3 ᠰᠠᠷ᠎ᠠ ᠶ᠋ᠢᠨ 14 ᠦ᠌ ᠦᠳᠡ ᠶ᠋ᠢᠨ ᠬᠣᠢᠨ᠎ᠠ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠠᠮ ᠤ᠋ᠨ ᠲᠡᠦᠬᠡ ᠰᠤᠷᠤᠯᠴᠠᠯᠭ᠎ᠠ ᠬᠥᠮᠦᠵᠢᠯ ᠦ᠋ᠨ ᠳᠠᠢᠴᠢᠯᠠᠯᠲᠠ ᠶ᠋ᠢᠨ ᠬᠤᠷᠠᠯ ᠬᠢᠵᠦ ᠂ ᠶᠡᠷᠦᠩᠬᠡᠢ ᠱᠦᠵᠢ ᠰᠢ ᠵᠢᠨ ᠫᠢᠩ ᠦ᠋ᠨ ᠨᠠᠮ ᠤ᠋ᠨ ᠲᠡᠦᠬᠡ ᠰᠤᠷᠤᠯᠴᠠᠯᠭ᠎ᠠ ᠬᠥᠮᠦᠵᠢᠯ ᠦ᠋ᠨ ᠳᠠᠢᠴᠢᠯᠠᠯᠲᠠ ᠶ᠋ᠢᠨ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠠᠢ ᠃ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠬᠤᠷᠠᠯ ᠳ᠋ᠤ᠌ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ ᠂ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠬᠣᠷᠢᠶᠠᠨ ᠳᠡᠳ᠋ ᠳᠠᠷᠤᠭ᠎ᠠ ᠯᠢ ᠵᠢᠩ ᠭᠦᠸᠧ ᠬᠤᠷᠠᠯ ᠡᠷᠬᠢᠯᠡᠪᠡ ᠃ᠤᠳᠤᠷᠢᠳᠬᠤ ᠪᠠᠭ ᠤ᠋ᠨ ᠭᠡᠰᠢᠭᠦᠳ ᠬᠤᠷᠠᠯ ᠳ᠋ᠤ᠌ ᠣᠷᠣᠯᠴᠠᠪᠠ ᠃
ᠬᠤᠷᠠᠯ ᠳᠡᠭᠡᠷ᠎ᠡ ᠂ ᠯᠢ ᠵᠢᠩ ᠭᠦᠸᠧ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠶ᠋ᠢᠨ ᠱᠢ ᠲᠡᠢ ᠹᠧᠩ ᠱᠦᠵᠢ ᠶ᠋ᠢᠨ ᠪᠦᠬᠦ ᠣᠷᠣᠨ ᠤ᠋ ᠨᠠᠮ ᠤ᠋ᠨ ᠲᠡᠦᠬᠡ ᠰᠤᠷᠤᠯᠴᠠᠯᠭ᠎ᠠ ᠬᠥᠮᠦᠵᠢᠯ ᠢ᠋ ᠳᠠᠢᠴᠢᠯᠠᠨ ᠪᠠᠢᠷᠢᠯᠠᠭᠤᠯᠬᠤ ᠬᠤᠷᠠᠯ ᠳᠡᠭᠡᠷᠡᠬᠢ ᠶᠠᠷᠢᠶᠠᠨ ᠤ᠋ ᠵᠣᠷᠢᠭ ᠰᠠᠨᠠᠭ᠎ᠠ ᠂ ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠰᠢᠰᠲ᠋ᠧᠮ ᠦ᠋ᠨ ᠨᠠᠮ ᠤ᠋ᠨ ᠲᠡᠦᠬᠡ ᠰᠤᠷᠤᠯᠴᠠᠯᠭ᠎ᠠ ᠬᠥᠮᠦᠵᠢᠯ ᠢ᠋ ᠳᠠᠢᠴᠢᠯᠠᠬᠤ ᠬᠤᠷᠠᠯ ᠤ᠋ᠨ ᠵᠣᠷᠢᠭ ᠰᠠᠨᠠᠭ᠎ᠠ ᠪᠠ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ ᠨᠢᠦ ᠵᠢᠶᠦ᠋ᠨ ᠶᠠᠨ ᠱᠦᠵᠢ ᠶ᠋ᠢᠨ ᠪᠦᠬᠦ ᠬᠣᠲᠠ ᠶ᠋ᠢᠨ ᠨᠠᠮ ᠤ᠋ᠨ ᠲᠡᠦᠬᠡ ᠰᠤᠷᠤᠯᠴᠠᠯᠭ᠎ᠠ ᠬᠥᠮᠦᠵᠢᠯ ᠢ᠋ ᠳᠠᠢᠴᠢᠯᠠᠨ ᠪᠠᠢᠷᠢᠯᠠᠭᠤᠯᠬᠤ ᠬᠤᠷᠠᠯ ᠳᠡᠭᠡᠷᠡᠬᠢ ᠶᠠᠷᠢᠶᠠᠨ ᠤ᠋ ᠵᠣᠷᠢᠭ ᠰᠠᠨᠠᠭ᠎ᠠ ᠶ᠋ᠢ ᠳᠠᠮᠵᠢᠭᠤᠯᠪᠠ ᠃
ᠬᠤᠷᠠᠯ ᠠ᠋ᠴᠠ ᠂ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠢ᠋ ᠥᠷᠨᠢᠭᠦᠯᠬᠦ ᠪᠣᠯ ᠨᠠᠮ ᠤ᠋ᠨ ᠲᠥᠪ ᠬᠣᠷᠢᠶ᠎ᠠ ᠨᠠᠮ ᠤ᠋ᠨ ᠵᠠᠭᠤᠨ ᠵᠢᠯ ᠦ᠋ᠨ ᠲᠡᠦᠬᠡ ᠶ᠋ᠢᠨ ᠰᠢᠨ᠎ᠡ ᠡᠬᠢᠯᠡᠯᠲᠡ ᠂ ᠳᠤᠮᠳᠠᠳᠤ ᠶ᠋ᠢᠨ ᠦᠨᠳᠦᠰᠦᠲᠡᠨ ᠦ᠌ ᠠᠭᠤᠤ ᠶᠡᠬᠡ ᠰᠡᠷᠭᠦᠨ ᠮᠠᠨᠳᠤᠯᠲᠠ ᠶ᠋ᠢᠨ ᠪᠠᠢᠯᠳᠤᠬᠤ ᠪᠣᠳᠣᠯᠭ᠎ᠠ ᠶ᠋ᠢᠨ ᠪᠦᠬᠦ ᠲᠠᠯ᠎ᠠ ᠪᠠ ᠳᠡᠯᠡᠬᠡᠢ ᠶ᠋ᠢᠨ ᠵᠠᠭᠤᠨ ᠵᠢᠯ ᠳ᠋ᠦ᠍ ᠲᠣᠬᠢᠶᠠᠯᠳᠤᠭ᠎ᠠ ᠦᠭᠡᠢ ᠶᠡᠬᠡ ᠬᠤᠪᠢᠷᠠᠯᠲᠠ ᠂ ᠪᠥᠬᠥ ᠤᠯᠤᠰ ᠢ᠋ ᠳᠠᠢᠴᠢᠯᠠᠵᠤ ᠢᠲᠡᠭᠡᠯ ᠲᠡᠭᠦᠯᠳᠡᠷ ᠢ᠋ᠶ᠋ᠡᠷ ᠨᠡᠢᠭᠡᠮ ᠵᠢᠷᠤᠮ ᠤ᠋ᠨ ᠣᠳᠣᠬᠢᠴᠢᠯᠠᠭᠰᠠᠨ ᠤᠯᠤᠰ ᠢ᠋ ᠪᠥᠬᠥ ᠲᠠᠯ᠎ᠠ ᠪᠠᠷ ᠪᠦᠲᠦᠭᠡᠨ ᠪᠠᠢᠭᠤᠯᠬᠤ ᠳ᠋ᠤ᠌ ᠣᠷᠣᠯᠴᠠᠭᠰᠠᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠣᠯᠤᠨ᠎ᠠ ᠃ ᠪᠦᠬᠦ ᠺᠠᠲᠠᠷ ᠴᠠᠭᠳᠠᠭ᠎ᠠ ᠨᠠᠷ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠢ᠋ ᠥᠷᠨᠢᠭᠦᠯᠬᠦ ᠶ᠋ᠢᠨ ᠴᠢᠬᠤᠯᠠ ᠠᠴᠢ ᠬᠣᠯᠪᠣᠭᠳᠠᠯ ᠢ᠋ ᠤᠯᠤᠰ ᠲᠥᠷᠥ ᠪᠠ ᠪᠦᠬᠦ ᠲᠠᠯ᠎ᠠ ᠶ᠋ᠢᠨ ᠳᠡᠭᠡᠳᠦ ᠬᠡᠮᠵᠢᠶᠡᠨ ᠡᠴᠡ ᠭᠦᠨᠵᠡᠭᠡᠢ ᠣᠢᠯᠠᠭᠠᠵᠤ ᠂ ᠭᠣᠣᠯᠳᠠᠯᠭ᠎ᠠ ᠲᠠᠢ ᠡᠭᠦᠷᠭᠡ ᠶ᠋ᠢ ᠪᠠᠲᠤ ᠡᠵᠡᠮᠰᠢᠵᠦ ᠂ ᠵᠣᠬᠢᠶᠠᠨ ᠪᠠᠢᠭᠤᠯᠤᠯᠲᠠ ᠶ᠋ᠢᠨ ᠤᠳᠤᠷᠢᠳᠤᠯᠭ᠎ᠠ ᠪᠠᠨ ᠦᠨᠡᠨᠬᠦ ᠥᠨᠳᠥᠷ ᠪᠠᠷᠢᠮᠵᠢᠶ᠎ᠠ ᠪᠠᠷ ᠥᠨᠳᠥᠷ ᠶᠠᠰᠤ ᠴᠢᠨᠠᠷ ᠲᠠᠢ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠢ᠋ ᠰᠠᠢᠲᠤᠷ ᠥᠷᠨᠢᠭᠦᠯᠬᠦ ᠬᠡᠷᠡᠭᠲᠡᠢ ᠃
ᠨᠢᠭᠡ ᠳ᠋ᠦ᠍ ᠂ ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠵᠦ ᠂ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠢ᠋ ᠥᠷᠨᠢᠭᠦᠯᠬᠦ ᠴᠢᠬᠤᠯᠠ ᠴᠢᠨᠠᠷ ᠢ᠋ ᠭᠦᠢᠴᠡᠳ ᠲᠠᠨᠢᠬᠤ ᠬᠡᠷᠡᠭᠲᠡᠢ ᠃ ᠪᠦᠬᠦ ᠺᠠᠲᠠᠷ ᠴᠠᠭᠳᠠᠭ᠎ᠠ ᠨᠠᠷ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶ᠋ᠢ ᠡᠷᠬᠢᠮᠯᠡᠵᠦ ᠲᠡᠦᠬᠡ ᠪᠣᠯᠪᠠᠰᠤᠨ ᠢ᠋ ᠨᠠᠷᠢᠨ ᠬᠢᠨᠠᠮᠠᠭᠠᠢ ᠰᠤᠷᠤᠯᠴᠠᠨ ᠦᠨᠡᠨᠴᠢ ᠰᠡᠳᠬᠢᠯ ᠳ᠋ᠦ᠍ ᠤᠯᠠᠮ ᠨᠢᠭᠡ ᠠᠯᠬᠤᠮ ᠬᠠᠲᠠᠭᠤᠵᠢᠭᠤᠯᠤᠨ 《 ᠳᠥᠷᠪᠡᠨ ᠤᠬᠠᠮᠰᠠᠷ》 ᠢ᠋ ᠪᠠᠲᠤᠳᠬᠠᠵᠤ᠂ 《 ᠳᠥᠷᠪᠡᠨ ᠢᠲᠡᠭᠡᠯ》 ᠢ᠋ ᠪᠠᠲᠤᠳᠬᠠᠵᠤ ᠂《 ᠬᠣᠶᠠᠷ ᠬᠠᠮᠠᠭᠠᠯᠠᠨ᠎ᠠ》 ᠶ᠋ᠢ ᠲᠠᠰᠤᠷᠠᠯᠲᠠ ᠦᠭᠡᠢ ᠳᠡᠭᠡᠭᠰᠢᠯᠡᠭᠦᠯᠵᠦ ᠤᠯᠤᠰ ᠲᠥᠷᠥ ᠶ᠋ᠢᠨ ᠮᠠᠭᠠᠳᠯᠠᠬᠤ ᠴᠢᠳᠠᠪᠤᠷᠢ ᠂ ᠤᠯᠤᠰ ᠲᠥᠷᠥ ᠶ᠋ᠢᠨ ᠬᠦᠴᠦᠨ ᠂ ᠤᠯᠤᠰ ᠲᠥᠷᠥ ᠶ᠋ᠢᠨ ᠭᠦᠢᠴᠡᠳᠬᠡᠬᠦ ᠬᠦᠴᠦᠨ ᠵᠡᠷᠭᠡ ᠨᠢ ᠢᠮᠠᠭᠲᠠ ᠦᠵᠡᠯ ᠰᠠᠨᠠᠭ᠎ᠠ᠂ ᠤᠯᠤᠰ ᠲᠥᠷᠥ᠂ ᠦᠢᠯᠡ ᠠᠵᠢᠯᠯᠠᠭ᠎ᠠ ᠶ᠋ᠢᠨ ᠲᠠᠯ᠎ᠠ ᠪᠠᠷ ᠭᠣᠣᠯᠯᠠᠭᠴᠢ ᠲᠠᠢ ᠬᠠᠮᠲᠤ ᠪᠠᠢᠬᠤ ᠶ᠋ᠢ ᠪᠠᠲᠤᠯᠠᠬᠤ ᠬᠡᠷᠡᠭᠲᠡᠢ᠃ᠰᠢᠭᠦᠬᠦ ᠬᠣᠷᠢᠶᠠᠨ ᠤ᠋ ᠣᠨᠴᠠᠯᠢᠭ ᠢ᠋ ᠳᠣᠪᠣᠢᠯᠭᠠᠵᠤ ᠂ ᠠᠷᠠᠳ ᠤ᠋ᠨ ᠲᠥᠯᠥᠭᠡ ᠬᠠᠤᠯᠢ ᠪᠠᠷᠢᠬᠤ ᠶ᠋ᠢ ᠲᠣᠳᠤᠷᠬᠠᠢᠯᠠᠵᠤ ᠂ ᠡᠭᠦᠷᠭᠡ ᠶ᠋ᠢ ᠳᠣᠪᠣᠢᠯᠭᠠᠨ ᠂ ᠰᠤᠷᠤᠯᠴᠠᠬᠤ ᠬᠡᠷᠡᠭᠯᠡᠬᠦ ᠶ᠋ᠢ ᠤᠶᠠᠯᠳᠤᠭᠤᠯᠵᠠᠢ ᠃ ᠬᠣᠶᠠᠷ ᠲᠤ᠌ ᠂ ᠬᠠᠷᠠᠯᠲᠠ ᠱᠠᠭᠠᠷᠳᠠᠯᠭ᠎ᠠ ᠳ᠋ᠤ᠌ ᠠᠩᠬᠠᠷᠤᠯ ᠢ᠋ᠶ᠋ᠠᠨ ᠲᠥᠪᠯᠡᠷᠡᠭᠦᠯᠵᠦ ᠂ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠦ᠋ᠨ ᠬᠠᠨᠳᠤᠯᠭᠠᠲᠤ ᠴᠢᠨᠠᠷ ᠢ᠋ ᠦᠨᠡᠨᠬᠦ ᠴᠢᠩᠭᠠᠳᠬᠠᠪᠠ ᠃ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠦ᠋ᠨ ᠶᠡᠷᠦᠩᠬᠡᠢ ᠬᠠᠷᠠᠯᠲᠠ ᠪᠣᠯᠤᠨ ᠱᠠᠭᠠᠷᠳᠠᠯᠭ᠎ᠠ ᠶ᠋ᠢ ᠵᠥᠪ ᠣᠨᠣᠪᠴᠢᠲᠠᠢ ᠡᠵᠡᠮᠳᠡᠵᠦ ᠂ 《ᠲᠡᠦᠬᠡ ᠰᠤᠷᠤᠯᠴᠠᠨ ᠶᠣᠰᠣ ᠤᠴᠢᠷ ᠢ᠋ ᠮᠡᠳᠡᠬᠦ ᠂ ᠲᠡᠦᠬᠡ ᠰᠤᠷᠤᠯᠴᠠᠨ ᠢᠲᠡᠭᠡᠯ ᠨᠡᠮᠡᠭᠳᠡᠭᠦᠯᠬᠦ ᠂ ᠲᠡᠦᠬᠡ ᠰᠤᠷᠤᠯᠴᠠᠨ ᠶᠣᠰᠣ ᠮᠣᠷᠠᠯ ᠢ᠋ ᠡᠷᠬᠢᠮᠯᠡᠬᠦ ᠂ ᠲᠡᠦᠬᠡ ᠰᠤᠷᠤᠯᠴᠠᠨ ᠦᠢᠯᠡᠳᠦᠯ ᠦᠵᠡᠭᠦᠯᠬᠦ 》 ᠪᠣᠯᠭᠠᠬᠤ ᠬᠡᠷᠡᠭᠲᠡᠢ ᠃ ᠨᠠᠮ ᠢ ᠥᠪᠥᠷ ᠮᠣᠩᠭᠣᠯ ᠤ᠋ᠨ ᠲᠡᠦᠬᠡ ᠂ ᠣᠷᠳᠣᠰ ᠤ᠋ᠨ ᠲᠡᠦᠬᠡ ᠲᠡᠢ ᠨᠢᠭᠲᠠ ᠤᠶᠠᠯᠳᠤᠭᠤᠯᠤᠨ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠢ᠋ ᠠᠬᠢᠭᠤᠯᠵᠤ ᠂ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠴᠣᠭᠴᠠ ᠶ᠋ᠢᠨ ᠦᠵᠡᠯ ᠤᠬᠠᠮᠰᠠᠷ ᠢ᠋ ᠪᠠᠲᠤ ᠪᠡᠬᠢ ᠪᠣᠢ ᠪᠣᠯᠭᠠᠬᠤ ᠬᠡᠷᠡᠭᠲᠡᠢ ᠃ ᠰᠢᠭᠦᠬᠦ ᠬᠣᠷᠢᠶᠠᠨ ᠤ᠋ ᠠᠵᠢᠯ ᠤ᠋ᠨ ᠪᠣᠳᠠᠲᠤ ᠪᠠᠢᠳᠠᠯ ᠲᠠᠢ ᠪᠠᠨ ᠤᠶᠠᠯᠳᠤᠭᠤᠯᠵᠤ ᠂ ᠨᠠᠮ ᠤ᠋ᠨ ᠲᠡᠦᠬᠡ ᠰᠤᠷᠤᠯᠴᠠᠯᠭ᠎ᠠ ᠶ᠋ᠢᠨ ᠳᠤᠮᠳᠠ ᠢᠲᠡᠭᠡᠯ ᠪᠢᠰᠢᠷᠡᠯ ᠢ᠋ᠶ᠋ᠡᠨ ᠪᠠᠲᠤᠳᠬᠠᠵᠤ ᠂ ᠬᠦᠴᠦᠨ ᠴᠢᠳᠠᠯ ᠣᠯᠵᠤ ᠂ ᠣᠶᠤᠨ ᠤᠬᠠᠭᠠᠨ ᠰᠢᠩᠭᠡᠭᠡᠨ ᠠᠪᠴᠤ ᠂ ᠰᠤᠷᠤᠯᠴᠠᠯᠭ᠎ᠠ ᠬᠥᠮᠦᠵᠢᠯ ᠦ᠋ᠨ ᠰᠠᠢᠨ ᠰᠠᠢᠬᠠᠨ ᠦᠷ᠎ᠡ ᠪᠦᠲᠦᠮᠵᠢ ᠪᠡᠷ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠡᠯ᠎ᠡ ᠵᠦᠢᠯ ᠦ᠋ᠨ ᠠᠵᠢᠯ ᠤ᠋ᠨ ᠰᠢᠨ᠎ᠡ ᠬᠥᠭᠵᠢᠯᠲᠡ ᠶ᠋ᠢ ᠲᠦᠯᠬᠢᠨ ᠠᠬᠢᠭᠤᠯᠵᠤ ᠂ ᠰᠢᠨ᠎ᠡ ᠰᠢᠪᠲᠤᠯᠤᠯᠲᠠ ᠭᠠᠷᠭᠠᠬᠤ ᠬᠡᠷᠡᠭᠲᠡᠢ ᠃ ᠭᠤᠷᠪᠠ ᠳ᠋ᠤ᠌ ᠂ ᠵᠣᠬᠢᠶᠠᠨ ᠪᠠᠢᠭᠤᠯᠤᠨ ᠬᠡᠷᠡᠭᠵᠢᠭᠦᠯᠬᠦ ᠶ᠋ᠢ ᠴᠢᠩᠭᠠᠳᠬᠠᠵᠤ ᠂ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠪᠦᠲᠦᠮᠵᠢᠲᠦ ᠴᠢᠨᠠᠷ ᠢ᠋ ᠴᠢᠷᠮᠠᠢᠨ ᠳᠡᠭᠡᠭᠰᠢᠯᠡᠭᠦᠯᠪᠡ ᠃ ᠠᠵᠢᠯ ᠤ᠋ᠨ ᠬᠠᠷᠢᠭᠤᠴᠠᠯᠭ᠎ᠠ ᠶ᠋ᠢ ᠪᠣᠳᠠᠲᠤ ᠲᠠᠢ ᠪᠠᠢᠯᠭᠠᠵᠤ ᠂ ᠰᠤᠷᠤᠯᠴᠠᠬᠤ ᠠ᠋ᠴᠠ ᠪᠣᠳᠣᠯ ᠲᠠᠢ ᠪᠠᠢᠬᠤ ᠂ ᠰᠤᠷᠠᠬᠤ ᠠ᠋ᠴᠠ ᠤᠬᠠᠮᠰᠠᠷᠠᠯ ᠲᠠᠢ ᠪᠠᠢᠬᠤ ᠂ ᠰᠤᠷᠬᠤ ᠠ᠋ᠴᠠ ᠣᠯᠵᠠᠪᠤᠷᠢ ᠲᠠᠢ ᠪᠠᠢᠬᠤ ᠬᠡᠷᠡᠭᠲᠡᠢ ᠃ ᠬᠢᠨᠠᠯᠲᠠ ᠲᠠᠯᠪᠢᠵᠤ ᠵᠢᠭᠠᠨ ᠵᠢᠯᠤᠭᠤᠳᠬᠤ ᠠᠵᠢᠯ ᠢ᠋ ᠢᠮᠠᠭᠲᠠ 《 ᠴᠢᠩᠭ᠎ᠠ 》 ᠪᠠ 《 ᠦᠨᠡᠨ ᠪᠣᠳᠠᠲᠠᠢ 》 ᠪᠠᠢᠬᠤ ᠱᠠᠭᠠᠷᠳᠠᠯᠭ᠎ᠠ ᠶ᠋ᠢ ᠢᠮᠠᠭᠲᠠ ᠲᠤᠤᠱᠠᠯᠠᠭᠤᠯᠤᠨ᠎ᠠ ᠃ ᠰᠢᠨ᠎ᠡ ᠵᠠᠭᠤᠴᠢᠯᠠᠭᠤᠷ ᠤ᠋ᠨ ᠲᠠᠪᠴᠠᠩ ᠤ᠋ᠨ ᠪᠡᠶ᠎ᠡ ᠪᠡᠨ ᠳᠠᠭᠠᠭᠠᠵᠤ ᠤᠬᠠᠭᠤᠯᠬᠤ ᠦᠢᠯᠡᠳᠦᠯ ᠢ᠋ ᠭᠦᠢᠴᠡᠳ ᠪᠠᠳᠠᠷᠠᠭᠤᠯᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠳ᠋ᠤ᠌ ᠨᠠᠮ ᠤ᠋ᠨ ᠲᠡᠦᠬᠡ ᠰᠤᠷᠤᠯᠴᠠᠬᠤ ᠬᠥᠮᠦᠵᠢᠯ ᠦ᠋ᠨ ᠥᠷᠨᠢᠯᠲᠡ ᠶ᠋ᠢ ᠭᠠᠷᠭᠠᠬᠤ ᠬᠡᠷᠡᠭᠲᠡᠢ ᠃ ᠨᠢᠭᠡᠳᠦᠯᠲᠡᠢ ᠲᠥᠯᠥᠪᠯᠡᠨ ᠨᠡᠢᠲᠡ ᠳ᠋ᠦ᠍ᠨᠢ ᠬᠠᠷᠠᠭᠠᠯᠵᠠᠵᠤ ᠂ ᠲᠡᠷᠢᠭᠦᠨ ᠦ᠌ ᠬᠢ ᠶ᠋ᠢ ᠡᠭᠦᠳᠦᠨ ᠰᠢᠯᠢᠳᠡᠭ ᠪᠣᠯᠬᠤ ᠪᠠᠷ ᠴᠢᠷᠮᠠᠢᠬᠤ ᠵᠣᠷᠢᠭ ᠰᠠᠨᠠᠭ᠎ᠠ ᠪᠠᠷ ᠡᠯ᠎ᠡ ᠵᠦᠢᠯ ᠦ᠋ᠨ ᠠᠵᠢᠯ ᠢ᠋ ᠲᠤᠤᠱᠯᠠᠭᠤᠯᠤᠨ ᠨᠠᠢᠳᠠᠪᠤᠷᠢᠵᠢᠭᠤᠯᠵᠤ ᠂ ᠦᠨᠡᠨᠬᠦ ᠨᠢᠭᠡᠳᠦᠯᠲᠡᠢ ᠲᠥᠯᠥᠪᠯᠡᠨ ᠨᠡᠢᠲᠡ ᠳ᠋ᠦ᠍ᠨᠢ ᠬᠠᠷᠠᠭᠠᠯᠵᠠᠬᠤ ᠂ ᠰᠤᠷᠤᠭᠰᠠᠨ ᠢ᠋ᠶ᠋ᠠᠨ ᠪᠣᠳᠠᠲᠠᠢ ᠪᠠᠷ ᠬᠡᠷᠡᠭᠯᠡᠵᠦ ᠂ ᠰᠤᠷᠤᠯᠴᠠᠯᠭ᠎ᠠ ᠪᠠᠷ ᠬᠢᠬᠦ ᠶ᠋ᠢ ᠠᠬᠢᠭᠤᠯᠬᠤ ᠬᠡᠷᠡᠭᠲᠡᠢ ᠃
ᠬᠤᠷᠠᠯ ᠳᠡᠭᠡᠷ᠎ᠡ ᠪᠦᠬᠦ ᠣᠷᠣᠨ ᠢ᠋ᠶ᠋ᠠᠷ ᠢ᠋ᠶ᠋ᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠡᠨ ᠬᠦ᠌ ᠰᠢ ᠵᠢᠨ ᠫᠢᠩ ᠶᠡᠷᠦᠩᠬᠡᠢ ᠱᠦᠵᠢ ᠰᠢ ᠵᠢᠨ ᠫᠢᠩ ᠦ᠋ᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠪᠠ ᠨᠠᠮ ᠤ᠋ᠨ ᠲᠥᠪ ᠬᠣᠷᠢᠶ᠎ᠠ ᠶ᠋ᠢᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠳᠡᠭᠡᠷ᠎ᠡ ᠨᠢᠭᠡᠳᠬᠡᠵᠦ ᠂ ᠠᠵᠤ ᠦᠢᠯᠡᠳᠪᠦᠷᠢ ᠤᠨ ᠵᠥᠷᠢᠴᠡᠯ ᠢ᠋ ᠵᠣᠬᠢᠰᠲᠠᠢ ᠰᠢᠢᠳᠪᠦᠷᠢᠯᠡᠵᠦ ᠂ ᠨᠠᠮ ᠤ᠋ᠨ ᠲᠡᠦᠬᠡ ᠰᠤᠷᠤᠯᠴᠠᠯᠭ᠎ᠠ ᠬᠥᠮᠦᠵᠢᠯ ᠦ᠋ᠨ ᠰᠢᠷᠢᠰ ᠠᠵᠢᠯᠯᠠᠭ᠎ᠠ ᠳ᠋ᠤ᠌ ᠢᠳᠡᠪᠬᠢᠲᠡᠢ ᠣᠷᠣᠯᠴᠠᠵᠤ ᠂ ᠨᠠᠮ ᠤ᠋ᠨ ᠲᠡᠦᠬᠡ ᠰᠤᠷᠤᠯᠴᠠᠯᠭ᠎ᠠ ᠬᠥᠮᠦᠵᠢᠯ ᠢ᠋ ᠯᠠᠪᠳᠠᠭᠤᠨ ᠪᠠᠲᠤᠲᠠᠢ ᠭᠦᠨᠵᠡᠭᠡᠢ ᠬᠢᠬᠦ ᠬᠡᠷᠡᠭᠲᠡᠢ ᠃ ᠨᠠᠮ ᠤ᠋ᠨ ᠲᠡᠦᠬᠡ ᠰᠤᠷᠤᠯᠴᠠᠬᠤ ᠰᠤᠷᠭᠠᠨ ᠬᠥᠮᠦᠵᠢᠯ ᠢ᠋ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠵᠡᠷᠭᠡ ᠡᠯ᠎ᠡ ᠲᠥᠷᠥᠯ ᠦ᠋ᠨ ᠠᠵᠢᠯ ᠲᠠᠢ ᠤᠶᠠᠯᠳᠤᠭᠤᠯᠵᠤ ᠂ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠡᠯ᠎ᠡ ᠲᠠᠯ᠎ᠠ ᠶ᠋ᠢᠨ ᠱᠠᠭᠠᠷᠳᠠᠯᠭ᠎ᠠ ᠶ᠋ᠢ ᠭᠦᠨᠵᠡᠭᠡᠢ ᠵᠠᠳᠠᠯᠤᠨ ᠰᠢᠨᠵᠢᠯᠡᠵᠦ ᠂ ᠰᠠᠢᠨ ᠰᠠᠢᠬᠠᠨ ᠬᠠᠤᠯᠢ ᠴᠠᠭᠠᠵᠠ ᠶ᠋ᠢᠨ ᠪᠦᠲᠦᠮᠵᠢ ᠪᠣᠯᠤᠨ ᠬᠠᠤᠯᠢ ᠴᠠᠭᠠᠵᠠ ᠪᠠᠷ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠦ᠋ᠨ ᠦᠷ᠎ᠡ ᠪᠦᠲᠦᠮᠵᠢ ᠶ᠋ᠢ ᠰᠢᠯᠭᠠᠨ᠎ᠠ᠃
ᠦᠨᠡᠯᠡᠬᠦ 0ᠦᠨᠡᠯᠡᠯᠲᠡ ᠲᠠᠢ