ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠡᠩᠨᠡᠭᠡ ᠶ᠋ᠢᠨ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠥᠨᠳᠥᠷ ᠦᠷ᠎ᠡ ᠪᠦᠲᠦᠮᠵᠢᠲᠡᠢ ᠶᠠᠪᠤᠭᠳᠠᠬᠤ ᠶ᠋ᠢ ᠠᠬᠢᠭᠤᠯᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠰᠠᠢᠨ ᠡᠬᠢᠯᠡᠯᠲᠡ ᠶ᠋ᠢ ᠦᠨᠡᠨᠬᠦ ᠪᠠᠲᠤᠯᠠᠬᠤ ᠶ᠋ᠢᠨ ᠲᠥᠯᠥᠭᠡ 3 ᠰᠠᠷ᠎ᠠ ᠶ᠋ᠢᠨ 12 ᠤ᠋ ᠡᠳᠦᠷ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠡᠩᠨᠡᠭᠡ ᠶ᠋ᠢᠨ ᠰᠤᠷᠭᠠᠨ ᠬᠥᠮᠦᠵᠢᠯ ᠢ᠋ ᠴᠡᠭᠴᠡᠯᠡᠬᠦ ᠠᠵᠢᠯ ᠤ᠋ᠨ ᠪᠣᠳᠠᠲᠠᠢ ᠪᠣᠯᠪᠠᠰᠣᠷᠠᠭᠤᠯᠤᠯ ᠢ᠋ ᠵᠣᠬᠢᠶᠠᠨ ᠪᠠᠢᠭᠤᠯᠤᠨ ᠥᠷᠨᠢᠭᠦᠯᠵᠡᠢ ᠃ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠰᠢᠭᠦᠬᠦ ᠬᠣᠷᠢᠶᠠᠨ ᠤ᠋ ᠳᠡᠳ᠋ ᠳᠠᠷᠤᠭ᠎ᠠ ᠯᠢ ᠵᠢᠩ ᠭᠦᠸᠧ ᠪᠥᠬᠥ ᠤᠯᠤᠰ ᠤ᠋ᠨ ᠠᠩᠬᠠᠳᠠᠭᠴᠢ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠬᠦ ᠲᠣᠳᠣᠷᠬᠠᠢ ᠲᠣᠭᠲᠠᠭᠠᠭᠰᠠᠨ 60 ᠵᠦᠢᠯ ᠦ᠋ᠨ ᠪᠣᠳᠠᠲᠠᠢ ᠡᠭᠦᠷᠭᠡ ᠂ 30 ᠵᠦᠢᠯ ᠦ᠋ᠨ ᠭᠣᠣᠯᠳᠠᠯᠭ᠎ᠠ ᠲᠠᠢ ᠠᠵᠢᠯ ᠨᠢ ᠰᠤᠷᠭᠠᠨ ᠬᠥᠮᠦᠵᠢᠯ ᠢ᠋ ᠴᠡᠭᠴᠡᠯᠡᠬᠦ ᠠᠵᠢᠯ ᠤ᠋ᠨ ᠶᠠᠪᠤᠴᠠ ᠵᠢᠴᠢ ᠭᠣᠣᠯᠳᠠᠯᠭ᠎ᠠ ᠲᠠᠢ ᠠᠵᠢᠯ ᠳ᠋ᠤ᠌ ᠲᠣᠬᠢᠷᠠᠭᠤᠯᠤᠯᠲᠠ ᠪᠠᠢᠷᠢᠯᠠᠭᠤᠯᠤᠯᠲᠠ ᠬᠢᠵᠡᠢ ᠃
ᠬᠤᠷᠠᠯ ᠠ᠋ᠴᠠ ᠵᠢᠭᠠᠵᠤ ᠭᠠᠷᠭᠠᠭᠰᠠᠨ ᠨᠢ ᠂ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠬᠠᠷᠠᠯᠲᠠ ᠪᠠᠨ ᠲᠣᠳᠣᠷᠬᠠᠢᠯᠠᠨ ᠂ ᠭᠣᠣᠯᠳᠠᠯᠭ᠎ᠠ ᠶ᠋ᠢ ᠠᠳᠬᠤᠵᠤ ᠂ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠶᠡᠷᠦᠩᠬᠡᠢ ᠱᠠᠭᠠᠷᠳᠠᠯᠭ᠎ᠠ ᠂ ᠬᠦᠷᠢᠶ᠎ᠡ ᠬᠡᠪᠴᠢᠶ᠎ᠡ ᠂ ᠡᠭᠦᠷᠭᠡ ᠶ᠋ᠢᠨ ᠬᠠᠷᠠᠯᠲᠠ ᠂ ᠴᠠᠭ ᠬᠤᠭᠤᠴᠠᠭᠠᠨ ᠤ᠋ ᠵᠠᠩᠭᠢᠯᠠᠭ᠎ᠠ ᠶ᠋ᠢᠨ ᠴᠡᠭ ᠢ᠋ᠶ᠋ᠡᠷ ᠴᠢᠩᠭ᠎ᠠ ᠪᠣᠳᠠᠲᠠᠢ ᠱᠠᠭᠠᠷᠳᠠᠯᠭ᠎ᠠ ᠶ᠋ᠢ ᠦᠨᠳᠦᠰᠦᠯᠡᠵᠦ ᠂ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠪᠦᠬᠦ ᠶᠠᠪᠤᠴᠠ ᠳ᠋ᠤ᠌ ᠲᠤᠤᠱᠯᠠᠭᠤᠯᠵᠤ ᠂ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡᠨ ᠦ᠌ ᠣᠷᠣᠰᠢᠵᠤ ᠪᠠᠢᠭ᠎ᠠ ᠤᠯᠤᠰ ᠲᠥᠷᠥ ᠶ᠋ᠢᠨ ᠦᠨᠡᠨᠴᠢ ᠪᠤᠰᠤ ᠂ ᠬᠠᠤᠯᠢ ᠬᠡᠷᠡᠭᠵᠢᠭᠦᠯᠬᠦ ᠳ᠋ᠡᠭᠡᠨ ᠲᠥᠪ ᠭᠣᠣᠯᠴᠢ ᠪᠤᠰᠤ ᠂ ᠬᠠᠤᠯᠢ ᠪᠠᠷᠢᠬᠤ ᠳ᠋ᠠᠭᠠᠨ ᠴᠢᠬᠡᠴᠢ ᠪᠤᠰᠤ ᠠᠰᠠᠭᠤᠳᠠᠯ ᠳᠤ ᠤᠯᠤᠰ ᠲᠥᠷᠥ ᠠᠮᠢ ᠠᠬᠤᠢ ᠵᠢ ᠤᠯᠠᠮ ᠨᠢᠭᠡ ᠠᠯᠬᠤᠮ ᠰᠢᠯᠢᠳᠡᠭᠵᠢᠭᠰᠡᠨ ᠂ ᠰᠠᠬᠢᠯᠭ᠎ᠠ ᠪᠠᠲᠤ ᠣᠪᠣᠷ ᠰᠤᠷᠲᠠᠯ ᠤᠯᠠᠮ ᠨᠢᠭᠡ ᠠᠯᠬᠤᠮ ᠰᠠᠢᠵᠢᠷᠠᠭᠰᠠᠨ ᠂ ᠬᠡᠪ ᠴᠢᠨᠠᠷ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠨ ᠂ ᠬᠠᠤᠯᠢ ᠬᠡᠷᠡᠭᠵᠢᠭᠦᠯᠵᠦ ᠬᠠᠤᠯᠢ ᠬᠡᠷᠡᠭᠵᠢᠭᠦᠯᠬᠦ ᠣᠯᠠᠨ ᠨᠡᠢᠲᠡ ᠶ᠋ᠢ ᠢᠲᠡᠭᠡᠭᠦᠯᠬᠦ ᠬᠦᠴᠦᠨ ᠤᠯᠠᠮ ᠨᠢᠭᠡ ᠠᠯᠬᠤᠮ ᠳᠡᠭᠡᠭᠰᠢᠯᠡᠪᠡ ᠃
ᠬᠤᠷᠠᠯ ᠠ᠋ᠴᠠ ᠴᠢᠬᠤᠯᠠᠴᠢᠯᠠᠭᠰᠠᠨ ᠨᠢ ᠂ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠰᠤᠷᠭᠠᠨ ᠬᠥᠮᠦᠵᠢᠯ ᠦ᠋ᠨ ᠴᠡᠭᠴᠡᠯᠡᠯᠲᠡ ᠪᠠ ᠰᠢᠭᠦᠬᠦ ᠬᠣᠷᠢᠶᠠᠨ ᠤ᠋ ᠠᠵᠢᠯ ᠢ᠋ ᠬᠠᠷᠢᠯᠴᠠᠨ ᠤᠶᠠᠯᠳᠤᠭᠤᠯᠵᠤ ᠂ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠡᠭᠦᠷᠭᠡ ᠶ᠋ᠢᠨ ᠨᠠᠷᠢᠨ ᠳᠠᠩᠰᠠ ᠪᠠ ᠠᠵᠢᠯ ᠤ᠋ᠨ ᠡᠬᠡ ᠳᠠᠩᠰᠠ ᠶ᠋ᠢ ᠪᠠᠢᠭᠤᠯᠵᠤ ᠂ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠵᠢᠯ ᠤ᠋ᠨ ᠬᠠᠷᠢᠭᠤᠴᠠᠯᠭ᠎ᠠ ᠶ᠋ᠢ ᠴᠢᠩᠭ᠎ᠠ ᠠᠳᠬᠤᠵᠤ ᠂ 《ᠭᠤᠷᠪᠠᠨ ᠵᠠᠩᠭᠢᠯᠠᠭ᠎ᠠ 》 ᠶ᠋ᠢ ᠥᠨᠳᠥᠷ ᠴᠢᠨᠠᠷ ᠴᠢᠨᠰᠠᠭ᠎ᠠ ᠪᠠᠷ 《ᠳᠥᠷᠪᠡᠨ ᠡᠭᠦᠷᠭᠡ 》 ᠶ᠋ᠢ ᠪᠡᠶᠡᠯᠡᠭᠦᠯᠵᠦ ᠂ ᠨᠡᠩ ᠴᠣᠭ ᠪᠠᠳᠠᠷᠠᠩᠭᠤᠢ ᠣᠶᠤᠨ ᠰᠠᠨᠠᠭᠠᠨ ᠤ᠋ ᠪᠠᠢᠳᠠᠯ ᠪᠠ ᠨᠡᠩ ᠯᠠᠪᠳᠠᠭᠤᠨ ᠪᠠᠲᠤᠲᠠᠢ ᠠᠵᠢᠯ ᠢ᠋ ᠪᠡᠶᠡᠯᠡᠭᠦᠯᠬᠦ ᠬᠡᠷᠡᠭᠲᠡᠢ ᠃
ᠦᠨᠡᠯᠡᠬᠦ 0ᠦᠨᠡᠯᠡᠯᠲᠡ᠎ᠲᠠᠢ