ᠬᠣᠲᠠ ᠶ᠋ᠢᠨ ᠲᠥᠪ ᠦ᠋ᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠂ ᠬᠣᠲᠠ ᠶ᠋ᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠶ᠋ᠢᠨ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠪᠠ ᠪᠦᠬᠦ ᠤᠯᠤᠰ ᠂ ᠪᠦᠬᠦ ᠣᠷᠣᠨ ᠤ᠋ ᠰᠢᠭᠦᠬᠦ ᠬᠣᠷᠢᠶ᠎ᠠ ᠶ᠋ᠢᠨ 2021 ᠣᠨ ᠤ᠋ ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠪᠠ ᠢᠯᠵᠠᠷᠠᠯ ᠢ᠋ ᠡᠰᠡᠷᠭᠦᠴᠡᠬᠦ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠪᠥᠬᠥ ᠲᠠᠯ᠎ᠠ ᠪᠠᠷ ᠲᠤᠤᠱᠯᠠᠭᠤᠯᠤᠨ ᠨᠠᠢᠳᠠᠪᠤᠷᠢᠵᠢᠭᠤᠯᠬᠤ ᠶ᠋ᠢᠨ ᠲᠥᠯᠥᠭᠡ 2020 ᠣᠨ ᠤ᠋ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠪᠠ ᠢᠯᠵᠠᠷᠠᠯ ᠢ᠋ ᠡᠰᠡᠷᠭᠦᠴᠡᠬᠦ ᠠᠵᠢᠯ ᠢ᠋ ᠰᠤᠳᠤᠯᠤᠨ ᠪᠠᠢᠷᠢᠯᠠᠭᠤᠯᠪᠠ ᠃ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦᠷᠢ ᠵᠢᠶᠦ᠋ᠨ ᠬᠤᠷᠠᠯ ᠳ᠋ᠤ᠌ ᠣᠷᠣᠯᠴᠠᠭᠰᠠᠨ ᠪᠥᠭᠡᠳ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠬᠤᠷᠠᠯ ᠡᠷᠬᠢᠯᠡᠪᠡ ᠃
ᠬᠤᠷᠠᠯ ᠳᠡᠭᠡᠷ᠎ᠡ᠂ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ ᠤ᠋ᠨ ᠳᠠᠷᠤᠭ᠎ᠠ ᠪᠠᠢ ᠯᠠᠨ ᠵᠣ᠌ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠦ᠋ᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠲᠠᠪᠤᠳᠤᠭᠠᠷ ᠪᠥᠬᠥᠳᠡ ᠬᠤᠷᠠᠯ ᠂ ᠥᠪᠡᠷᠲᠡᠭᠡᠨ ᠵᠠᠰᠠᠬᠤ ᠣᠷᠣᠨ ᠤ᠋ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠠᠷᠪᠠᠳᠤᠭᠠᠷ ᠬᠤᠭᠤᠴᠠᠭᠠᠨ ᠤ᠋ ᠳᠣᠯᠣᠳᠤᠭᠠᠷ ᠪᠥᠬᠥᠳᠡ ᠬᠤᠷᠠᠯ ᠂ ᠣᠷᠳᠣᠰ ᠬᠣᠲᠠ ᠶ᠋ᠢᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠳᠥᠷᠪᠡᠳᠦᠭᠡᠷ ᠬᠤᠭᠤᠴᠠᠭᠠᠨ ᠤ᠋ ᠳᠣᠯᠣᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠶ᠋ᠢ ᠤᠯᠠᠮᠵᠢᠯᠠᠵᠤ 2020 ᠣᠨ ᠤ᠋ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ ᠢ᠋ ᠳ᠋ᠦᠩᠨᠡᠬᠦ ᠶ᠋ᠢᠨ ᠬᠠᠮᠲᠤ 2011 ᠣᠨ ᠤ᠋ ᠠᠵᠢᠯ ᠳ᠋ᠤ᠌ ᠲᠣᠬᠢᠷᠠᠭᠤᠯᠤᠯᠲᠠ ᠬᠢᠪᠡ ᠃
ᠬᠤᠷᠠᠯ ᠠ᠋ᠴᠠ ᠂ 2020 ᠣᠨ ᠳ᠋ᠤ᠌ ᠬᠣᠲᠠ ᠶ᠋ᠢᠨ ᠨᠠᠮ ᠤ᠋ᠨ ᠬᠣᠷᠢᠶᠠᠨ ᠤ᠋ ᠡᠷᠡᠰ ᠴᠢᠩᠭ᠎ᠠ ᠤᠳᠤᠷᠢᠳᠤᠯᠭ᠎ᠠ ᠪᠠ ᠳᠡᠭᠡᠳᠦ ᠱᠠᠲᠤᠨ ᠤ᠋ ᠰᠢᠭᠦᠬᠦ ᠬᠣᠷᠢᠶᠠᠨ ᠤ᠋ ᠬᠦᠴᠦᠲᠡᠢ ᠵᠢᠯᠣᠭᠣᠳᠤᠯᠭ᠎ᠠ ᠳᠣᠣᠷ᠎ᠠ ᠂ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭᠠᠨ ᠨᠠᠮ ᠤ᠋ᠨ ᠤᠯᠤᠰ ᠲᠥᠷᠥ ᠶ᠋ᠢᠨ ᠪᠠᠢᠭᠤᠯᠤᠯᠲᠠ ᠵᠢ ᠪᠥᠬᠥ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠶ᠋ᠢ ᠪᠠᠷᠢᠮᠲᠠᠯᠠᠵᠤ ᠂ ᠨᠠᠮ ᠤ᠋ᠨ 《ᠬᠣᠶᠠᠷ ᠬᠠᠷᠢᠭᠤᠴᠠᠯᠭ᠎ᠠ 》 ᠶ᠋ᠢ ᠰᠤᠯᠠᠷᠠᠭᠤᠯᠤᠯ ᠦᠭᠡᠢ ᠴᠢᠩᠭ᠎ᠠ ᠠᠳᠬᠤᠨ ᠂ ᠤᠬᠠᠮᠰᠠᠷ ᠠ᠋ᠴᠠ ᠪᠠᠨ ᠨᠠᠮ ᠢ᠋ᠶ᠋ᠠᠨ ᠴᠢᠩᠭ᠎ᠠ ᠵᠠᠰᠠᠬᠤ ᠶ᠋ᠢ ᠪᠦᠬᠦ ᠲᠠᠯ᠎ᠠ ᠪᠠᠷ ᠴᠢᠩᠭᠠᠳᠬᠠᠪᠠ᠃
ᠬᠤᠷᠠᠯ ᠠ᠋ᠴᠠ ᠴᠢᠬᠤᠯᠠᠴᠢᠯᠠᠭᠰᠠᠨ ᠨᠢ᠂ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠪᠥᠬᠥ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠂ ᠬᠣᠷᠢᠶ᠎ᠠ ᠶ᠋ᠢ ᠴᠢᠩᠭ᠎ᠠ ᠵᠠᠰᠠᠬᠤ ᠂ ᠴᠢᠩᠭ᠎ᠠ ᠬᠠᠮᠢᠶᠠᠷᠬᠤ ᠶ᠋ᠢ ᠭᠦᠨᠵᠡᠭᠡᠢᠷᠡᠭᠦᠯᠦᠨ ᠬᠥᠭᠵᠢᠭᠦᠯᠬᠦ ᠶ᠋ᠢ ᠯᠠᠪᠳᠠᠭᠤᠨ ᠪᠠᠲᠤᠲᠠᠢ ᠠᠬᠢᠭᠤᠯᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠪᠠ ᠢᠯᠵᠠᠷᠠᠯ ᠢ᠋ ᠡᠰᠡᠷᠭᠦᠴᠡᠬᠦ ᠡᠯ᠎ᠡ ᠲᠥᠷᠥᠯ ᠦ᠋ᠨ ᠠᠵᠢᠯ ᠤ᠋ᠨ ᠡᠭᠦᠷᠭᠡ ᠶ᠋ᠢ ᠪᠥᠬᠥ ᠲᠠᠯ᠎ᠠ ᠪᠠᠷ ᠨᠠᠢᠳᠠᠪᠤᠷᠢᠵᠢᠭᠤᠯᠤᠨ᠎ᠠ ᠃ 《 ᠡᠷᠡᠰ ᠦᠨᠡᠨᠴᠢ ᠰᠢᠳᠤᠷᠭᠤ ᠂ ᠡᠷᠡᠰ ᠠᠷᠢᠭᠤᠨ ᠴᠡᠪᠡᠷ ᠂ ᠡᠷᠡᠰ ᠨᠠᠢᠳᠠᠪᠤᠷᠢᠲᠠᠢ 》 ᠬᠠᠷᠠᠯᠲᠠ ᠶ᠋ᠢᠨ ᠱᠠᠭᠠᠷᠳᠠᠯᠭ᠎ᠠ ᠶ᠋ᠢ ᠵᠣᠷᠢᠭᠲᠠᠢ ᠪᠡᠶᠡᠯᠡᠭᠦᠯᠵᠦ ᠶᠠᠰᠤ ᠴᠢᠮᠥᠭᠡ ᠶ᠋ᠢ ᠨᠢ ᠰᠣᠷᠣᠬᠤ ᠳᠣᠪᠣᠢᠮ᠎ᠠ ᠭᠣᠣᠯᠳᠠᠯᠭᠠᠲᠤ ᠭᠠᠵᠠᠷ ᠣᠷᠣᠨ ᠂ ᠭᠣᠣᠯᠳᠠᠯᠭᠠᠲᠤ ᠠᠵᠢᠯ ᠤ᠋ᠨ ᠪᠠᠢᠷᠢ ᠂ ᠭᠣᠣᠯᠳᠠᠯᠭᠠᠲᠤ ᠡᠲᠡᠭᠡᠳ ᠦ᠋ᠨ ᠴᠢᠩᠭ᠎ᠠ ᠴᠣᠬᠢᠯᠲᠠ ᠥᠭᠴᠦ ᠳᠣᠪᠣᠢᠮ᠎ᠠ ᠠᠰᠠᠭᠤᠳᠠᠯ ᠪᠠ ᠠᠷᠬᠠᠭ ᠭᠡᠮ ᠢ᠋ ᠵᠠᠰᠠᠨ ᠴᠡᠭᠴᠡᠯᠡᠬᠦ ᠠᠵᠢᠯ ᠢ᠋ ᠦᠨᠡᠨᠬᠦ ᠰᠠᠢᠲᠤᠷ ᠬᠢᠵᠦ ᠂ ᠡᠩᠨᠡᠭᠡ ᠶ᠋ᠢᠨ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠵᠢᠯ ᠢ᠋ ᠭᠦᠨᠵᠡᠭᠡᠢᠷᠡᠭᠦᠯᠦᠨ ᠪᠦᠬᠦ ᠬᠦᠴᠦ ᠪᠡᠷ ᠦᠨᠡᠨᠴᠢ ᠰᠢᠳᠤᠷᠭᠤ ᠂ ᠠᠷᠢᠭᠤᠨ ᠴᠢᠬᠡᠴᠢ ᠂ ᠵᠣᠷᠢᠭᠲᠠᠢ ᠬᠢᠬᠦ ᠶ᠋ᠢ ᠪᠡᠶᠡᠯᠡᠭᠦᠯᠦᠶ᠎ᠡ᠃
ᠬᠤᠷᠠᠯ ᠠ᠋ᠴᠠ ᠂ ᠨᠢᠭᠡ ᠳ᠋ᠦ᠍ ᠂ ᠤᠯᠤᠰ ᠲᠥᠷᠥ ᠶ᠋ᠢᠨ ᠨᠢᠭᠡᠳᠦᠯᠲᠡᠢ ᠤᠳᠤᠷᠢᠳᠤᠯᠭ᠎ᠠ ᠂ ᠤᠯᠤᠰ ᠲᠥᠷᠥ ᠶ᠋ᠢᠨ ᠰᠠᠬᠢᠯᠭ᠎ᠠ ᠪᠠᠲᠤ ᠪᠠ ᠤᠯᠤᠰ ᠲᠥᠷᠥ ᠶ᠋ᠢᠨ ᠳᠦᠷᠢᠮ ᠲᠣᠭᠲᠠᠭᠠᠯ ᠢ᠋ ᠴᠢᠩᠭ᠎ᠠ ᠵᠢᠷᠤᠮᠯᠠᠬᠤ ᠬᠡᠷᠡᠭᠲᠡᠢ ᠃ ᠤᠯᠤᠰ ᠲᠥᠷᠥ ᠶ᠋ᠢᠨ ᠪᠠᠢᠭᠤᠯᠤᠯᠲᠠ ᠶ᠋ᠢ ᠲᠡᠷᠢᠭᠦᠨ ᠴᠢᠬᠤᠯᠠ ᠪᠠᠢᠷᠢᠨ ᠳ᠋ᠤ᠌ ᠲᠠᠯᠪᠢᠵᠤ ᠂ ᠰᠢᠨᠵᠢᠯᠡᠬᠦ ᠤᠬᠠᠭᠠᠨᠴᠢ ᠣᠨᠣᠯ ᠢ᠋ᠶ᠋ᠠᠷ ᠵᠡᠪᠰᠡᠭᠯᠡᠬᠦ ᠶᠠᠪᠤᠳᠠᠯ ᠢ᠋ ᠴᠢᠩᠭᠠᠳᠬᠠᠨ ᠂ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠦ᠋ᠨ ᠦᠵᠡᠯ ᠤᠬᠠᠮᠰᠠᠷ ᠤ᠋ᠨ ᠬᠡᠯᠪᠡᠷᠢ ᠶ᠋ᠢᠨ ᠠᠵᠢᠯ ᠤ᠋ᠨ ᠬᠠᠷᠢᠭᠤᠴᠠᠯᠭ᠎ᠠ ᠶ᠋ᠢᠨ ᠳᠦᠷᠢᠮ ᠢ᠋ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ ᠂ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠴᠣᠭᠴᠠ ᠶ᠋ᠢᠨ ᠤᠬᠠᠮᠰᠠᠷ ᠢ᠋ ᠪᠠᠲᠤ ᠪᠡᠬᠢ ᠪᠣᠢ ᠪᠣᠯᠭᠠᠬᠤ ᠬᠡᠷᠡᠭᠲᠡᠢ ᠃ ᠤᠯᠤᠰ ᠲᠥᠷᠥ ᠶ᠋ᠢᠨ ᠬᠢᠨᠠᠯᠲᠠ ᠶ᠋ᠢ ᠲᠠᠰᠤᠷᠠᠯᠲᠠ ᠦᠭᠡᠢ ᠴᠢᠩᠭ᠋ᠠᠳᠬᠠᠨ ᠂ ᠨᠠᠮ ᠤ᠋ᠨ ᠲᠥᠪ ᠬᠣᠷᠢᠶᠠᠨ ᠤ᠋ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢ ᠱᠠᠯᠠᠪᠳᠠᠭᠤᠯᠤᠨ ᠪᠠᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶ᠋ᠢ ᠲᠡᠭᠦᠯᠳᠡᠷᠵᠢᠭᠦᠯᠵᠦ ᠂ ᠤᠯᠤᠰ ᠲᠥᠷᠥ ᠶ᠋ᠢᠨ ᠰᠠᠬᠢᠯᠭ᠎ᠠ ᠪᠠᠲᠤ ᠶ᠋ᠢ ᠬᠡᠷᠡᠭᠵᠢᠭᠦᠯᠬᠦ ᠪᠠ ᠬᠠᠮᠠᠭᠠᠯᠠᠬᠤ ᠬᠠᠷᠢᠭᠤᠴᠠᠯᠭ᠎ᠠ ᠶ᠋ᠢ ᠦᠨᠡᠨᠬᠦ ᠡᠭᠦᠷᠭᠡᠯᠡᠵᠦ ᠂ 《 ᠬᠣᠶᠠᠷ ᠬᠠᠮᠠᠭᠠᠯᠠᠯᠲᠠ 》 ᠶ᠋ᠢ ᠠᠷᠠᠳ ᠤ᠋ᠨ ᠰᠢᠭᠦᠬᠦ ᠬᠣᠷᠢᠶᠠᠨ ᠤ᠋ ᠠᠵᠢᠯ ᠤ᠋ᠨ ᠡᠯ᠎ᠡ ᠬᠦᠷᠢᠶ᠎ᠡ ᠪᠦᠬᠦ ᠶᠠᠪᠤᠴᠠ ᠳ᠋ᠤ᠌ ᠡᠷᠡᠰ ᠲᠤᠤᠱᠯᠠᠭᠤᠯᠤᠨ ᠨᠠᠢᠳᠠᠪᠤᠷᠢᠵᠢᠭᠤᠯᠬᠤ ᠬᠡᠷᠡᠭᠲᠡᠢ ᠃ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠢ᠋ ᠴᠢᠨᠠᠷ ᠰᠠᠢᠲᠠᠢ ᠰᠢᠢᠳᠪᠦᠷᠢᠯᠡᠬᠦ ᠶ᠋ᠢ ᠡᠷᠡᠰ ᠭᠤᠢᠪᠢᠰᠢ ᠦᠭᠡᠢ ᠲᠦᠯᠬᠢᠨ ᠠᠬᠢᠭᠤᠯᠵᠤ ᠂ ᠵᠠᠬᠢᠳᠠᠯ ᠰᠤᠷᠪᠤᠯᠵᠢᠯᠠᠭ᠎ᠠ ᠶ᠋ᠢᠨ ᠳᠠᠷᠤᠭᠳᠠᠮᠠᠯ ᠬᠡᠷᠡᠭ ᠢ᠋ ᠨᠠᠮᠳᠠᠭᠠᠬᠤ ᠪᠠ ᠡᠬᠢ ᠡᠭᠦᠰᠦᠯ ᠡᠴᠡ ᠨᠢ ᠵᠠᠰᠠᠬᠤ ᠠᠵᠢᠯ ᠢ᠋ ᠨᠢᠭᠡᠳᠦᠯᠲᠡᠢ ᠲᠥᠯᠥᠪᠯᠡᠨ ᠰᠠᠢᠲᠤᠷ ᠬᠢᠵᠦ ᠂ 《ᠨᠡᠮᠡᠭᠳᠡᠯ ᠢ᠋ ᠬᠣᠷᠢᠭᠯᠠᠨ ᠂ ᠬᠠᠳᠠᠭᠠᠯᠠᠯᠲᠠ ᠶ᠋ᠢᠨ ᠬᠡᠮᠵᠢᠶ᠎ᠡ ᠶ᠋ᠢ ᠪᠠᠭᠠᠰᠬᠠᠬᠤ》 ᠠᠵᠢᠯ ᠤ᠋ᠨ ᠬᠠᠷᠠᠯᠲᠠ ᠶ᠋ᠢ ᠴᠢᠷᠮᠠᠢᠨ ᠪᠡᠶᠡᠯᠡᠭᠦᠯᠦᠨ᠎ᠡ ᠃
ᠬᠤᠶᠠᠷ ᠲᠤ᠂ ᠦᠨᠡᠨᠬᠦ ᠬᠦᠴᠦᠲᠡᠢ ᠮᠥᠷᠭᠥᠯᠳᠦᠵᠦ ᠂ ᠲᠥᠪ ᠰᠤᠷᠲᠠᠯ ᠰᠠᠬᠢᠯᠭ᠎ᠠ ᠪᠠᠲᠤ ᠶ᠋ᠢ ᠡᠷᠡᠰ ᠰᠢᠭᠤᠷᠬᠠᠢ ᠪᠣᠯᠭᠠᠬᠤ ᠢᠯᠵᠠᠷᠠᠯ ᠢ᠋ ᠡᠰᠡᠷᠭᠦᠴᠡᠬᠦ ᠵᠢ ᠪᠠᠷᠢᠮᠲᠠᠯᠠᠨ᠎ᠠ ᠃ ᠰᠠᠬᠢᠯᠭ᠎ᠠ ᠪᠠᠲᠤ ᠶ᠋ᠢ ᠵᠥᠷᠢᠴᠡᠵᠦ ᠬᠠᠤᠯᠢ ᠴᠠᠭᠠᠵᠠ ᠠ᠋ᠴᠠ ᠵᠥᠷᠢᠴᠡᠭᠰᠡᠨ ᠦᠢᠯᠡ ᠠᠵᠢᠯᠯᠠᠭ᠎ᠠ ᠶ᠋ᠢ ᠡᠷᠡᠰ ᠪᠠᠢᠴᠠᠭᠠᠨ ᠰᠢᠳᠬᠡᠵᠦ ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠶ᠋ᠢ ᠬᠡᠷᠡᠭᠵᠢᠭᠦᠯᠬᠦ 《ᠳᠥᠷᠪᠡᠨ ᠵᠦᠢᠯ ᠦ᠋ᠨ ᠬᠡᠯᠪᠡᠷᠢ》 ᠶ᠋ᠢ ᠭᠦᠨᠵᠡᠭᠡᠢᠷᠡᠭᠦᠯᠦᠨ ᠬᠡᠷᠡᠭᠯᠡᠵᠦ ᠂ ᠬᠠᠤᠯᠢ ᠴᠠᠭᠠᠵᠠ ᠶ᠋ᠢᠨ ᠢᠯᠵᠢᠷᠡᠯ ᠵᠡᠷᠭᠡ ᠠᠰᠠᠭᠤᠳᠠᠯ ᠢ᠋ ᠴᠢᠩᠭ᠎ᠠ ᠪᠠᠢᠴᠠᠭᠠᠨ ᠰᠢᠢᠳᠪᠦᠷᠢᠯᠡᠵᠦ ᠂ ᠤᠯᠤᠰ ᠲᠥᠷᠥ ᠬᠠᠤᠯᠢ ᠴᠠᠭᠠᠵᠠ ᠶ᠋ᠢᠨ ᠢᠯᠵᠢᠷᠡᠯ ᠪᠠ ᠰᠤᠷᠲᠠᠯ ᠤ᠋ᠨ ᠠᠰᠠᠭᠤᠳᠠᠯ ᠢ᠋ ᠴᠡᠭᠴᠡᠯᠡᠨ ᠵᠠᠰᠠᠬᠤ ᠠᠵᠢᠯᠯᠠᠭ᠎ᠠ ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠤᠨ᠎ᠠ ᠃ ᠰᠡᠷᠡᠮᠵᠢᠯᠡᠭᠦᠯᠬᠦ ᠬᠥᠮᠦᠵᠢᠯ ᠢ᠋ ᠡᠳᠦᠷ ᠳᠣᠳᠣᠮ ᠤ᠋ᠨ ᠠᠵᠢᠯᠯᠠᠭ᠎ᠠ ᠳ᠋ᠠᠭᠠᠨ ᠣᠷᠣᠭᠤᠯᠵᠤ ᠂ 《 ᠭᠤᠷᠪᠠᠨ ᠬᠡᠷᠡᠭ ᠢ᠋ ᠰᠢᠢᠳᠪᠦᠷᠢᠯᠡᠬᠦ 》 ᠰᠡᠷᠡᠮᠵᠢᠯᠡᠭᠦᠯᠬᠦ ᠬᠥᠮᠦᠵᠢᠯ ᠦ᠋ᠨ ᠦᠷ᠎ᠡ ᠪᠦᠲᠦᠭᠡᠯ ᠢ᠋ ᠲᠠᠰᠤᠷᠠᠯᠲᠠ ᠦᠭᠡᠢ ᠪᠡᠬᠢᠵᠢᠭᠦᠯᠵᠦ ᠂ ᠺᠠᠲᠠᠷ ᠴᠠᠭᠳᠠᠭ᠎ᠠ ᠶ᠋ᠢ ᠵᠢᠯᠣᠭᠣᠳᠤᠨ 《 ᠢᠯᠵᠢᠷᠡᠬᠦ ᠡᠴᠡ ᠠᠶᠤᠵᠤ ᠂ ᠢᠯᠵᠢᠷᠡᠬᠦ ᠡᠴᠡ ᠵᠢᠷᠦᠬᠡᠰᠢᠶᠡᠬᠦ 》 ᠪᠣᠯᠭᠠᠨ ᠬᠤᠪᠢᠷᠠᠭᠤᠯᠵᠤ ᠂ 《 ᠢᠯᠵᠢᠷᠡᠬᠦ ᠥᠬᠡᠢ 》 ᠶ᠋ᠢᠨ ᠳᠣᠲᠣᠭᠠᠳᠤ ᠬᠦᠨᠳᠦᠳᠬᠡᠯ ᠪᠠ ᠦᠵᠡᠯ ᠰᠠᠨᠠᠭᠠᠨ ᠤ᠋ ᠤᠬᠠᠮᠰᠠᠷ ᠪᠣᠯᠭᠠᠨ ᠬᠤᠪᠢᠷᠠᠭᠤᠯᠬᠤ ᠬᠡᠷᠡᠭᠲᠡᠢ ᠃ ᠰᠢᠮᠳᠠᠭᠤᠯᠤᠨ ᠪᠠᠢᠴᠠᠭᠠᠵᠤ ᠲᠣᠭᠣᠷᠢᠨ ᠪᠠᠢᠴᠠᠭᠠᠬᠤ ᠡᠷᠴᠢᠮ ᠢ᠋ᠶ᠋ᠡᠨ ᠴᠢᠩᠭᠠᠷᠠᠭᠤᠯᠵᠤ ᠣᠷᠣᠰᠢᠵᠤ ᠪᠠᠢᠭ᠎ᠠ ᠳᠣᠪᠣᠢᠮ᠎ᠠ ᠠᠰᠠᠭᠤᠳᠠᠯ ᠢ᠋ ᠬᠦᠴᠦᠯᠡᠨ ᠡᠷᠢᠵᠦ ᠪᠠᠢᠴᠠᠭᠠᠨ ᠡᠷᠢᠵᠦ ᠰᠢᠮᠳᠠᠭᠤᠯᠤᠨ ᠵᠠᠯᠠᠷᠠᠭᠤᠯᠬᠤ ᠬᠡᠷᠡᠭᠲᠡᠢ᠃ ᠨᠢᠭᠡᠨᠲᠡ ᠢᠯᠡᠷᠡᠭᠦᠯᠦᠭᠰᠡᠨ ᠠᠰᠠᠭᠤᠳᠠᠯ ᠢ᠋ ᠲᠤᠬᠠᠢ ᠶ᠋ᠢᠨ ᠭᠠᠵᠠᠷ ᠲᠤ ᠨᠢ ᠰᠢᠮᠳᠠᠭᠤᠯᠤᠨ ᠭᠦᠢᠴᠡᠳᠬᠡᠯᠭᠡᠵᠦ ᠂ ᠴᠡᠭᠴᠡᠯᠡᠨ ᠰᠠᠢᠵᠢᠷᠠᠭᠤᠯᠬᠤ ᠶ᠋ᠢ ᠱᠠᠯᠠᠪᠳᠠᠭᠤᠯᠵᠤ ᠪᠠᠢᠭᠠᠳ ᠬᠠᠰᠢ ᠶᠠᠰᠢ ᠪᠠᠷ ᠠᠷᠭᠠᠴᠠᠭᠰᠠᠨ ᠂ ᠴᠡᠭᠴᠡᠯᠡᠨ ᠰᠠᠢᠵᠢᠷᠠᠭᠤᠯᠤᠭᠰᠠᠨ ᠢ᠋ᠶ᠋ᠠᠷ ᠬᠦᠴᠦᠨ ᠥᠬᠡᠢ ᠰᠢᠭᠦᠬᠦ ᠬᠣᠷᠢᠶᠠᠨ ᠤ᠋ ᠤᠳᠤᠷᠢᠳᠤᠯᠭ᠎ᠠ ᠠ᠋ᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠃
ᠭᠤᠷᠪᠠ ᠳ᠋ᠤ᠌ ᠂ ᠳᠡᠰ ᠳᠠᠪᠬᠤᠷᠭ᠎ᠠ ᠲᠥᠷᠥᠯ ᠬᠤᠪᠢᠶᠠᠨ ᠬᠠᠤᠯᠢ ᠬᠡᠷᠡᠭᠵᠢᠭᠦᠯᠬᠦ ᠡᠷᠬᠡ ᠳ᠋ᠦ᠍ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ ᠶ᠋ᠢ ᠲᠡᠭᠦᠯᠳᠡᠷᠵᠢᠭᠦᠯᠵᠦ ᠲᠡᠭᠦᠯᠳᠡᠷᠵᠢᠭᠦᠯᠬᠦ ᠶ᠋ᠢ ᠪᠠᠷᠢᠮᠲᠠᠯᠠᠨ᠎ᠠ ᠃ ᠳᠣᠲᠣᠭᠠᠳᠤ ᠶ᠋ᠢᠨ ᠬᠢᠨᠠᠨ ᠬᠢᠵᠠᠭᠠᠷᠯᠠᠬᠤ ᠲᠣᠭᠲᠠᠴᠠ ᠶ᠋ᠢ ᠲᠠᠰᠤᠷᠠᠯᠲᠠ ᠦᠭᠡᠢ ᠲᠡᠭᠦᠯᠳᠡᠷᠵᠢᠭᠦᠯᠵᠦ ᠂ 《ᠵᠠᠩᠭᠢᠯᠠᠭ᠎ᠠ ᠶ᠋ᠢᠨ ᠴᠥᠭᠡᠨ ᠲᠣᠭᠠᠲᠠᠨ 》 ᠂ ᠵᠠᠩᠭᠢᠯᠠᠭ᠎ᠠ ᠶ᠋ᠢᠨ ᠠᠵᠢᠯ ᠤ᠋ᠨ ᠪᠠᠢᠷᠢ ᠳ᠋ᠤ᠌ ᠭᠣᠣᠯᠳᠠᠯᠭ᠎ᠠ ᠲᠠᠢ ᠬᠢᠨᠠᠯᠲᠠ ᠲᠠᠯᠪᠢᠬᠤ ᠶ᠋ᠢ ᠰᠠᠢᠲᠤᠷ ᠠᠳᠬᠤᠨ ᠡᠳᠦᠷ ᠳᠣᠳᠣᠮ ᠤ᠋ᠨ ᠬᠢᠨᠠᠯᠲᠠ ᠲᠠᠯᠪᠢᠬᠤ ᠶ᠋ᠢ ᠪᠣᠳᠠᠲᠠᠢ ᠭᠦᠢᠴᠡᠳᠬᠡᠨ᠎ᠡ ᠃ ᠬᠠᠤᠯᠢ ᠴᠠᠭᠠᠵᠠ ᠶ᠋ᠢᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ᠋ ᠲᠠᠰᠤᠷᠠᠯᠲᠠ ᠦᠭᠡᠢ ᠲᠡᠭᠦᠯᠳᠡᠷᠵᠢᠭᠦᠯᠵᠦ ᠂ ᠬᠠᠤᠯᠢ ᠶ᠋ᠢᠨ ᠲᠤᠰᠢᠶᠠᠯᠲᠠᠨ ᠢ᠋ ᠵᠠᠯᠬᠠᠭᠠᠨ ᠴᠡᠭᠡᠷᠯᠡᠭᠦᠯᠬᠦ ᠠᠵᠢᠯ ᠤ᠋ᠨ ᠳᠡᠰ ᠳᠠᠷᠠᠭᠠᠯᠠᠯ ᠢ᠋ ᠪᠦᠷᠢᠨᠰᠢᠭᠦᠯᠤᠨ 《 ᠭᠤᠷᠪᠠᠨ ᠲᠣᠭᠲᠠᠭᠠᠯ 》 ᠢ᠋ ᠲᠤᠤᠱᠯᠠᠭᠤᠯᠤᠨ ᠨᠠᠢᠳᠠᠪᠤᠷᠢᠵᠢᠭᠤᠯᠬᠤ ᠶ᠋ᠢ ᠠᠬᠢᠭᠤᠯᠬᠤ ᠬᠡᠷᠡᠭᠲᠡᠢ ᠃
ᠳᠥᠷᠪᠡ ᠳ᠋ᠦ᠍ ᠂ ᠪᠦᠬᠦ ᠲᠠᠯ᠎ᠠ ᠪᠠᠷ ᠨᠠᠮ ᠢ᠋ ᠴᠢᠩᠭ᠎ᠠ ᠬᠠᠮᠢᠶᠠᠷᠬᠤ ᠬᠠᠷᠢᠭᠤᠴᠠᠯᠭ᠎ᠠ ᠶ᠋ᠢ ᠨᠠᠢᠳᠠᠪᠤᠷᠢᠵᠢᠭᠤᠯᠬᠤ ᠶ᠋ᠢ ᠪᠠᠷᠢᠮᠲᠠᠯᠠᠨ᠎ᠠ ᠃ ᠪᠥᠬᠥ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠭᠣᠣᠯ ᠴᠣᠭᠴᠠ ᠶ᠋ᠢᠨ ᠬᠠᠷᠢᠭᠤᠴᠠᠯᠭ᠎ᠠ ᠶ᠋ᠢ ᠡᠷᠡᠰ ᠨᠠᠢᠳᠠᠪᠤᠷᠢᠵᠢᠭᠤᠯᠵᠤ ᠂ 《ᠨᠢᠭᠡ ᠠᠵᠢᠯ ᠤ᠋ᠨ ᠪᠠᠢᠷᠢ ᠶ᠋ᠢᠨ ᠬᠣᠣᠰ ᠬᠠᠷᠢᠭᠤᠴᠠᠯᠭ᠎ᠠ》 ᠶ᠋ᠢᠨ ᠱᠠᠭᠠᠷᠳᠠᠯᠭ᠎ᠠ ᠶ᠋ᠢ ᠦᠨᠡᠨᠬᠦ ᠪᠡᠶᠡᠯᠡᠭᠦᠯᠵᠦ ᠂ ᠵᠣᠬᠢᠶᠠᠨ ᠪᠠᠢᠭᠤᠯᠬᠤ ᠠᠵᠢᠯᠲᠠᠨ ᠤ᠋ ᠶᠠᠪᠤᠳᠠᠯ ᠂ ᠰᠢᠭᠦᠨ ᠲᠠᠰᠤᠯᠤᠯᠲᠠ ᠶ᠋ᠢᠨ ᠬᠠᠮᠢᠶᠠᠷᠤᠯᠲᠠ ᠪᠠ ᠬᠢᠨᠠᠨ ᠪᠠᠢᠴᠠᠭᠠᠬᠤ ᠵᠡᠷᠭᠡ ᠰᠠᠯᠠᠭ᠎ᠠ ᠮᠥᠴᠢᠷ ᠨᠢ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ ᠲᠣᠮᠢᠯᠠᠨ ᠰᠠᠭᠤᠯᠭᠠᠬᠤ ᠬᠢᠨᠠᠯᠲᠠ ᠶ᠋ᠢ ᠤᠬᠠᠮᠰᠠᠷ ᠠ᠋ᠴᠠ ᠪᠠᠨ ᠬᠦᠯᠢᠶᠡᠨ ᠠᠪᠬᠤ ᠬᠡᠷᠡᠭᠲᠡᠢ ᠃ 《ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ》 ᠢ᠋ ᠴᠢᠩᠭ᠎ᠠ ᠨᠠᠢᠳᠠᠪᠤᠷᠢᠵᠢᠭᠤᠯᠵᠤ ᠂ ᠨᠠᠮ ᠤ᠋ᠨ ᠵᠣᠬᠢᠶᠠᠨ ᠪᠠᠢᠭᠤᠯᠤᠯᠲᠠ ᠶ᠋ᠢᠨ ᠤᠯᠤᠰ ᠲᠥᠷᠥ ᠶ᠋ᠢᠨ ᠴᠢᠳᠠᠪᠬᠢ ᠂ ᠵᠣᠬᠢᠶᠠᠨ ᠪᠠᠢᠭᠤᠯᠤᠯᠲᠠ ᠶ᠋ᠢᠨ ᠴᠢᠳᠠᠪᠬᠢ ᠶ᠋ᠢ ᠴᠢᠩᠭᠠᠳᠬᠠᠵᠤ ᠂ ᠨᠠᠮ ᠤ᠋ᠨ ᠭᠡᠰᠢᠭᠦᠨ ᠺᠠᠲᠠᠷ ᠴᠠᠭᠳᠠᠭ᠎ᠠ ᠶ᠋ᠢᠨ ᠬᠣᠰᠢᠭᠤᠴᠢ ᠵᠢᠱ᠌ᠢᠶᠡᠴᠢ ᠦᠢᠯᠡᠳᠦᠯ ᠢ᠋ ᠭᠦᠢᠴᠡᠳ ᠪᠠᠳᠠᠷᠠᠭᠤᠯᠤᠨ᠎ᠠ ᠃
ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ ᠭᠡᠰᠢᠭᠦᠳ ᠪᠠ ᠪᠦᠬᠦ ᠺᠠᠲᠠᠷ ᠴᠠᠭᠳᠠᠭ᠎ᠠ ᠭᠣᠣᠯ ᠬᠤᠷᠠᠯ ᠤ᠋ᠨ ᠲᠠᠯᠠᠪᠠᠢ ᠳ᠋ᠤ᠌ ᠴᠤᠭᠯᠠᠷᠠᠵᠤ ᠬᠤᠷᠠᠯ ᠳ᠋ᠤ᠌ ᠣᠷᠣᠯᠴᠠᠪᠠ ᠃
ᠦᠨᠡᠯᠡᠬᠦ 0ᠦᠨᠡᠯᠡᠯᠲᠡ᠎ᠲᠠᠢ