ᠲᠥᠪ ᠭᠣᠣᠯᠴᠢ ᠪᠠᠢᠬᠤ ᠵᠢᠭᠤᠷᠠᠯᠳᠤᠭᠠᠨ ᠳ᠋ᠤ᠌ ᠰᠠᠭᠤᠷᠢᠯᠠᠨ ᠭᠣᠮᠣᠳᠠᠯ ᠱᠠᠭᠠᠷᠳᠠᠯᠭ᠎ᠠ ᠶ᠋ᠢ ᠰᠢᠢᠳᠪᠦᠷᠢᠯᠡᠵᠦ ᠂ ᠵᠠᠷᠭᠤ ᠶ᠋ᠢᠨ ᠪᠡᠶᠡᠴᠢ ᠴᠣᠭᠴᠠ ᠶ᠋ᠢᠨ ᠬᠠᠤᠯᠢ ᠴᠠᠭᠠᠵᠠ ᠶ᠋ᠢᠨ ᠠᠵᠢᠯᠯᠠᠭ᠎ᠠ ᠶ᠋ᠢᠨ ᠡᠯ᠎ᠡ ᠶᠠᠪᠤᠴᠠ ᠂ ᠡᠯ᠎ᠡ ᠵᠠᠩᠭᠢᠯᠠᠭ᠎ᠠ ᠶ᠋ᠢᠨ ᠬᠤᠭᠤᠴᠠᠭᠠᠨ ᠳ᠋ᠠᠬᠢ ᠠᠰᠢᠭ ᠬᠦᠷᠲᠡᠬᠦ ᠰᠡᠳᠬᠢᠯᠭᠡ ᠂ ᠬᠠᠨᠤᠮᠵᠢᠲᠠᠢ ᠪᠠᠢᠬᠤ ᠬᠡᠮᠵᠢᠶ᠎ᠡ ᠶ᠋ᠢ ᠴᠢᠷᠮᠠᠢᠨ ᠳᠡᠭᠡᠭᠰᠢᠯᠡᠭᠦᠯᠪᠡ ᠃ ᠠᠰᠠᠭᠤᠳᠠᠯ ᠢ᠋ᠶ᠋ᠠᠷ ᠤᠳᠤᠷᠢᠳᠤᠮᠵᠢ ᠪᠣᠯᠭᠠᠬᠤ ᠶ᠋ᠢ ᠪᠠᠷᠢᠮᠲᠠᠯᠠᠵᠤ ᠰᠢᠭᠦᠨ ᠲᠠᠰᠤᠯᠬᠤ ᠭᠦᠢᠴᠡᠳᠬᠡᠬᠦ ᠠᠵᠢᠯ ᠤ᠋ᠨ ᠪᠣᠳᠠᠲᠠᠢ ᠲᠠᠢ ᠤᠶᠠᠯᠳᠤᠭᠤᠯᠤᠨ ᠭᠣᠣᠯᠳᠠᠯᠭ᠎ᠠ ᠶ᠋ᠢ ᠠᠳᠬᠤᠵᠤ ᠂ ᠲᠤᠲᠠᠭᠤᠳᠠᠯ ᠢ᠋ᠶ᠋ᠠᠨ ᠨᠥᠬᠥᠪᠥᠷᠢᠯᠡᠵᠦ ᠂ ᠠᠵᠢᠯ ᠤ᠋ᠨ ᠲᠣᠭᠲᠠᠴᠠ ᠶ᠋ᠢ ᠬᠦᠨᠳᠦᠳᠬᠡᠨ ᠲᠡᠭᠦᠯᠳᠡᠷᠵᠢᠭᠦᠯᠵᠦ ᠂ ᠡᠯ᠎ᠡ ᠵᠢᠷᠤᠮ ᠤ᠋ᠨ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶ᠋ᠢ ᠳᠡᠭᠡᠭᠰᠢᠯᠡᠭᠦᠯᠵᠦ ᠂ ᠴᠢᠨᠠᠷ ᠰᠠᠢᠲᠠᠢ ᠬᠠᠤᠯᠢ ᠴᠠᠭᠠᠵᠠ ᠶ᠋ᠢᠨ ᠦᠢᠯᠡᠴᠢᠯᠡᠭᠡ ᠪᠠ ᠠᠵᠤ ᠠᠬᠤᠢ ᠶ᠋ᠢᠨ ᠬᠥᠭᠵᠢᠯᠲᠡ ᠶ᠋ᠢᠨ ᠶᠡᠬᠡ ᠲᠠᠯ᠎ᠠ ᠲᠠᠢ ᠬᠠᠮᠲᠤ ᠪᠠᠷ ᠲᠠᠪᠰᠢᠬᠤ ᠶ᠋ᠢ ᠴᠢᠷᠮᠠᠢᠨ ᠪᠡᠶᠡᠯᠡᠭᠦᠯᠪᠡ ᠃
《 ᠵᠢᠯᠣᠭᠣᠳᠬᠤ ᠰᠠᠨᠠᠯ 》 ᠨᠢ ᠬᠡᠷᠡᠭ ᠪᠣᠯᠭᠠᠨ ᠳᠠᠩᠰᠠᠯᠠᠬᠤ ᠂ ᠰᠢᠭᠦᠨ ᠲᠠᠰᠤᠯᠬᠤ ᠂ ᠭᠦᠢᠴᠡᠳᠬᠡᠬᠦ ᠪᠥᠬᠥ ᠲᠠᠯ᠎ᠠ ᠪᠠᠷ ᠬᠠᠤᠯᠢ ᠴᠠᠭᠠᠵᠠ ᠶ᠋ᠢ ᠵᠢᠷᠤᠮᠵᠢᠭᠤᠯᠬᠤ ᠦᠢᠯᠡ ᠠᠵᠢᠯᠯᠠᠭ᠎ᠠ ᠨᠤᠭᠤᠳ ᠢ᠋ ᠲᠣᠭᠲᠠᠭᠰᠠᠨ ᠬᠤᠭᠤᠴᠠᠭᠠᠨ ᠤ᠋ ᠲᠠᠯ᠎ᠠ ᠠ᠋ᠴᠠ ᠡᠯ᠎ᠡ ᠶᠠᠪᠤᠴᠠ ᠴᠠᠭ ᠤ᠋ᠨ ᠬᠣᠷᠣᠭᠳᠠᠯ ᠢ᠋ ᠪᠣᠭᠣᠨᠢᠰᠬᠠᠵᠤ ᠂ ᠲᠣᠭᠲᠠᠴᠠ ᠶ᠋ᠢᠨ ᠲᠠᠯ᠎ᠠ ᠪᠠᠷ ᠡᠯ᠎ᠡ ᠵᠠᠩᠭᠢᠯᠠᠭ᠎ᠠ ᠨᠢᠭᠡᠪᠦᠷᠢ ᠶ᠋ᠢᠨ ᠠᠪᠴᠠᠯᠳᠤᠯ ᠢ᠋ ᠠᠬᠢᠭᠤᠯᠤᠨ ᠳᠡᠰ ᠳᠠᠷᠠᠭᠠᠯᠠᠯ ᠤ᠋ᠨ ᠲᠠᠯ᠎ᠠ ᠪᠠᠷ ᠡᠯ᠎ᠡ ᠳᠡᠰ ᠳᠠᠷᠠᠭᠠᠯᠠᠯ ᠢ᠋ ᠡᠮᠬᠢ ᠵᠢᠷᠤᠮ ᠲᠠᠢ ᠠᠬᠢᠭᠤᠯᠬᠤ ᠶ᠋ᠢ ᠪᠠᠲᠤᠯᠠᠨ᠎ᠠ ᠃ ᠨᠢᠭᠡ ᠳ᠋ᠦ᠍ ᠂ ᠬᠡᠷᠡᠭ ᠪᠣᠯᠭᠠᠨ ᠳᠠᠩᠰᠠᠯᠠᠬᠤ ᠶ᠋ᠢ ᠵᠢᠷᠤᠮᠵᠢᠭᠤᠯᠵᠤ ᠂ 《ᠰᠦᠯᠵᠢᠶᠡᠨ ᠳᠡᠭᠡᠷ᠎ᠡ+ ᠰᠦᠯᠵᠢᠶᠡᠨ ᠳᠣᠣᠷ᠎ᠠ》 ᠬᠡᠷᠡᠭ ᠪᠣᠯᠭᠠᠨ ᠳᠠᠩᠰᠠᠯᠠᠬᠤ ᠵᠠᠭᠪᠤᠷ ᠢ᠋ ᠠᠪᠴᠤ ᠂ ᠨᠢᠭᠡ ᠤᠳᠠᠭ᠎ᠠ ᠳ᠋ᠤ᠌ ᠨᠡᠢᠳᠡᠮ ᠬᠦᠯᠢᠶᠡᠨ ᠠᠪᠴᠤ ᠭᠦᠢᠴᠡᠳᠬᠡᠬᠦ ᠂ ᠨᠢᠭᠡ ᠤᠳᠠᠭ᠎ᠠ ᠳ᠋ᠤ᠌ ᠨᠡᠢᠳᠡᠮ ᠬᠡᠷᠡᠭ ᠪᠣᠯᠭᠠᠨ ᠳᠠᠩᠰᠠᠯᠠᠬᠤ ᠦᠢᠯᠡᠴᠢᠯᠡᠭᠡ ᠬᠠᠩᠭᠠᠵᠤ ᠂ ᠵᠠᠷᠭᠤ ᠪᠠ ᠡᠶᠡᠳᠡᠭᠦᠯᠬᠦ ᠶ᠋ᠢ ᠵᠣᠯᠭᠠᠭᠤᠯᠬᠤ ᠲᠣᠭᠲᠠᠴᠠ ᠶ᠋ᠢ ᠲᠡᠭᠦᠯᠳᠡᠷᠵᠢᠭᠦᠯᠵᠦ ᠂ ᠣᠯᠠᠨ ᠡᠰᠢᠴᠢᠯᠡᠭᠰᠡᠨ ᠵᠥᠷᠢᠴᠡᠯ ᠵᠢᠭᠤᠷᠭᠠᠨ ᠢ᠋ ᠰᠢᠢᠳᠪᠦᠷᠢᠯᠡᠬᠦ ᠪᠠᠢᠷᠢᠰᠢᠯ ᠢ᠋ ᠪᠠᠢᠭᠤᠯᠤᠨ ᠂ ᠶᠠᠷᠰᠢᠭ ᠲᠦᠪᠡᠭᠲᠡᠢ ᠪᠠ ᠴᠤᠮᠬᠠᠤᠬᠠᠡᠵᠥ ᠰᠠᠯᠭᠠᠨ ᠭᠠᠷᠭᠠᠬᠤ ᠶ᠋ᠢ ᠢᠳᠡᠪᠬᠢᠲᠡᠢ ᠠᠬᠢᠭᠤᠯᠵᠤ ᠂ ᠬᠠᠤᠯᠢ ᠴᠠᠭᠠᠵᠠ ᠶ᠋ᠢᠨ ᠡᠬᠢ ᠪᠠᠶᠠᠯᠢᠭ ᠤ᠋ᠨ ᠲᠣᠬᠢᠷᠠᠭᠤᠯᠤᠯᠲᠠ ᠶ᠋ᠢ ᠤᠯᠠᠮ ᠨᠢᠭᠡ ᠠᠯᠬᠤᠮ ᠰᠢᠯᠢᠳᠡᠭᠵᠢᠭᠦᠯᠪᠡ ᠃ ᠬᠣᠶᠠᠷ ᠲᠤ᠌ ᠂ ᠰᠢᠭᠦᠯᠲᠡ ᠶ᠋ᠢᠨ ᠬᠢᠵᠠᠭᠠᠷ ᠤ᠋ᠨ ᠬᠠᠮᠢᠶᠠᠷᠤᠯᠲᠠ ᠶ᠋ᠢ ᠴᠢᠩᠭᠠᠳᠬᠠᠨ᠎ᠠ ᠲᠢᠩᠬᠢᠮ ᠦ᠋ᠨ ᠡᠮᠦᠨ᠎ᠡ ᠬᠦᠷᠭᠡᠬᠦ ᠂ ᠬᠠᠷᠢᠶᠠᠯᠠᠯ ᠤ᠋ᠨ ᠡᠷᠬᠡ ᠳ᠋ᠦ᠍ ᠣᠨᠳᠣᠣ ᠰᠠᠨᠠᠯ ᠭᠠᠷᠭᠠᠬᠤ ᠶ᠋ᠢ ᠬᠢᠨᠠᠨ ᠪᠠᠢᠴᠠᠭᠠᠬᠤ ᠂ ᠲᠢᠩᠬᠢᠮ ᠨᠡᠭᠡᠭᠡᠵᠦ ᠰᠢᠭᠦᠬᠦ ᠂ ᠡᠳ᠋ ᠬᠥᠷᠥᠩᠭᠡ ᠬᠠᠮᠠᠭᠠᠯᠠᠨ ᠬᠠᠳᠠᠭᠠᠯᠠᠬᠤ ᠶ᠋ᠢ ᠬᠢᠨᠠᠨ ᠪᠠᠢᠴᠠᠭᠠᠬᠤ ᠂ ᠨᠠᠢᠳᠠᠵᠤ ᠬᠢᠨᠠᠨ ᠲᠣᠭᠲᠠᠭᠠᠯᠭᠠᠬᠤ ᠂ ᠬᠠᠮᠲᠤᠷᠠᠨ ᠵᠥᠪᠯᠡᠬᠦ ᠬᠡᠷᠡᠭ ᠂ ᠪᠢᠴᠢᠭ ᠬᠠᠷ᠎ᠠ ᠦᠢᠯᠡᠳᠬᠦ ᠪᠠ ᠬᠦᠷᠭᠡᠬᠦ ᠬᠤᠭᠤᠴᠠᠭ᠎ᠠ ᠶ᠋ᠢ ᠤᠷᠲᠤᠳᠬᠠᠬᠤ ᠂ ᠳᠠᠷᠤᠵᠤ ᠠᠪᠬᠤ ᠪᠠ ᠳᠣᠷᠭᠣᠨ ᠵᠣᠭᠰᠣᠭᠠᠬᠤ ᠶ᠋ᠢ ᠬᠢᠨᠠᠨ ᠵᠥᠪᠰᠢᠶᠡᠷᠡᠬᠦ ᠬᠡᠷᠡᠭ ᠰᠢᠭᠦᠨ ᠰᠢᠢᠳᠪᠦᠷᠢᠯᠡᠬᠦ ᠦᠷ᠎ᠡ ᠪᠦᠲᠦᠮᠵᠢ ᠶ᠋ᠢ ᠳᠡᠭᠡᠭᠰᠢᠯᠡᠭᠦᠯᠦᠨ᠎ᠡ ᠃ ᠭᠤᠷᠪᠠ ᠳ᠋ᠤ᠌ ᠂ ᠭᠦᠢᠴᠡᠳᠬᠡᠬᠦ ᠶ᠋ᠢ ᠳᠦᠷᠢᠮᠵᠢᠭᠦᠯᠵᠦ ᠂ ᠠᠩᠬ᠎ᠠ ᠤᠳᠠᠭ᠎ᠠ ᠬᠦᠯᠢᠶᠡᠨ ᠵᠣᠴᠢᠯᠠᠬᠤ᠂ ᠡᠳ᠋ ᠬᠥᠷᠥᠩᠭᠡ ᠶ᠋ᠢ ᠪᠠᠢᠴᠠᠭᠠᠨ ᠡᠵᠡᠮᠳᠡᠬᠦ᠂ ᠡᠳ᠋ ᠬᠥᠷᠥᠩᠭᠡ ᠶ᠋ᠢᠨ ᠰᠦᠪᠡᠭᠴᠢ ᠶ᠋ᠢ ᠪᠠᠢᠴᠠᠭᠠᠨ ᠰᠢᠢᠳᠪᠦᠷᠢᠯᠡᠬᠦ ᠦᠷ᠎ᠡ ᠪᠦᠲᠦᠮᠵᠢ ᠶ᠋ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠄ ᠦᠨ᠎ᠡ ᠵᠥᠪᠯᠡᠨ ᠦᠨ᠎ᠡ ᠯᠠᠪᠯᠠᠬᠤ ᠂ ᠨᠠᠢᠳᠠᠯᠭ᠎ᠠ ᠪᠠᠷ ᠦᠨᠡᠯᠡᠨ ᠵᠢᠱ᠌ᠢᠬᠦ᠂ ᠬᠠᠤᠯᠢ ᠴᠠᠭᠠᠵᠠ ᠪᠠᠷ ᠦᠨ᠎ᠡ ᠬᠠᠶᠠᠵᠤ ᠬᠤᠳᠠᠯᠳᠤᠬᠤ ᠵᠡᠷᠭᠡ ᠴᠤᠪᠤᠷᠠᠯ ᠤ᠋ᠨ ᠠᠬᠢᠴᠠ ᠶ᠋ᠢ ᠲᠦᠷᠭᠡᠳᠬᠡᠵᠦ ᠂ ᠲᠤᠬᠠᠢ ᠶ᠋ᠢᠨ ᠬᠥᠮᠦᠨ ᠦ᠌ ᠵᠠᠷᠭᠤ ᠢᠯᠠᠬᠤ ᠡᠷᠬᠡ ᠠᠰᠢᠭ ᠢ᠋ ᠪᠦᠲᠦᠮᠵᠢᠲᠡᠢ ᠬᠤᠭᠤᠴᠠᠭ᠎ᠠ ᠲᠠᠢ ᠶ᠋ᠢ ᠪᠠᠲᠤᠯᠠᠨ᠎ᠠ᠃ ᠳᠥᠷᠪᠡ ᠳ᠋ᠦ᠍ ᠂ ᠰᠢᠭᠦᠨ ᠲᠠᠰᠤᠯᠬᠤ ᠭᠦᠢᠴᠡᠳᠬᠡᠬᠦ ᠶ᠋ᠢ ᠵᠣᠬᠢᠴᠠᠯᠳᠤᠭᠤᠯᠤᠨ ᠪᠣᠳᠠᠲᠠᠢ ᠠᠳᠬᠤᠵᠤ ᠨᠠᠷᠢᠨ ᠪᠣᠳᠠᠲᠠᠢ ᠠᠳᠬᠤᠬᠤ ᠠᠵᠢᠯ ᠤ᠋ᠨ ᠳᠡᠰ ᠳᠠᠷᠠᠭᠠᠯᠠᠯ ᠪᠠ ᠬᠠᠤᠯᠢ ᠴᠠᠭᠠᠵᠠ ᠶ᠋ᠢᠨ ᠳᠡᠰ ᠳᠠᠷᠠᠭᠠᠯᠠᠯ ᠢ᠋ ᠪᠦᠲᠦᠮᠵᠢᠲᠡᠢ ᠠᠪᠴᠠᠯᠳᠤᠭᠤᠯᠬᠤ ᠠᠵᠢᠯ ᠤ᠋ᠨ ᠴᠢᠳᠠᠪᠬᠢ ᠶ᠋ᠢ ᠪᠥᠬᠥ ᠲᠠᠯ᠎ᠠ ᠪᠠᠷ ᠳᠡᠭᠡᠭᠰᠢᠯᠡᠭᠦᠯᠬᠦ ᠶ᠋ᠢ ᠪᠠᠲᠤᠯᠠᠪᠠ ᠃
ᠳᠠᠷᠠᠭᠠᠴᠢ ᠶ᠋ᠢᠨ ᠠᠯᠬᠤᠮ ᠳ᠋ᠤ᠌ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶᠡᠬᠡ ᠲᠠᠯ᠎ᠠ ᠳ᠋ᠤ᠌ ᠦᠢᠯᠡᠴᠢᠯᠡᠬᠦ ᠂ ᠬᠠᠤᠯᠢ ᠴᠠᠭᠠᠵᠠ ᠠᠷᠠᠳ ᠤ᠋ᠨ ᠲᠥᠯᠥᠭᠡ ᠪᠠᠢᠬᠤ ᠂ ᠲᠥᠪ ᠭᠣᠣᠯᠴᠢ ᠪᠠᠷ ᠬᠠᠤᠯᠢ ᠪᠠᠷᠢᠬᠤ ᠶ᠋ᠢ ᠦᠷᠭᠦᠯᠵᠢᠯᠡᠨ ᠪᠠᠷᠢᠮᠲᠠᠯᠠᠵᠤ ᠂ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠪᠡᠷ ᠴᠢᠬᠤᠯᠠ ᠤᠯᠤᠰ ᠲᠥᠷᠥ ᠶ᠋ᠢᠨ ᠡᠭᠦᠷᠭᠡ ᠪᠣᠯᠭᠠᠵᠤ ᠂ ᠡᠯ᠎ᠡ ᠵᠦᠢᠯ ᠦ᠋ᠨ ᠠᠷᠭ᠎ᠠ ᠬᠡᠮᠵᠢᠶ᠎ᠡ ᠶ᠋ᠢ ᠯᠠᠪᠳᠠᠭᠤᠨ ᠪᠣᠳᠠᠲᠠᠢ ᠬᠢᠵᠦ ᠂ ᠲᠣᠭᠲᠠᠭᠤᠨ ᠲᠥᠪ ᠭᠣᠣᠯᠴᠢ ᠢᠯᠡ ᠲᠣᠳᠣ ᠂ ᠤᠷᠢᠳᠴᠢᠯᠠᠨ ᠲᠥᠰᠦᠪᠯᠡᠵᠦ ᠪᠣᠯᠬᠤ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠢ᠋ ᠪᠣᠢ ᠪᠣᠯᠭᠠᠬᠤ ᠳ᠋ᠤ᠌ ᠬᠦᠴᠦᠨ ᠲᠡᠭᠦᠯᠳᠡᠷ ᠬᠠᠤᠯᠢ ᠴᠠᠭᠠᠵᠠ ᠶ᠋ᠢᠨ ᠦᠢᠯᠡᠴᠢᠯᠡᠭᠡ ᠪᠠ ᠪᠠᠲᠤᠯᠠᠭ᠎ᠠ ᠬᠠᠩᠭᠠᠨ᠎ᠠ ᠃
ᠦᠨᠡᠯᠡᠬᠦ 0ᠦᠨᠡᠯᠡᠯᠲᠡ᠎ᠲᠠᠢ