ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠠᠵᠤ ᠠᠬᠤᠢᠯᠠᠯ ᠳ᠋ᠤ᠌ ᠬᠣᠯᠪᠣᠭᠳᠠᠭᠰᠠᠨ ᠬᠡᠷᠡᠭ ᠦ᠋ᠨ ᠲᠤᠰᠬᠠᠢ ᠭᠦᠢᠴᠡᠳᠬᠡᠬᠦ ᠠᠵᠢᠯᠯᠠᠭ᠎ᠠ ᠶ᠋ᠢᠨ ᠳᠠᠢᠴᠢᠯᠠᠯᠲᠠ ᠪᠠᠢᠷᠢᠯᠠᠭᠤᠯᠤᠯᠲᠠ ᠶ᠋ᠢᠨ ᠬᠤᠷᠠᠯ ᠬᠤᠷᠠᠯᠳᠤ
2021.04.07 ᠲᠣᠰ ᠥᠷᠲᠡᠭᠡᠨ ᠦ ᠨᠠᠢᠷᠠᠭᠤᠯᠤᠭᠴᠢ

 

     ᠬᠤᠳᠠᠯᠳᠤᠭᠠᠨ ᠤ᠋ ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠢ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶ᠎ᠠ ᠪᠣᠯᠤᠨ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠬᠠᠤᠯᠢ ᠴᠠᠭᠠᠵᠠ ᠶ᠋ᠢᠨ ᠦᠢᠯᠡᠴᠢᠯᠡᠭᠡᠨ ᠦ᠌ ᠪᠠᠲᠤᠯᠠᠭ᠎ᠠ ᠶ᠋ᠢᠨ ᠡᠭᠦᠷᠭᠡ ᠴᠢᠳᠠᠪᠬᠢ ᠶ᠋ᠢ ᠴᠢᠩᠭᠠᠳᠬᠠᠵᠤ ᠂ ᠦᠨᠡᠨᠬᠦ ᠠᠵᠤ ᠠᠬᠤᠢᠯᠠᠯ ᠤ᠋ᠨ ᠥᠨᠳᠥᠷ ᠶᠠᠰᠤ ᠴᠢᠨᠠᠷ ᠲᠠᠢ ᠬᠥᠭᠵᠢᠯᠲᠡ ᠳ᠋ᠦ᠍ ᠬᠠᠤᠯᠢ ᠪᠠᠷ ᠵᠠᠰᠠᠬᠤ ᠡᠵᠡᠩᠨᠡᠯᠲᠡ ᠶ᠋ᠢᠨ ᠬᠤᠳᠠᠯᠳᠤᠭᠠᠨ ᠤ᠋ ᠣᠷᠴᠢᠨ ᠲᠣᠭᠣᠷᠢᠨ ᠢ᠋ ᠪᠣᠢ ᠪᠣᠯᠭᠠᠬᠤ ᠶ᠋ᠢᠨ ᠲᠥᠯᠥᠭᠡ 3 ᠰᠠᠷ᠎ᠠ ᠶ᠋ᠢᠨ 30 ᠤ᠋ ᠡᠳᠦᠷ ᠦ᠋ᠨ ᠦᠳᠡ ᠶ᠋ᠢᠨ ᠡᠮᠦᠨ᠎ᠡ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠠᠵᠤ ᠠᠬᠤᠢᠯᠠᠯ ᠳ᠋ᠤ᠌ ᠬᠣᠯᠪᠣᠭᠳᠠᠭᠰᠠᠨ ᠲᠤᠰᠬᠠᠢ ᠬᠡᠷᠡᠭ ᠢ᠋ ᠭᠦᠢᠴᠡᠳᠬᠡᠨ᠎ᠡ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠬᠤᠷᠠᠯ ᠳ᠋ᠤ᠌ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ ᠂ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠳᠡᠳ᠋ ᠳᠠᠷᠤᠭ᠎ᠠ ᠯᠢ ᠵᠢᠩ ᠭᠦᠸᠧ ᠬᠤᠷᠠᠯ ᠡᠷᠬᠢᠯᠡᠪᠡ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠳᠠᠷᠤᠭ᠎ᠠ ᠂ ᠭᠦᠢᠴᠡᠳᠬᠡᠬᠦ ᠠᠵᠢᠯ ᠢ᠋ ᠬᠤᠪᠢᠳᠠᠨ ᠬᠠᠮᠢᠶᠠᠷᠴᠤ ᠪᠠᠢᠭ᠎ᠠ ᠤᠳᠤᠷᠢᠳᠤᠯᠭ᠎ᠠ ᠪᠣᠯᠤᠨ ᠭᠦᠢᠴᠡᠳᠬᠡᠬᠦ ᠲᠣᠪᠴᠢᠶᠠᠨ ᠤ᠋ ᠪᠦᠬᠦ ᠺᠠᠲ᠋ᠷ ᠴᠠᠭᠳᠠᠭ᠎ᠠ ᠨᠠᠷ ᠬᠤᠷᠠᠯ ᠳ᠋ᠤ᠌ ᠣᠷᠣᠯᠴᠠᠪᠠ ᠃


     ᠬᠤᠷᠠᠯ ᠳᠡᠭᠡᠷ᠎ᠡ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠡᠵᠡᠨ ᠬᠣᠷᠣᠭ᠎ᠠ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶᠠᠨ ᠤ᠋ ᠳᠠᠷᠤᠭ᠎ᠠ ᠸᠠᠩ ᠯᠢᠶᠠᠩ 《 ᠠᠵᠤ ᠠᠬᠤᠢᠯᠠᠯ ᠳ᠋ᠤ᠌ ᠬᠣᠯᠪᠣᠭᠳᠠᠭᠰᠠᠨ ᠲᠤᠰᠬᠠᠢ ᠭᠦᠢᠴᠡᠳᠬᠡᠬᠦ ᠠᠵᠢᠯᠯᠠᠭ᠎ᠠ ᠥᠷᠨᠢᠭᠦᠯᠬᠦ ᠲᠤᠬᠠᠢ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠬᠡᠷᠡᠭᠵᠢᠭᠦᠯᠬᠦ ᠠᠵᠢᠯᠯᠠᠭ᠎ᠠ ᠶ᠋ᠢᠨ ᠲᠤᠬᠠᠢ ᠲᠥᠰᠦᠯ》 ᠢ᠋ ᠨᠡᠢᠲᠡᠯᠡᠵᠡᠢ ᠃

 

 

     ᠰᠦ᠍ ᠯᠢ ᠵᠢᠶᠦ᠋ᠨ ᠴᠢᠬᠤᠯᠠᠴᠢᠯᠠᠭᠰᠠᠨ ᠨᠢ᠂ ᠬᠤᠳᠠᠯᠳᠤᠭ᠎ᠠ ᠡᠷᠬᠢᠯᠡᠬᠦ ᠣᠷᠴᠢᠨ ᠪᠣᠯ ᠨᠢᠭᠡ ᠤᠯᠤᠰ ᠪᠣᠯᠤᠨ ᠭᠠᠵᠠᠷ ᠣᠷᠣᠨ ᠤ᠋ ᠴᠢᠬᠤᠯᠠ ᠵᠥᠭᠡᠯᠡᠨ ᠪᠣᠳᠠᠲᠤ ᠬᠦᠴᠦᠨ ᠪᠣᠯᠤᠨ ᠭᠣᠣᠯ ᠥᠷᠢᠰᠦᠯᠳᠦᠬᠦ ᠬᠦᠴᠦᠨ ᠪᠣᠯᠤᠨ᠎ᠠ ᠃ ᠪᠥᠬᠥ ᠬᠣᠲᠠ ᠶ᠋ᠢᠨ ᠰᠢᠭᠦᠬᠦ ᠬᠣᠷᠢᠶ᠎ᠠ ᠤᠯᠤᠰ ᠲᠥᠷᠥ ᠶ᠋ᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ ᠂ ᠰᠢᠭᠦᠨ ᠲᠠᠰᠤᠯᠬᠤ ᠡᠭᠦᠷᠭᠡ ᠴᠢᠳᠠᠪᠬᠢ ᠶ᠋ᠢᠨ ᠦᠢᠯᠡᠳᠦᠯ ᠢ᠋ᠶ᠋ᠡᠨ ᠭᠦᠢᠴᠡᠳ ᠪᠠᠳᠠᠷᠠᠭᠤᠯᠵᠤ ᠂ ᠲᠣᠭᠲᠠᠭᠤᠨ ᠲᠥᠪ ᠭᠣᠣᠯᠴᠢ ᠢᠯᠡ ᠲᠣᠳᠣ ᠂ ᠤᠷᠢᠳᠴᠢᠯᠠᠨ ᠲᠥᠰᠦᠪᠯᠡᠵᠦ ᠪᠣᠯᠬᠤ ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠪᠠᠢᠭᠤᠯᠬᠤ ᠳ᠋ᠤ᠌ ᠬᠦᠴᠦᠲᠡᠢ ᠬᠠᠤᠯᠢ ᠴᠠᠭᠠᠵᠠ ᠶ᠋ᠢᠨ ᠦᠢᠯᠡᠴᠢᠯᠡᠭᠡ ᠪᠠ ᠪᠠᠲᠤᠯᠠᠭ᠎ᠠ ᠶ᠋ᠢ ᠬᠠᠩᠭᠠᠨ᠎ᠠ ᠃
 

     ᠰᠦ᠍ ᠯᠢ ᠵᠢᠶᠦ᠋ᠨ ᠵᠢᠭᠠᠬᠤ ᠳᠠᠭᠠᠨ᠂ᠨᠢᠭᠡ ᠳ᠋ᠦ᠍᠂ ᠠᠵᠤ ᠠᠬᠤᠢᠯᠠᠯ ᠳ᠋ᠤ᠌ ᠬᠣᠯᠪᠣᠭᠳᠠᠭᠰᠠᠨ ᠬᠡᠷᠡᠭ ᠦ᠋ᠨ ᠲᠤᠰᠬᠠᠢ ᠠᠵᠢᠯᠯᠠᠭ᠎ᠠ ᠶ᠋ᠢ ᠥᠷᠨᠢᠭᠦᠯᠬᠦ ᠶ᠋ᠢᠨ ᠴᠢᠬᠤᠯᠠ ᠴᠢᠨᠠᠷ ᠪᠠ ᠴᠢᠬᠤᠯᠠ ᠴᠢᠨᠠᠷ ᠢ᠋ ᠭᠦᠨᠵᠡᠭᠡᠢ ᠲᠠᠨᠢᠵᠤ ᠂ ᠠᠷᠠᠳ ᠤ᠋ᠨ ᠰᠢᠭᠦᠬᠦ ᠬᠣᠷᠢᠶᠠᠨ ᠤ᠋ ᠶᠡᠬᠡ ᠲᠠᠯ᠎ᠠ ᠳ᠋ᠤ᠌ ᠦᠢᠯᠡᠴᠢᠯᠡᠬᠦ ᠂ ᠠᠷᠠᠳ ᠤ᠋ᠨ ᠲᠥᠯᠥᠭᠡ ᠬᠠᠤᠯᠢ ᠪᠠᠷᠢᠬᠤ ᠂ ᠲᠥᠪ ᠭᠣᠣᠯᠴᠢ ᠪᠠᠷ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠶ᠋ᠢ ᠦᠷᠭᠦᠯᠵᠢᠯᠡᠨ ᠨᠡᠮᠡᠭᠳᠡᠭᠦᠯᠵᠦ ᠂ ᠠᠵᠤ ᠠᠬᠤᠢᠯᠠᠯ ᠤ᠋ᠨ ᠬᠦᠴᠢᠷᠳᠡᠯ ᠢ᠋ ᠴᠢᠷᠮᠠᠢᠨ ᠰᠢᠢᠳᠪᠦᠷᠢᠯᠡᠨ᠎ᠡ ᠃ ᠬᠣᠶᠠᠷ ᠲᠤ᠌ ᠂ ᠬᠦᠴᠦ ᠪᠡᠨ ᠲᠥᠪᠯᠡᠷᠡᠭᠦᠯᠦᠨ ᠨᠠᠷᠢᠯᠢᠭ ᠣᠨᠣᠪᠴᠢᠲᠠᠢ ᠪᠣᠭᠣᠮᠲᠠ ᠰᠢᠪᠲᠤᠯᠬᠤ ᠳᠡᠭᠡᠷ᠎ᠡ ᠦᠷ᠎ᠡ ᠪᠦᠲᠦᠮᠵᠢ ᠣᠯᠵᠤ ᠂ 《ᠬᠠᠪᠤᠷ ᠤ᠋ᠨ ᠤᠯᠠᠷᠢᠯ ᠤ᠋ᠨ ᠳᠠᠭᠠᠷᠢᠯᠲᠠ — ᠠᠷᠠᠳ ᠤ᠋ᠨ ᠡᠵᠡᠩᠨᠡᠯᠲᠡ ᠶ᠋ᠢᠨ ᠠᠵᠤ ᠠᠬᠤᠢᠯᠠᠯ ᠢ᠋ ᠬᠠᠮᠠᠭᠠᠯᠠᠬᠤ》《ᠵᠤᠨ ᠤ᠋ ᠡᠳᠦᠷ ᠦ᠋ᠨ ᠠᠶᠤᠩᠭ᠎ᠠ — ᠮᠥᠩᠭᠥᠨ ᠭᠦᠢᠯᠭᠡᠭᠡᠨ ᠦ᠌ ᠲᠣᠭᠲᠠᠭᠤᠨ ᠢ᠋ ᠬᠠᠮᠠᠭᠠᠯᠠᠬᠤ》《ᠨᠠᠮᠤᠷ ᠤ᠋ᠨ ᠤᠯᠠᠷᠢᠯ ᠤ᠋ᠨ ᠲᠣᠭᠰᠢᠨ ᠰᠢᠭᠤᠷᠭ᠎ᠠ — ᠤᠯᠤᠰ ᠤ᠋ᠨ ᠬᠥᠷᠥᠩᠭᠡ ᠶ᠋ᠢᠨ ᠠᠮᠤᠷ ᠲᠦᠪᠰᠢᠨ ᠢ᠋ ᠬᠠᠮᠠᠭᠠᠯᠠᠬᠤ》 ᠰᠢᠷᠢᠰ ᠲᠤᠰᠬᠠᠢ ᠲᠥᠷᠥᠯ ᠦ᠋ᠨ ᠠᠵᠢᠯᠯᠠᠭ᠎ᠠ ᠪᠠᠷ ᠳᠠᠮᠵᠢᠨ 《ᠭᠦᠢᠴᠡᠳᠬᠡᠬᠦ ᠡᠳ᠋ ᠬᠥᠷᠥᠩᠭᠡ ᠲᠡᠢ ᠬᠠᠩᠭᠠᠵᠤ ᠪᠣᠯᠬᠤ ᠬᠡᠷᠡᠭ ᠦ᠋ᠨ ᠬᠠᠤᠯᠢ ᠳ᠋ᠤ᠌ ᠲᠣᠭᠲᠠᠭᠰᠠᠨ ᠬᠤᠭᠤᠴᠠᠭᠠᠨ ᠳ᠋ᠤ᠌ ᠪᠦᠬᠦᠨ ᠢ᠋ ᠭᠦᠢᠴᠡᠳᠬᠡᠨ ᠳᠠᠭᠤᠰᠬᠠᠵᠤ ᠂ ᠡᠳ᠋ ᠬᠥᠷᠥᠩᠭᠡ ᠬᠠᠩᠭᠠᠬᠤ ᠬᠢᠷᠢ ᠭᠡᠮ ᠦᠭᠡᠢ ᠪᠠᠢᠬᠤ ᠶ᠋ᠢ ᠪᠠᠲᠤᠯᠠᠨ᠎ᠠ ᠃ ᠭᠤᠷᠪᠠ ᠳ᠋ᠤ᠌ ᠡᠩᠨᠡᠭᠡᠨ ᠦ᠌ ᠬᠥᠮᠦᠵᠢᠯ ᠴᠡᠭᠴᠡᠯᠡᠯᠲᠡ ᠶ᠋ᠢ ᠭᠦᠨᠵᠡᠭᠡᠢ ᠥᠷᠨᠢᠭᠦᠯᠬᠦ ᠪᠡᠷ ᠲᠣᠬᠢᠶᠠᠯ ᠪᠣᠯᠭᠠᠵᠤ ᠂ ᠬᠡᠷᠡᠭᠵᠢᠭᠦᠯᠬᠦ ᠡᠩᠨᠡᠭᠡᠨ ᠦ᠌ ᠪᠠᠢᠭᠤᠯᠤᠯᠲᠠ ᠶ᠋ᠢ ᠤᠯᠠᠮ ᠨᠢᠭᠡ ᠠᠯᠬᠤᠮ ᠴᠢᠩᠭᠠᠳᠬᠠᠭᠠᠳ ᠂ ᠠᠵᠢᠯᠯᠠᠭ᠎ᠠ ᠳ᠋ᠤ᠌ ᠦᠨᠡᠨ ᠪᠣᠳᠠᠲᠠᠢ ᠠᠰᠢᠭ ᠦᠵᠡᠭᠦᠯᠵᠦ ᠂ ᠶᠡᠬᠡ ᠡᠮ ᠢ᠋ ᠤᠬᠠᠮᠰᠠᠷ ᠠ᠋ᠴᠠ ᠪᠠᠨ ᠠᠰᠠᠭᠤᠳᠠᠯ ᠳ᠋ᠤ᠌ ᠵᠥᠪ ᠬᠠᠨᠳᠤᠵᠤ ᠂ ᠵᠣᠷᠢᠭᠲᠠᠢ ᠪᠠᠷ ᠳᠣᠲᠣᠭᠰᠢ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡ ᠶ᠋ᠢ ᠲᠤᠢᠯᠪᠤᠷᠢᠲᠠᠢ ᠴᠡᠭᠴᠡᠯᠡᠨ ᠵᠠᠰᠠᠬᠤ ᠠᠷᠬᠠᠭ ᠭᠡᠮ ᠠᠷᠬᠠᠭ ᠭᠡᠮ ᠣᠷᠣᠰᠢᠵᠤ ᠪᠠᠢᠬᠤ ᠶ᠋ᠢ ᠴᠢᠷᠮᠠᠢᠨ ᠪᠣᠢ ᠃
 

     ᠰᠦ᠍ ᠯᠢ ᠵᠢᠶᠦ᠋ᠨ ᠱᠠᠭᠠᠷᠳᠠᠭᠰᠠᠨ ᠨᠢ᠂ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠨᠢ 《 ᠬᠥᠯᠭᠡ ᠰᠢᠳᠡᠷ᠎ᠡ ᠮᠡᠲᠦ ᠪᠠᠢᠬᠤ 》 ᠦᠵᠡᠯ ᠰᠠᠨᠠᠭ᠎ᠠ ᠶ᠋ᠢ ᠪᠣᠢ ᠪᠣᠯᠭᠠᠨ ᠂ ᠬᠣᠯᠪᠣᠭᠠᠯᠠᠨ ᠬᠥᠳᠡᠯᠦᠯᠴᠡᠬᠦ ᠲᠣᠭᠲᠠᠴᠠ ᠶ᠋ᠢᠨ ᠪᠠᠢᠭᠤᠯᠤᠯᠲᠠ ᠶ᠋ᠢ ᠴᠢᠩᠭᠠᠳᠬᠠᠬᠤ ᠬᠡᠷᠡᠭᠲᠡᠢ ᠂ ᠢᠲᠡᠭᠡᠯ ᠠᠯᠳᠠᠭᠰᠠᠨ ᠶᠠᠪᠤᠳᠠᠯ ᠢ᠋ ᠬᠣᠯᠪᠣᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶ᠋ᠢᠨ ᠪᠠᠢᠭᠤᠯᠤᠯᠲᠠ ᠶ᠋ᠢ ᠠᠬᠢᠭᠤᠯᠤᠨ᠎ᠠ ᠃ ᠰᠠᠢᠨ ᠰᠠᠨᠠᠭᠠᠨ ᠤ᠋ ᠪᠣᠯᠪᠠᠰᠤᠨ ᠢ᠋ᠶ᠋ᠠᠷ ᠬᠡᠷᠡᠭᠵᠢᠭᠦᠯᠬᠦ ᠣᠢᠯᠠᠭᠠᠭᠳᠠᠬᠤᠨ ᠢ᠋ ᠪᠥᠬᠥ ᠲᠠᠯ᠎ᠠ ᠪᠠᠷ ᠲᠤᠤᠱᠯᠠᠭᠤᠯᠵᠤ ᠂ ᠠᠷᠠᠳ ᠠ᠋ᠴᠠ ᠡᠵᠡᠩᠨᠡᠭᠰᠡᠨ ᠠᠵᠤ ᠠᠬᠤᠢᠯᠠᠯ ᠤ᠋ᠨ ᠬᠡᠪ ᠦ᠋ᠨ ᠦᠢᠯᠡᠳᠪᠦᠷᠢᠯᠡᠯ ᠡᠵᠡᠩᠨᠡᠯᠲᠡ ᠶ᠋ᠢᠨ ᠠᠵᠢᠯᠯᠠᠭ᠎ᠠ ᠳ᠋ᠤ᠌ ᠦᠵᠡᠭᠦᠯᠬᠦ ᠨᠥᠯᠥᠭᠡ ᠶ᠋ᠢ ᠬᠠᠮᠤᠭ ᠤ᠋ᠨ ᠶᠡᠬᠡ ᠬᠡᠮᠵᠢᠶ᠎ᠡ ᠪᠡᠷ ᠪᠠᠭᠠᠰᠬᠠᠬᠤ ᠬᠡᠷᠡᠭᠲᠡᠢ ᠃ ᠡᠯ᠎ᠡ ᠡᠲᠡᠭᠡᠳ ᠦ᠋ᠨ ᠬᠢᠨᠠᠯᠲᠠ ᠶ᠋ᠢ ᠤᠬᠠᠮᠰᠠᠷ ᠠ᠋ᠴᠠ ᠪᠠᠨ ᠬᠦᠯᠢᠶᠡᠵᠦ ᠂ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ ᠂ ᠤᠯᠤᠰ ᠲᠥᠷᠥ ᠶ᠋ᠢᠨ ᠵᠥᠪᠯᠡᠯᠭᠡᠨ ᠦ᠌ ᠭᠡᠰᠢᠭᠦᠨ ᠢ᠋ ᠤᠷᠢᠵᠤ ᠂ ᠨᠡᠢᠲᠡᠯᠢᠭ ᠬᠡᠷᠡᠭ ᠦ᠋ᠨ ᠵᠢᠱ᠌ᠢᠶ᠎ᠡ ᠶ᠋ᠢ ᠶᠠᠷᠢᠭᠤᠯᠬᠤ ᠵᠡᠷᠭᠡ ᠬᠡᠯᠪᠡᠷᠢ ᠪᠡᠷ ᠶᠠᠪᠤᠭᠳᠠᠭᠤᠯᠵᠤ ᠂ ᠭᠦᠢᠴᠡᠳᠬᠡᠬᠦ ᠠᠵᠢᠯ ᠤ᠋ᠨ ᠰᠠᠢᠨ ᠰᠠᠢᠬᠠᠨ ᠠᠭᠤᠷ ᠠᠮᠢᠰᠬᠤᠯ ᠢ᠋ ᠬᠦᠴᠦᠯᠡᠨ ᠪᠣᠢ ᠪᠣᠯᠭᠠᠨ᠎ᠠ ᠃


     ᠬᠤᠷᠠᠯ ᠳ᠋ᠤ᠌ ᠪᠠᠰᠠ ᠬᠣᠲᠠ ᠶ᠋ᠢᠨ ᠤᠯᠤᠰ ᠲᠥᠷᠥ ᠶ᠋ᠢᠨ ᠵᠥᠪᠯᠡᠯᠭᠡᠨ ᠦ᠌ ᠳᠡᠳ᠋ ᠲᠡᠷᠢᠭᠦᠯᠡᠭᠴᠢ ᠵᠢᠷᠭᠠᠯᠲᠤ᠂ ᠪᠥᠬᠥ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ ᠯᠢᠦ ᠯᠢ ᠹᠸᠨ᠂ ᠬᠣᠲᠠ ᠶ᠋ᠢᠨ ᠤᠯᠤᠰ ᠲᠥᠷᠥ ᠶ᠋ᠢᠨ ᠵᠥᠪᠯᠡᠯᠭᠡᠨ ᠦ᠌ ᠪᠠᠢᠩᠭᠤ ᠶ᠋ᠢᠨ ᠭᠡᠰᠢᠭᠦᠨ ᠂ ᠬᠣᠲᠠ ᠶ᠋ᠢᠨ ᠦᠢᠯᠡᠳᠪᠦᠷᠢ ᠬᠤᠳᠠᠯᠳᠤᠭᠠᠨ ᠤ᠋ ᠬᠣᠯᠪᠣᠭ᠎ᠠ ᠶ᠋ᠢᠨ ᠲᠡᠷᠢᠭᠦᠯᠡᠭᠴᠢ ᠨᠢᠶᠧ ᠶᠦᠩ ᠱᠧᠩ᠂ ᠬᠣᠲᠠ ᠶ᠋ᠢᠨ ᠤᠯᠤᠰ ᠲᠥᠷᠥ ᠶ᠋ᠢᠨ ᠵᠥᠪᠯᠡᠯᠭᠡᠨ ᠦ᠌ ᠭᠡᠰᠢᠭᠦᠨ ᠂ ᠠᠵᠤ ᠠᠬᠤᠢ ᠶ᠋ᠢᠨ ᠵᠥᠪᠯᠡᠯ ᠦ᠋ᠨ ᠡᠷᠬᠢᠯᠡᠭᠴᠢ ᠴᠢ ᠴᠢᠶᠠᠩ᠂ ᠬᠣᠲᠠ ᠶ᠋ᠢᠨ ᠤᠯᠤᠰ ᠲᠥᠷᠥ ᠶ᠋ᠢᠨ ᠵᠥᠪᠯᠡᠯᠭᠡᠨ ᠦ᠌ ᠭᠡᠰᠢᠭᠦᠨ ᠂ ᠬᠣᠣ ᠶᠤᠸᠠᠨ ᠭᠡᠷ ᠪᠠᠢᠰᠢᠩ ᠭᠠᠵᠠᠷ ᠬᠥᠷᠥᠩᠭᠡ ᠶ᠋ᠢᠨ ᠶᠡᠷᠦᠩᠬᠡᠢ ᠳᠠᠭᠠᠭᠠᠮᠠᠯ ᠵᠠᠩ ᠵᠢᠶᠦ᠋ᠨ ᠵᠡᠷᠭᠡ ᠨᠥᠬᠥᠳ ᠢ᠋ ᠤᠷᠢᠵᠤ ᠣᠷᠣᠯᠴᠠᠭᠤᠯᠪᠠ ᠃
 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )