ᠰᠰᠡᠳᠬᠢᠯ ᠢ᠋ᠶ᠋ᠡᠨ ᠨᠢᠭᠡᠳᠬᠡᠵᠦ ᠬᠦᠴᠦ ᠪᠡᠨ ᠬᠠᠮᠲᠤᠳᠬᠠᠨ ᠨᠠᠮ ᠤ᠋ᠨ ᠲᠡᠦᠬᠡ ᠶ᠋ᠢ ᠰᠤᠷᠤᠯᠴᠠᠨ ᠨᠠᠮᠴᠢ ᠴᠢᠨᠠᠷ ᠢ᠋ᠶ᠋ᠠᠨ ᠳᠡᠭᠡᠭᠰᠢᠯᠡᠭᠦᠯᠬᠦ ᠬᠡᠷᠡᠭᠲᠡᠢ—ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠦᠬᠦ ᠺᠠᠲᠠᠷ ᠴᠠᠭᠳᠠᠭ᠎ᠠ ᠶ᠋ᠢ ᠵᠣᠬᠢᠶᠠᠨ ᠪᠠᠢᠭᠤᠯᠵᠤ ᠺᠢᠨᠣ᠋ ᠦᠵᠡᠯ᠎ᠡ
2021.04.07 ᠲᠣᠰ ᠥᠷᠲᠡᠭᠡᠨ ᠦ ᠨᠠᠢᠷᠠᠭᠤᠯᠤᠭᠴᠢ

     ᠰᠢ ᠵᠢᠨ ᠫᠢᠩ ᠶᠡᠷᠦᠩᠬᠡᠢ ᠱᠦᠵᠢ ᠶ᠋ᠢᠨ ᠨᠠᠮ ᠤ᠋ᠨ ᠲᠡᠦᠬᠡ ᠰᠤᠷᠤᠯᠴᠠᠯᠭ᠎ᠠ ᠬᠥᠮᠦᠵᠢᠯ ᠦ᠋ᠨ ᠳᠠᠢᠴᠢᠯᠠᠯᠲᠠ ᠶ᠋ᠢᠨ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶ᠋ᠢᠨ ᠲᠥᠯᠥᠭᠡ᠂ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢ ᠨᠠᠮ ᠤ᠋ᠨ ᠲᠡᠦᠬᠡ ᠰᠤᠷᠤᠯᠴᠠᠯᠭ᠎ᠠ ᠬᠥᠮᠦᠵᠢᠯ ᠲᠡᠢ ᠣᠷᠭᠠᠨᠢᠭ ᠢ᠋ᠶ᠋ᠠᠷ ᠤᠶᠠᠯᠳᠤᠭᠤᠯᠵᠤ ᠂ ᠣᠨᠣᠯ ᠤ᠋ᠨ ᠵᠡᠪᠰᠡᠭᠲᠦ ᠬᠦᠴᠦᠨ ᠢ᠋ ᠴᠢᠩᠭᠠᠳᠬᠠᠨ ᠦᠵᠡᠯ ᠰᠠᠨᠠᠭᠠᠨ ᠤ᠋ ᠳᠠᠢᠴᠢᠯᠠᠯᠲᠠ ᠶ᠋ᠢ ᠭᠦᠨᠵᠡᠭᠡᠢᠷᠡᠭᠦᠯᠵᠦ ᠂ ᠦᠨᠡᠨᠴᠢ ᠰᠢᠳᠤᠷᠭᠤ ᠠᠷᠢᠭᠤᠨ ᠴᠢᠬᠡᠴᠢ ᠨᠠᠢᠳᠠᠪᠤᠷᠢᠲᠠᠢ ᠦᠵᠡᠯ ᠰᠠᠨᠠᠭᠠᠨ ᠤ᠋ ᠰᠠᠭᠤᠷᠢ ᠶ᠋ᠢ ᠪᠠᠳᠤᠳᠬᠠᠬᠤ ᠬᠡᠷᠡᠭᠲᠡᠢ᠃ 3 ᠰᠠᠷ᠎ᠠ ᠶ᠋ᠢᠨ 14  ᠦ᠌ ᠦᠳᠡ ᠶ᠋ᠢᠨ ᠬᠣᠢᠨ᠎ᠠ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠦᠬᠦ ᠺᠠᠲᠠᠷ ᠴᠠᠭᠳᠠᠭ᠎ᠠ ᠶ᠋ᠢ ᠵᠣᠬᠢᠶᠠᠨ ᠪᠠᠢᠭᠤᠯᠵᠤ ᠂ 《 ᠨᠠᠮ ᠪᠠᠢᠭᠤᠯᠤᠭᠳᠠᠭᠰᠠᠨ ᠠᠭᠤᠤ ᠦᠢᠯᠡᠰ 》 ᠭᠡᠬᠦ ᠺᠢᠨᠣ᠋ ᠶ᠋ᠢ ᠰᠣᠨᠢᠷᠬᠠᠭᠤᠯᠪᠠ ᠃

 

 

     《 ᠨᠠᠮ ᠪᠠᠢᠭᠤᠯᠬᠤ ᠠᠭᠤᠤ ᠦᠢᠯᠡᠰ 》 ᠭᠡᠬᠦ ᠺᠢᠨᠣ᠋ ᠳ᠋ᠦ᠍ 1911 ᠣᠨ ᠤ᠋ ᠴᠠᠭᠠᠭᠴᠢᠨ ᠭᠠᠬᠠᠢ ᠵᠢᠯ ᠦ᠋ᠨ ᠬᠤᠪᠢᠰᠬᠠᠯ ᠠ᠋ᠴᠠ 1921 ᠣᠨ ᠪᠣᠯᠲᠠᠯᠠᠬᠢ ᠳᠤᠮᠳᠠᠳᠤ ᠤᠯᠤᠰ ᠤ᠋ᠨ ᠡᠪ ᠬᠠᠮᠲᠤ ᠨᠠᠮ ᠪᠠᠢᠭᠤᠯᠤᠭᠳᠠᠭᠰᠠᠨ ᠡᠨᠡ ᠬᠤᠭᠤᠴᠠᠭᠠᠨ ᠤ᠋ ᠳᠤᠮᠳᠠᠳᠤ ᠤᠯᠤᠰ ᠤ᠋ᠨ ᠲᠡᠦᠬᠡ ᠳᠡᠭᠡᠷ᠎ᠡ ᠦᠢ ᠣᠯᠠᠨ ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠤ᠋ᠨ ᠤᠯᠤᠰ ᠭᠡᠷ ᠦ᠋ᠨ ᠦᠨᠳᠦᠰᠦᠲᠡᠨ ᠦ᠌ ᠬᠤᠪᠢ ᠵᠠᠶᠠᠭᠠᠨ ᠤ᠋ ᠲᠥᠯᠥᠭᠡ ᠭᠠᠯ ᠲᠦᠢᠮᠡᠷ ᠲᠤᠭᠤᠯᠬᠤ ᠂ ᠬᠠᠲᠠᠭᠤᠵᠢᠯᠲᠠᠢ ᠲᠡᠮᠡᠴᠡᠬᠦ ᠶ᠋ᠢᠨ ᠭᠡᠷᠡᠯ ᠰᠠᠴᠤᠷᠠᠩᠭᠤᠢ ᠳᠦᠷᠢ ᠶ᠋ᠢ ᠪᠣᠢ ᠪᠣᠯᠭᠠᠭᠰᠠᠨ ᠪᠠᠢᠨ᠎ᠠ ᠃ ᠺᠢᠨᠣ᠋ ᠦᠵᠡᠬᠦ ᠪᠡᠷ ᠳᠠᠮᠵᠢᠨ ᠂ ᠣᠯᠠᠨ ᠳ᠋ᠤ᠌ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶ᠋ᠢ ᠪᠥᠬᠥ ᠲᠠᠯ᠎ᠠ ᠪᠠᠷ ᠭᠦᠨᠵᠡᠭᠡᠢ ᠣᠢᠯᠠᠭᠠᠭᠤᠯᠵᠤ ᠂ ᠨᠠᠮ ᠤ᠋ᠨ ᠲᠡᠦᠬᠡ ᠶ᠋ᠢ ᠳᠠᠬᠢᠨ ᠳᠠᠪᠲᠠᠨ ᠳᠤᠷᠠᠰᠤᠨ ᠰᠠᠨᠠᠭᠠᠯᠵᠠᠵᠤ ᠂ ᠬᠤᠪᠢᠰᠬᠠᠯᠲᠤ ᠤᠯᠠᠮᠵᠢᠯᠠᠯᠲᠤ ᠰᠤᠷᠭᠠᠨ ᠬᠥᠮᠦᠵᠢᠯ ᠪᠠ ᠡᠬᠡ ᠣᠷᠣᠨᠴᠢ ᠦᠵᠡᠯ ᠦ᠋ᠨ ᠬᠥᠮᠦᠵᠢᠯ ᠬᠦᠷᠲᠡᠪᠡ ᠃

     ᠺᠢᠨᠣ᠋ ᠲᠡᠭᠦᠰᠦᠭᠰᠡᠨ ᠦ᠌ ᠳᠠᠷᠠᠭ᠎ᠠ ᠂ ᠺᠠᠲᠠᠷ ᠴᠠᠭᠳᠠᠭ᠎ᠠ ᠨᠠᠷ ᠬᠠᠷᠢᠭᠤᠴᠠᠯᠭᠠᠲᠤ ᠰᠡᠳᠬᠢᠯᠭᠡ ᠂ ᠡᠭᠦᠷᠭᠡᠲᠦ ᠰᠡᠳᠬᠢᠯᠭᠡ ᠪᠡᠨ ᠴᠢᠩᠭ᠋ᠠᠳᠬᠠᠨ ᠂ ᠲᠡᠦᠬᠡ ᠶ᠋ᠢᠨ ᠣᠢᠯᠲᠠ ᠶ᠋ᠢ ᠨᠡᠮᠡᠭᠳᠡᠭᠦᠯᠦᠨ ᠂ ᠲᠡᠦᠬᠡ ᠶ᠋ᠢᠨ ᠢᠲᠡᠭᠡᠯ ᠢ᠋ᠶ᠋ᠡᠨ ᠨᠡᠮᠡᠭᠳᠡᠭᠦᠯᠵᠦ ᠂ ᠲᠡᠦᠬᠡ ᠶ᠋ᠢᠨ ᠡᠷᠬᠢᠮ ᠮᠣᠷᠠᠯ ᠰᠤᠷᠤᠯᠴᠠᠵᠤ ᠂ ᠲᠡᠦᠬᠡ ᠰᠤᠷᠤᠯᠴᠠᠨ ᠭᠦᠢᠴᠡᠳᠬᠡᠬᠦ ᠪᠠ ᠠᠷᠠᠳ ᠤ᠋ᠨ ᠲᠥᠯᠥᠭᠡ ᠬᠠᠤᠯᠢ ᠬᠡᠷᠡᠭᠵᠢᠭᠦᠯᠬᠦ ᠂ ᠲᠥᠪ ᠭᠣᠣᠯᠴᠢ ᠪᠠᠷ ᠬᠠᠤᠯᠢ ᠬᠡᠷᠡᠭᠵᠢᠭᠦᠯᠬᠦ ᠂ ᠡᠭᠦᠷᠭᠡ ᠲᠤᠰᠢᠶᠠᠯ ᠢ᠋ᠶ᠋ᠠᠨ ᠭᠦᠢᠴᠡᠳᠬᠡᠵᠦ ᠡᠭᠦᠷᠭᠡᠯᠡᠬᠦ ᠂ ᠶᠡᠬᠡ ᠲᠠᠯ᠎ᠠ ᠶ᠋ᠢ ᠤᠶᠠᠯᠳᠤᠭᠤᠯᠬᠤ ᠬᠡᠷᠡᠭᠲᠡᠢ ᠃ ᠰᠢᠨ᠎ᠡ ᠴᠠᠭ ᠦᠶ᠎ᠡ ᠶ᠋ᠢᠨ ᠠᠷᠠᠳ ᠤ᠋ᠨ ᠰᠢᠭᠦᠬᠦ ᠬᠣᠷᠢᠶᠠᠨ ᠤ᠋ ᠠᠵᠢᠯ ᠤ᠋ᠨ ᠥᠨᠳᠥᠷ ᠴᠢᠨᠰᠠᠭ᠎ᠠ ᠲᠠᠢ ᠬᠥᠭᠵᠢᠯᠲᠡ ᠳ᠋ᠦ᠍ ᠬᠤᠪᠢ ᠨᠡᠮᠡᠷᠢ ᠦᠵᠡᠭᠦᠯᠬᠦ ᠨᠢ ᠨᠠᠮ ᠪᠠᠢᠭᠤᠯᠤᠭᠳᠠᠭᠰᠠᠨ 100 ᠵᠢᠯ ᠦ᠋ᠨ ᠣᠢ ᠳ᠋ᠤ᠌ ᠪᠡᠯᠡᠭ ᠡᠷᠭᠦᠨ᠎ᠡ ᠭᠡᠵᠡᠢ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )