ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠬᠠᠤᠯᠢᠵᠢᠭᠰᠠᠨ ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠰᠠᠢᠵᠢᠷᠠᠭᠤᠯᠬᠤ ᠶ᠋ᠢ ᠠᠬᠢᠭᠤᠯᠬᠤ ᠬᠤᠷᠠᠯ ᠬᠤᠷᠠᠯᠳᠤᠪᠠ
2021.04.17 ᠲᠣᠰ ᠥᠷᠲᠡᠭᠡᠨ᠎ᠦ ᠨᠠᠢᠷᠠᠭᠤᠯᠤᠭᠴᠢ

 

     ᠱ᠋ᠢ ᠵᠢᠨ ᠫᠢᠩ ᠦ᠋ᠨ ᠬᠠᠤᠯᠢ ᠪᠠᠷ ᠵᠠᠰᠠᠬᠤ ᠦᠵᠡᠯ ᠰᠠᠨᠠᠭ᠎ᠠ ᠶ᠋ᠢ ᠭᠦᠨᠵᠡᠭᠡᠢ ᠲᠤᠤᠱᠯᠠᠭᠤᠯᠵᠤ᠂ ᠨᠠᠮ ᠤ᠋ᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ᠋ ᠬᠣᠶᠠᠳᠤᠭᠠᠷ ᠪᠥᠬᠥᠳᠡ ᠬᠤᠷᠠᠯ ᠂ ᠭᠤᠷᠪᠠᠳᠤᠭᠠᠷ ᠪᠥᠬᠥᠳᠡ ᠬᠤᠷᠠᠯ ᠂ ᠳᠥᠷᠪᠡᠳᠦᠭᠡᠷ ᠪᠥᠬᠥᠳᠡ ᠬᠤᠷᠠᠯ ᠂ ᠲᠠᠪᠤᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠶ᠋ᠢ ᠪᠦᠬᠦ ᠲᠠᠯ᠎ᠠ ᠪᠠᠷ ᠲᠤᠤᠱᠯᠠᠭᠤᠯᠤᠨ ᠨᠠᠮ ᠤ᠋ᠨ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠂ ᠬᠣᠲᠠ ᠶ᠋ᠢᠨ ᠨᠠᠮ ᠤ᠋ᠨ ᠬᠣᠷᠢᠶ᠎ᠠ ᠪᠣᠯᠤᠨ ᠳᠡᠭᠡᠳᠦ ᠱᠠᠲᠤᠨ ᠤ᠋ ᠰᠢᠭᠦᠬᠦ ᠬᠣᠷᠢᠶᠠᠨ ᠤ᠋ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠲᠤᠬᠠᠢ ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢ ᠨᠠᠷᠢᠨ ᠬᠢᠨᠠᠮᠠᠭᠠᠢ ᠲᠤᠤᠱᠯᠠᠭᠤᠯᠤᠨ ᠨᠠᠢᠳᠠᠪᠤᠷᠢᠵᠢᠭᠤᠯᠵᠤ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠬᠤᠳᠠᠯᠳᠤᠭ᠎ᠠ ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠠᠵᠢᠯᠯᠠᠭ᠎ᠠ ᠵᠢᠴᠢ ᠲᠣᠭᠣᠷᠢᠨ ᠪᠠᠢᠴᠠᠭᠠᠵᠤ ᠴᠡᠭᠴᠡᠯᠡᠨ ᠵᠠᠰᠠᠬᠤ ᠠᠵᠢᠯ ᠢ᠋ ᠨᠠᠷᠢᠨ ᠬᠢᠨᠠᠮᠠᠭᠠᠢ ᠵᠠᠳᠠᠯᠤᠨ ᠂ ᠣᠷᠣᠰᠢᠵᠤ ᠪᠠᠢᠭ᠎ᠠ ᠠᠰᠠᠭᠤᠳᠠᠯ ᠢ᠋ ᠨᠠᠷᠢᠨ ᠬᠢᠨᠠᠮᠠᠭᠠᠢ ᠵᠠᠳᠠᠯᠤᠨ ᠰᠢᠨᠵᠢᠯᠡᠭᠡᠳ ᠳᠠᠷᠠᠭᠠᠴᠢ ᠶ᠋ᠢᠨ ᠱᠠᠲᠤᠨ ᠤ᠋ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠰᠠᠢᠵᠢᠷᠠᠭᠤᠯᠬᠤ ᠡᠯ᠎ᠡ ᠵᠦᠢᠯ ᠦ᠋ᠨ ᠠᠵᠢᠯ ᠢ᠋ ᠲᠣᠬᠢᠷᠠᠭᠤᠯᠤᠨ ᠪᠠᠢᠷᠢᠯᠠᠭᠤᠯᠵᠤ ᠂ 4 ᠰᠠᠷ᠎ᠠ ᠶ᠋ᠢᠨ 15 ᠤ᠋ ᠡᠳᠦᠷ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠬᠠᠤᠯᠢᠵᠢᠭᠰᠠᠨ ᠬᠤᠳᠠᠯᠳᠤᠭ᠎ᠠ ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠴᠡᠭᠴᠡᠯᠡᠨ ᠰᠠᠢᠵᠢᠷᠠᠭᠤᠯᠤᠨ ᠰᠢᠯᠢᠳᠡᠭᠵᠢᠭᠦᠯᠬᠦ ᠶ᠋ᠢ ᠠᠬᠢᠭᠤᠯᠬᠤ ᠬᠤᠷᠠᠯ ᠢ᠋  ᠬᠤᠷᠠᠯᠳᠤᠭᠤᠯᠪᠠ ᠃ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠬᠤᠷᠠᠯ ᠳ᠋ᠤ᠌ ᠣᠷᠣᠯᠴᠠᠵᠤ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡ ᠶ᠋ᠢᠨ ᠰᠤᠷᠭᠠᠨ ᠬᠥᠮᠦᠵᠢᠯ ᠢ᠋ ᠴᠡᠭᠴᠡᠯᠡᠬᠦ ᠶᠢᠰᠦᠳᠦᠭᠡᠷ ᠵᠢᠭᠠᠨ ᠵᠢᠯᠣᠭᠣᠳᠬᠤ ᠳᠤᠭᠤᠢᠯᠠᠩ ᠤ᠋ᠨ ᠪᠦᠷᠢᠯᠳᠦᠬᠦᠨ ᠭᠡᠰᠢᠭᠦᠨ᠂ᠬᠣᠲᠠ ᠶ᠋ᠢᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ ᠂ ᠬᠣᠲᠠ ᠶ᠋ᠢᠨ ᠤᠯᠤᠰ ᠲᠥᠷᠥ ᠶ᠋ᠢᠨ ᠵᠥᠪᠯᠡᠯᠭᠡᠨ ᠦ᠌ ᠭᠡᠰᠢᠭᠦᠨ ᠤᠷᠢᠯᠭ᠎ᠠ ᠪᠠᠷ ᠬᠤᠷᠠᠯ ᠳ᠋ᠤ᠌ ᠣᠷᠣᠯᠴᠠᠪᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠳᠡᠳ᠋ ᠳᠠᠷᠤᠭ᠎ᠠ ᠯᠢ ᠵᠢᠩ ᠭᠦᠸᠧ ᠬᠤᠷᠠᠯ ᠡᠷᠬᠢᠯᠡᠪᠡ ᠃

 

 

     ᠬᠤᠷᠠᠯ ᠨᠢ ᠸᠢᠳᠢᠣ᠋ ᠶ᠋ᠢᠨ ᠬᠡᠯᠪᠡᠷᠢ ᠪᠡᠷ  ᠬᠤᠷᠠᠯᠳᠤᠵᠤ᠂ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠢ᠋ᠢᠨ ᠤᠳᠤᠷᠢᠳᠬᠤ ᠪᠠᠭ ᠤ᠋ᠨ ᠪᠦᠷᠢᠯᠳᠦᠬᠦᠨ ᠪᠠ ᠪᠦᠬᠦ ᠺᠠᠲ᠋ᠷ ᠴᠠᠭᠳᠠᠭ᠎ᠠ ᠨᠠᠷ ᠭᠣᠣᠯ ᠬᠤᠷᠠᠯ ᠤ᠋ᠨ ᠲᠠᠯᠠᠪᠠᠢ ᠳ᠋ᠤ᠌ ᠣᠷᠤᠯᠴᠠᠨ᠂ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ ᠪᠦᠷᠢᠯᠳᠦᠬᠦᠨ ᠪᠠ ᠪᠦᠬᠦ ᠺᠠᠲ᠋ᠷ ᠴᠠᠭᠳᠠᠭ᠎ᠠ ᠨᠠᠷ ᠬᠤᠪᠢᠶᠠᠷᠢ ᠬᠤᠷᠠᠯ ᠤ᠋ᠨ ᠲᠠᠯᠠᠪᠠᠢ ᠳ᠋ᠤ᠌ ᠬᠤᠷᠠᠯ ᠳ᠋ᠤ᠌ ᠣᠷᠣᠯᠴᠠᠵᠠᠢ ᠃
 

     ᠬᠤᠷᠠᠯ ᠳᠡᠭᠡᠷ᠎ᠡ ᠯᠢ ᠵᠢᠩ ᠭᠦᠸᠧ 《ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠠᠵᠤ ᠠᠬᠤᠢᠯᠠᠯ ᠳ᠋ᠤ᠌ ᠬᠣᠯᠪᠣᠭᠳᠠᠭᠰᠠᠨ ᠢᠷᠭᠡᠨ ᠦ᠌ ᠪᠠ ᠬᠤᠳᠠᠯᠳᠤᠭᠠᠨ ᠤ᠋ ᠬᠡᠷᠡᠭ ᠦ᠋ᠨ ᠰᠢᠭᠦᠨ ᠲᠠᠰᠤᠯᠤᠯᠲᠠ ᠬᠢᠵᠦ ᠭᠦᠢᠴᠡᠳᠬᠡᠬᠦ ᠲᠤᠬᠠᠢᠯᠠᠭᠰᠠᠨ ᠠᠵᠢᠯ ᠢ᠋ ᠬᠠᠤᠯᠢ ᠶᠣᠰᠣᠭᠠᠷ ᠵᠢᠷᠤᠮᠵᠢᠭᠤᠯᠬᠤ ᠲᠤᠬᠠᠢ ᠵᠢᠯᠣᠭᠣᠳᠬᠤ ᠰᠠᠨᠠᠯ (ᠲᠤᠷᠰᠢᠨ ᠬᠡᠷᠡᠭᠵᠢᠭᠦᠯᠬᠦ) 》᠂《 ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠰᠠᠢᠵᠢᠷᠠᠭᠤᠯᠬᠤ ᠳ᠋ᠤ᠌ ᠬᠠᠤᠯᠢ ᠵᠦᠢ ᠶ᠋ᠢᠨ ᠦᠢᠯᠡᠴᠢᠯᠡᠭᠡ ᠬᠠᠩᠭᠠᠬᠤ ᠪᠣᠯᠤᠨ 33 ᠠᠵᠢᠯ ᠢ᠋ ᠪᠠᠲᠤᠯᠠᠬᠤ ᠠᠷᠭ᠎ᠠ ᠬᠡᠮᠵᠢᠶ᠎ᠡ ᠶ᠋ᠢ (ᠲᠤᠷᠰᠢᠨ ᠬᠡᠷᠡᠭᠵᠢᠭᠦᠯᠬᠦ) 》 ᠶ᠋ᠢᠨ ᠭᠣᠣᠯ ᠠᠭᠤᠯᠭ᠎ᠠ  ᠵᠢ  ᠲᠠᠢᠯᠪᠤᠷᠢᠯᠠᠨ ᠶᠠᠷᠢᠭᠰᠠᠨ ᠪᠠᠢᠨ᠎ᠠ᠃
 

     ᠬᠤᠷᠠᠯ ᠠ᠋ᠴᠠ ᠵᠢᠭᠠᠵᠤ ᠭᠠᠷᠭᠠᠭᠰᠠᠨ ᠨᠢ

 

     ᠣᠢᠷ᠎ᠠ ᠶ᠋ᠢᠨ ᠵᠢᠯ ᠳ᠋ᠦ᠍ ᠪᠥᠬᠥ ᠬᠣᠲᠠ ᠶ᠋ᠢᠨ ᠰᠢᠭᠦᠬᠦ ᠬᠣᠷᠢᠶ᠎ᠠ ᠬᠠᠤᠯᠢᠵᠢᠭᠰᠠᠨ ᠬᠤᠳᠠᠯᠳᠤᠭᠠᠨ ᠤ᠋ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠠᠵᠢᠯ ᠤ᠋ᠨ ᠬᠠᠷᠠᠯᠲᠠ ᠡᠭᠦᠷᠭᠡ ᠶ᠋ᠢ ᠴᠢᠩᠭ᠎ᠠ ᠠᠩᠬᠠᠷᠴᠤ ᠬᠠᠷᠢᠭᠤ ᠲᠤᠰᠬᠠᠭᠰᠠᠨ ᠠᠰᠠᠭᠤᠳᠠᠯ ᠢ᠋ ᠴᠡᠭᠴᠡᠯᠡᠨ ᠰᠠᠢᠵᠢᠷᠠᠭᠤᠯᠬᠤ ᠶ᠋ᠢ ᠪᠦᠬᠦ ᠬᠦᠴᠦᠨ ᠢ᠋ᠶ᠋ᠡᠷ ᠲᠦᠯᠬᠢᠨ ᠠᠬᠢᠭᠤᠯᠵᠤ ᠨᠡᠯᠢᠶᠡᠳ ᠰᠠᠢᠨ ᠠᠵᠢᠯ ᠤ᠋ᠨ ᠦᠷ᠎ᠡ ᠪᠦᠲᠦᠮᠵᠢ ᠣᠯᠪᠠ ᠃ ᠭᠡᠪᠡᠴᠦ ᠣᠳᠣᠬᠠᠨ ᠳ᠋ᠤ᠌ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠬᠠᠤᠯᠢᠵᠢᠭᠰᠠᠨ ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠵᠢᠴᠢ ᠰᠢᠭᠦᠨ ᠲᠠᠰᠤᠯᠬᠤ ᠭᠦᠢᠴᠡᠳᠬᠡᠬᠦ ᠠᠵᠢᠯ ᠮᠥᠨ ᠬᠦᠨᠳᠦ ᠬᠡᠴᠡᠭᠦᠦ ᠪᠠᠢᠳᠠᠯ ᠳ᠋ᠤ᠌ ᠲᠤᠯᠭᠠᠷᠠᠵᠤ ᠪᠠᠢᠬᠤ ᠤᠴᠢᠷ ᠠ᠋ᠴᠠ ᠬᠦᠷᠦᠯᠴᠡᠬᠦ ᠦᠭᠡᠢ ᠲᠠᠯ᠎ᠠ ᠪᠠ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠨᠢ ᠤᠯᠤᠰ ᠲᠥᠷᠥ ᠶ᠋ᠢᠨ ᠵᠣᠭᠰᠣᠴᠠ ᠪᠠᠨ ᠦᠨᠡᠨ ᠬᠦ᠌ ᠳᠡᠭᠡᠭᠰᠢᠯᠡᠭᠦᠯᠵᠦ ᠂ ᠡᠯ᠎ᠡ ᠱᠠᠲᠤᠨ ᠤ᠋ ᠨᠠᠮ ᠤ᠋ᠨ ᠬᠣᠷᠢᠶ᠎ᠠ ᠂ ᠳᠡᠭᠡᠳᠦ ᠱᠠᠲᠤᠨ ᠤ᠋ ᠰᠢᠭᠦᠬᠦ ᠬᠣᠷᠢᠶᠠᠨ ᠤ᠋ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠲᠤᠬᠠᠢ ᠬᠠᠮᠢᠶ᠎ᠠ ᠪᠥᠬᠥᠢ ᠠᠵᠢᠯ ᠤ᠋ᠨ ᠪᠠᠢᠷᠢᠯᠠᠭᠤᠯᠤᠯᠲᠠ ᠶᠣᠰᠣᠭᠠᠷ ᠂ ᠳᠣᠪᠣᠢᠮ᠎ᠠ ᠠᠰᠠᠭᠤᠳᠠᠯ ᠢ᠋ ᠬᠦᠴᠦᠯᠡᠨ ᠰᠢᠢᠳᠪᠦᠷᠢᠯᠡᠵᠦ ᠤᠯᠠᠮ ᠨᠢᠭᠡ ᠠᠯᠬᠤᠮ ᠪᠦᠷᠢᠨᠰᠢᠭᠦᠯᠦᠨ ᠠᠵᠢᠯᠯᠠᠵᠤ ᠪᠣᠯᠤᠨ᠎ᠠ ᠃
 

     ᠬᠤᠷᠠᠯ ᠠ᠋ᠴᠠ ᠴᠢᠬᠤᠯᠠᠴᠢᠯᠠᠭᠰᠠᠨ ᠨᠢ

 

     ᠨᠢᠭᠡ ᠳ᠋ᠦ᠍᠂ ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠵᠦ ᠭᠣᠣᠯ ᠴᠣᠭᠴᠠ ᠶ᠋ᠢᠨ ᠬᠠᠷᠢᠭᠤᠴᠠᠯᠭ᠎ᠠ ᠶ᠋ᠢ ᠨᠠᠢᠳᠠᠪᠤᠷᠢᠵᠢᠭᠤᠯᠬᠤ ᠬᠡᠷᠡᠭᠲᠡᠢ ᠃ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠨᠢ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠂ ᠦᠢᠯᠡᠴᠢᠯᠡᠭᠡ ᠶ᠋ᠢ ᠬᠥᠭᠵᠢᠭᠦᠯᠦᠨ ᠮᠠᠨᠳᠤᠭᠤᠯᠬᠤ ᠭᠣᠣᠯ ᠴᠣᠭᠴᠠ ᠶ᠋ᠢᠨ ᠬᠠᠷᠢᠭᠤᠴᠠᠯᠭ᠎ᠠ ᠶ᠋ᠢ ᠰᠠᠨᠠᠭᠠᠴᠢᠯᠠᠭ᠎ᠠ ᠠ᠋ᠴᠠ ᠪᠠᠨ ᠡᠭᠦᠷᠭᠡᠯᠡᠵᠦ ᠂ ᠶᠡᠬᠡ ᠲᠠᠯ᠎ᠠ ᠶ᠋ᠢᠨ ᠤᠬᠠᠮᠰᠠᠷ ᠂ ᠦᠢᠯᠡᠴᠢᠯᠡᠭᠡᠨ ᠦ᠌ ᠤᠬᠠᠮᠰᠠᠷ ᠢ᠋ᠶ᠋ᠠᠨ ᠴᠢᠩᠭᠠᠳᠬᠠᠵᠤ ᠂ ᠰᠢᠭᠦᠨ ᠲᠠᠰᠤᠯᠤᠯᠲᠠ ᠶ᠋ᠢ ᠭᠦᠢᠴᠡᠳᠬᠡᠬᠦ ᠠᠵᠢᠯ ᠪᠣᠯᠤᠨ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠤ᠋ ᠪᠦᠲᠦᠭᠡᠨ ᠪᠠᠢᠭᠤᠯᠤᠯᠲᠠ ᠶ᠋ᠢᠨ ᠭᠦᠨᠵᠡᠭᠡᠢ ᠠᠭᠤᠰᠤᠯᠴᠠᠯ ᠢ᠋ ᠠᠬᠢᠭᠤᠯᠵᠠᠢ ᠃ ᠨᠠᠮ ᠤ᠋ᠨ ᠬᠣᠷᠢᠶ᠎ᠠ ᠶ᠋ᠢᠨ ᠤᠳᠤᠷᠢᠳᠤᠯᠭ᠎ᠠ ᠶ᠋ᠢ ᠴᠢᠩᠭ᠎ᠠ ᠲᠦᠰᠢᠭᠯᠡᠵᠦ ᠂ ᠬᠣᠯᠪᠣᠭᠳᠠᠯ ᠪᠦᠬᠦᠢ ᠵᠠᠰᠠᠭ ᠤ᠋ᠨ ᠣᠷᠳᠣᠨ ᠤ᠋ ᠰᠠᠯᠠᠭ᠎ᠠ ᠮᠥᠴᠢᠷ ᠲᠡᠢ ᠨᠡᠪᠲᠡᠷᠡᠯᠴᠡᠨ ᠣᠯᠤᠯᠴᠠᠵᠤ ᠰᠤᠳᠤᠯᠬᠤ ᠠᠵᠢᠯ ᠢ᠋ ᠴᠢᠩᠭᠠᠳᠬᠠᠵᠤ ᠂ ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠰᠢᠯᠢᠳᠡᠭᠵᠢᠭᠦᠯᠵᠦ ᠬᠠᠤᠯᠢ ᠳ᠋ᠤ᠌ ᠬᠣᠯᠪᠣᠭᠳᠠᠭᠰᠠᠨ ᠵᠦᠢᠯᠡᠰ ᠢ᠋ ᠪᠣᠳᠠᠲᠤ ᠦᠷ᠎ᠡ ᠪᠦᠲᠦᠮᠵᠢ ᠣᠯᠬᠤ ᠶ᠋ᠢ ᠪᠠᠲᠤᠯᠠᠬᠤ ᠬᠡᠷᠡᠭᠲᠡᠢ ᠃
 

     ᠬᠣᠶᠠᠷ ᠲᠤ᠌ ᠂ ᠡᠭᠦᠷᠭᠡ ᠶ᠋ᠢᠨ ᠭᠣᠣᠯ ᠱᠤᠭᠤᠮ ᠤ᠋ᠨ ᠲᠣᠭᠣᠷᠢᠨ ᠳ᠋ᠤ᠌ ᠂ ᠴᠢᠭ ᠦ᠋ᠨ ᠲᠠᠯ᠎ᠠ ᠪᠠᠷ ᠰᠢᠪᠲᠤᠯᠤᠯᠲᠠ ᠲᠠᠢ ᠪᠣᠯᠭᠠᠨ᠎ᠠ ᠃ ᠪᠥᠬᠥ ᠬᠣᠲᠠ ᠶ᠋ᠢᠨ ᠰᠢᠭᠦᠬᠦ ᠬᠣᠷᠢᠶ᠎ᠠ ᠬᠠᠣᠯᠢᠴᠢᠯᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠶᠠᠪᠤᠳᠠᠯ ᠢ᠋ ᠡᠨᠡ ᠵᠢᠯ ᠦ᠋ᠨ ᠠᠵᠢᠯ ᠤ᠋ᠨ ᠭᠣᠣᠯ ᠱᠤᠭᠤᠮ ᠪᠠ ᠭᠣᠣᠯᠳᠠᠯᠭ᠎ᠠ ᠲᠠᠢ ᠡᠭᠦᠷᠭᠡ ᠪᠣᠯᠭᠠᠵᠤ ᠂ ᠲᠣᠭᠲᠠᠭᠤᠨ ᠂ ᠡᠷᠬᠡ ᠲᠡᠭᠰᠢ ᠂ ᠢᠯᠡ ᠲᠣᠳᠣ ᠂ ᠤᠷᠢᠳᠴᠢᠯᠠᠨ ᠲᠥᠰᠦᠪᠯᠡᠵᠦ ᠪᠣᠯᠬᠤ ᠱᠠᠭᠠᠷᠳᠠᠯᠭ᠎ᠠ ᠶ᠋ᠢ 《 ᠬᠡᠷᠡᠭ ᠪᠣᠯᠭᠠᠨ ᠳᠠᠩᠰᠠᠯᠠᠬᠤ ᠂ ᠰᠢᠭᠦᠨ ᠲᠠᠰᠤᠯᠬᠤ ᠂ ᠭᠦᠢᠴᠡᠳᠬᠡᠬᠦ 》 ᠡᠯ᠎ᠡ ᠶᠠᠪᠤᠴᠠ ᠳ᠋ᠤ᠌ ᠲᠤᠤᠱᠯᠠᠭᠤᠯᠵᠤ ᠂ ᠬᠠᠤᠯᠢ ᠴᠠᠭᠠᠵᠠ ᠶ᠋ᠢᠨ ᠣᠢᠯᠠᠭᠠᠭᠳᠠᠬᠤᠨ ᠂ ᠳᠦᠷᠢᠮ ᠲᠣᠭᠲᠠᠴᠠ ᠂ ᠴᠢᠳᠠᠪᠤᠷᠢ ᠬᠡᠪ ᠴᠢᠨᠠᠷ ᠂ ᠬᠠᠤᠯᠢ ᠴᠠᠭᠠᠵᠠ ᠶ᠋ᠢᠨ ᠣᠪᠣᠷ ᠰᠤᠷᠲᠠᠯ ᠵᠡᠷᠭᠡ ᠲᠠᠯ᠎ᠠ ᠪᠠᠷ ᠬᠢ ᠬᠢᠨᠠᠨ ᠬᠠᠷᠭᠤᠭᠤᠯᠬᠤ ᠳᠤᠲᠠᠭᠳᠠᠯ ᠪᠠ ᠰᠢᠨᠡᠳᠬᠡᠵᠦ ᠬᠠᠮᠢᠶᠠᠷᠬᠤ ᠬᠡᠪ ᠪᠠᠷᠢᠮᠵᠢᠶ᠎ᠠ ᠶ᠋ᠢ ᠬᠢᠨᠠᠮᠠᠭᠠᠢ ᠪᠠᠢᠴᠠᠭᠠᠨ ᠤᠯᠬᠤ ᠬᠡᠷᠡᠭᠲᠡᠢ᠃
 

     ᠭᠤᠷᠪᠠ ᠳ᠋ᠤ᠌ ᠂ ᠠᠰᠠᠭᠤᠳᠠᠯ ᠢ᠋ᠶ᠋ᠠᠷ ᠤᠳᠤᠷᠢᠳᠤᠮᠵᠢ ᠪᠣᠯᠭᠠᠬᠤ ᠶ᠋ᠢ ᠪᠠᠷᠢᠮᠲᠠᠯᠠᠵᠤ ᠂ ᠶᠠᠰᠤ ᠴᠢᠨᠠᠷ ᠦᠷ᠎ᠡ ᠠᠰᠢᠭ ᠢ᠋ ᠳᠡᠭᠡᠭᠰᠢᠯᠡᠭᠦᠯᠦᠨ᠎ᠡ ᠃ ᠪᠥᠬᠥ ᠬᠣᠲᠠ ᠶ᠋ᠢᠨ ᠰᠢᠭᠦᠬᠦ ᠬᠣᠷᠢᠶ᠎ᠠ 《ᠳᠠᠷᠤᠭᠠᠰᠤ ᠶ᠋ᠢ ᠪᠠᠭᠠᠰᠬᠠᠬᠤ》 ᠪᠠᠷ ᠬᠠᠷᠠᠯᠲᠠ ᠪᠣᠯᠭᠠᠨ 《 ᠨᠢᠭᠡ ᠬᠡᠷᠡᠭ ᠲᠦ᠍ ᠨᠢᠭᠡ ᠠᠷᠭ᠎ᠠ ᠪᠣᠳᠣᠯᠭ᠎ᠠ ᠲᠣᠭᠲᠠᠭᠠᠬᠤ ᠂ ᠨᠢᠭᠡ ᠶᠠᠪᠤᠳᠠᠯ ᠳ᠋ᠤ᠌ ᠨᠢᠭᠡ ᠰᠡᠷᠡᠮᠵᠢᠯᠡᠭᠦᠯᠬᠦ 》 ᠠᠵᠢᠯ ᠤ᠋ᠨ ᠬᠡᠯᠪᠡᠷᠢ ᠶ᠋ᠢ ᠪᠠᠢᠭᠤᠯᠵᠤ ᠂ ᠠᠵᠢᠯ ᠤ᠋ᠨ ᠬᠠᠷᠢᠭᠤᠴᠠᠯᠭ᠎ᠠ ᠶ᠋ᠢ ᠴᠢᠩᠭ᠎ᠠ ᠪᠣᠳᠠᠲᠠᠢ ᠪᠣᠯᠭᠠᠨ ᠬᠡᠷᠡᠭ ᠢ᠋ ᠰᠢᠢᠳᠪᠦᠷᠢᠯᠡᠬᠦ ᠴᠠᠭ ᠬᠤᠭᠤᠴᠠᠭ᠎ᠠ ᠶ᠋ᠢ ᠴᠢᠩᠭ᠎ᠠ ᠪᠠᠢᠯᠭᠠᠵᠤ ᠂ ᠬᠠᠤᠯᠢ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠢ᠋ ᠨᠢᠭᠡ ᠳᠣᠣᠷ᠎ᠠ ᠰᠢᠢᠳᠪᠦᠷᠢᠯᠡᠬᠦ ᠪᠠ 《ᠡᠨᠳᠡᠭᠦᠦ ᠪᠤᠷᠤᠭᠤ ᠪᠠᠢᠪᠠᠯ ᠵᠠᠪᠠᠯ ᠵᠠᠯᠠᠷᠠᠭᠤᠯᠵᠤ ᠂ ᠬᠠᠷᠢᠭᠤᠴᠠᠯᠭ᠎ᠠ ᠪᠠᠢᠪᠠᠯ ᠵᠠᠪᠠᠯ ᠠᠰᠠᠭᠤᠬᠤ》 ᠶ᠋ᠢ ᠡᠷᠡᠰ ᠪᠡᠶᠡᠯᠡᠭᠦᠯᠦᠨ᠎ᠡ ᠃ ᠭᠣᠮᠣᠳᠠᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ᠋ ᠰᠠᠭᠠᠳ ᠦᠭᠡᠢ ᠨᠡᠪᠲᠡᠷᠡᠭᠦᠯᠬᠦ ᠪᠠ ᠵᠢᠷᠤᠮᠵᠢᠭᠤᠯᠵᠤ ᠵᠠᠬᠢᠳᠠᠯ ᠰᠤᠷᠪᠤᠯᠵᠢᠯᠠᠯ ᠤ᠋ᠨ ᠵᠦᠢᠯᠡᠰ ᠢ᠋ ᠭᠦᠢᠴᠡᠳᠬᠡᠬᠦ ᠴᠤᠪᠤᠷᠠᠯ ᠢ᠋ ᠲᠡᠭᠦᠯᠳᠡᠷᠵᠢᠭᠦᠯᠦᠨ ᠂ ᠭᠦᠢᠴᠡᠳᠬᠡᠬᠦ ᠴᠠᠭ ᠬᠤᠭᠤᠴᠠᠭ᠎ᠠ ᠶ᠋ᠢ ᠪᠣᠭᠣᠨᠢᠰᠭᠠᠨ ᠠᠵᠤ ᠠᠬᠤᠢᠯᠠᠯ ᠤ᠋ᠨ ᠬᠦᠰᠡᠯ ᠱᠠᠭᠠᠷᠳᠠᠯᠭ᠎ᠠ ᠳ᠋ᠤ᠌ ᠴᠠᠭ ᠲᠤᠬᠠᠢ ᠳ᠋ᠤᠨᠢ ᠬᠠᠷᠢᠭᠤ ᠥᠭᠬᠦ ᠬᠡᠷᠡᠭᠲᠡᠢ ᠃
 

     ᠳᠥᠷᠪᠡ ᠳ᠋ᠦ᠍᠂ ᠪᠠᠢᠭᠤᠯᠤᠯ ᠲᠣᠭᠲᠠᠴᠠ ᠶ᠋ᠢ ᠰᠢᠯᠢᠳᠡᠭᠵᠢᠭᠦᠯᠵᠦ ᠠᠵᠢᠯ ᠤ᠋ᠨ ᠨᠡᠢᠯᠡᠮᠡᠯ ᠬᠦᠴᠦᠨ ᠢ᠋ ᠬᠥᠭᠵᠢᠭᠡᠬᠦ ᠬᠡᠷᠡᠭᠲᠡᠢ ᠃ 《ᠰᠦᠯᠵᠢᠶᠡᠨ ᠳᠡᠭᠡᠷ᠎ᠡ +ᠰᠦᠯᠵᠢᠶᠡᠨ ᠳᠣᠣᠷ᠎ᠠ 》 ᠭᠡᠬᠦ ᠵᠠᠷᠭᠤ ᠶ᠋ᠢᠨ ᠦᠢᠯᠡᠴᠢᠯᠡᠭᠡᠨ ᠦ᠌ ᠬᠡᠯᠪᠡᠷᠢ ᠶ᠋ᠢ ᠢᠳᠡᠪᠬᠢᠲᠡᠢ ᠬᠡᠷᠡᠭᠯᠡᠨ ᠂ 《ᠰᠠᠯᠭᠠᠵᠤ ᠭᠠᠷᠭᠠᠬᠤ ᠂ ᠡᠶᠡᠳᠡᠭᠦᠯᠬᠦ ᠂ ᠲᠦᠷᠭᠡᠨ ᠰᠢᠭᠦᠨ ᠲᠠᠰᠤᠯᠬᠤ ᠂ ᠲᠦᠷᠭᠡᠨ ᠰᠢᠭᠦᠯᠲᠡ》 ᠶ᠋ᠢᠨ ᠲᠣᠭᠲᠠᠴᠠ ᠶ᠋ᠢᠨ ᠥᠭᠡᠷᠡᠴᠢᠯᠡᠯᠲᠡ ᠶ᠋ᠢ ᠭᠦᠨᠵᠡᠭᠡᠢ ᠲᠦᠯᠬᠢᠨ ᠠᠬᠢᠭᠤᠯᠵᠤ ᠂ ᠬᠢᠨᠠᠨ ᠲᠣᠭᠲᠠᠭᠠᠯᠲᠠ ᠬᠢᠵᠦ ᠦᠨᠡᠯᠡᠨ ᠵᠢᠱ᠌ᠢᠬᠦ ᠂ ᠳᠠᠮᠫᠤᠷᠠᠯ ᠤ᠋ᠨ ᠰᠢᠭᠦᠨ ᠲᠠᠰᠤᠯᠤᠯᠲᠠ ᠶ᠋ᠢᠨ ᠳᠦᠷᠢᠮ ᠂ ᠳᠠᠮᠫᠤᠷᠠᠯ ᠤ᠋ᠨ ᠬᠠᠮᠢᠶᠠᠷᠤᠭᠴᠢᠳ ᠤ᠋ᠨ ᠬᠣᠯᠪᠣᠭᠳᠠᠯ ᠪᠦᠬᠦᠢ ᠠᠵᠢᠯ ᠤ᠋ᠨ ᠲᠣᠭᠲᠠᠴᠠ ᠶ᠋ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ ᠃ ᠰᠢᠭᠦᠨ ᠲᠠᠰᠤᠯᠤᠯᠲᠠ ᠳ᠋ᠤ᠌ ᠬᠢᠨᠠᠯᠲᠠ ᠲᠠᠯᠪᠢᠵᠤ ᠬᠠᠮᠢᠶᠠᠷᠬᠤ ᠶ᠋ᠢ ᠴᠢᠩᠭᠠᠳᠬᠠᠵᠤ ᠂ ᠰᠢᠭᠦᠨ ᠲᠠᠰᠤᠯᠬᠤ ᠭᠦᠢᠴᠡᠳᠬᠡᠬᠦ ᠡᠯ᠎ᠡ ᠶᠠᠪᠤᠴᠠ ᠶ᠋ᠢ ᠪᠠᠭᠠᠰᠬᠠᠵᠤ ᠂ ᠬᠡᠷᠡᠭ ᠪᠣᠯᠭᠠᠨ ᠳᠠᠩᠰᠠᠯᠠᠬᠤ ᠂ ᠰᠢᠭᠦᠨ ᠲᠠᠰᠤᠯᠬᠤ ᠂ ᠬᠡᠷᠡᠭ ᠢ᠋ ᠰᠢᠯᠵᠢᠭᠦᠯᠦᠨ ᠬᠦᠷᠭᠡᠬᠦ ᠂ ᠭᠦᠢᠴᠡᠳᠬᠡᠬᠦ ᠵᠡᠷᠭᠡ ᠴᠠᠭ ᠢ᠋ᠶ᠋ᠠᠨ ᠤᠯᠠᠮ ᠨᠢᠭᠡ ᠠᠯᠬᠤᠮ  ᠳᠡᠭᠡᠭᠰᠢᠯᠡᠭᠦᠯᠬᠦ ᠬᠡᠷᠡᠭᠲᠡᠢ ᠃
 

     ᠲᠠᠪᠤ ᠳ᠋ᠤ᠌ ᠂ ᠡᠩᠨᠡᠭᠡᠨ ᠦ᠌ ᠪᠠᠢᠭᠤᠯᠤᠯᠲᠠ ᠶ᠋ᠢ ᠴᠢᠩᠭ᠋ᠠᠳᠬᠠᠵᠤ ᠂ ᠰᠢᠭᠦᠬᠦ ᠬᠣᠷᠢᠶᠠᠨ ᠤ᠋ ᠳᠦᠷᠢ ᠲᠦᠷᠬᠦ ᠶ᠋ᠢ ᠳᠡᠭᠡᠭᠰᠢᠯᠡᠭᠦᠯᠦᠨ᠎ᠡ ᠃ ᠲᠤᠰᠬᠠᠢᠵᠢᠭᠰᠠᠨ ᠴᠢᠳᠠᠪᠤᠷᠢᠲᠠᠨ ᠤ᠋ ᠡᠩᠨᠡᠭᠡᠨ ᠦ᠌ ᠪᠠᠢᠭᠤᠯᠤᠯᠲᠠ ᠶ᠋ᠢ ᠴᠢᠩᠭᠠᠳᠬᠠᠵᠤ ᠂ ᠲᠤᠰᠬᠠᠢ ᠮᠡᠷᠭᠡᠵᠢᠯ ᠦ᠋ᠨ ᠬᠡᠯᠪᠡᠷᠢ ᠶ᠋ᠢᠨ ᠬᠠᠤᠯᠢ ᠶ᠋ᠢᠨ ᠲᠤᠰᠢᠶᠠᠯᠲᠠᠨ ᠢ᠋ ᠬᠥᠮᠦᠵᠢᠭᠦᠯᠬᠦ ᠡᠷᠴᠢᠮ ᠢ᠋ ᠴᠢᠩᠭᠠᠷᠠᠭᠤᠯᠵᠤ ᠂ ᠺᠠᠲ᠋ᠷ ᠴᠠᠭᠳᠠᠭᠠᠨ ᠤ᠋ ᠬᠠᠤᠯᠢ ᠴᠠᠭᠠᠵᠠ ᠶ᠋ᠢᠨ ᠠᠷᠠᠳ ᠤ᠋ᠨ ᠲᠥᠯᠥᠭᠡ ᠠᠵᠢᠯᠯᠠᠬᠤ ᠤᠬᠠᠮᠰᠠᠷ ᠪᠠ ᠲᠤᠬᠠᠢᠯᠠᠭᠰᠠᠨ ᠠᠵᠢᠯ ᠤ᠋ᠨ ᠴᠢᠳᠠᠪᠤᠷᠢ ᠶ᠋ᠢᠨ ᠬᠢᠷᠢ ᠲᠦᠪᠰᠢᠨ ᠢ᠋ ᠬᠦᠴᠦᠯᠡᠨ ᠳᠡᠭᠡᠭᠰᠢᠯᠡᠭᠦᠯᠦᠨ᠎ᠡ ᠃ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡ ᠶ᠋ᠢᠨ ᠰᠤᠷᠭᠠᠨ ᠬᠥᠮᠦᠵᠢᠯ ᠦ᠋ᠨ ᠴᠡᠭᠴᠡᠯᠡᠯᠲᠡ ᠪᠡᠷ ᠲᠣᠬᠢᠶᠠᠯ ᠪᠣᠯᠭᠠᠨ ᠠᠵᠢᠯ ᠤ᠋ᠨ ᠣᠪᠣᠷ ᠰᠤᠷᠲᠠᠯ ᠢ᠋ᠶ᠋ᠠᠨ ᠪᠥᠬᠥ ᠲᠠᠯ᠎ᠠ ᠪᠠᠷ ᠬᠤᠪᠢᠷᠠᠭᠤᠯᠵᠤ ᠡᠵᠡᠩᠨᠡᠯᠲᠡ ᠶ᠋ᠢᠨ ᠣᠷᠴᠢᠨ ᠲᠣᠭᠣᠷᠢᠨ ᠤ᠋ ᠪᠦᠲᠦᠭᠡᠨ ᠪᠠᠢᠭᠤᠯᠤᠯᠲᠠ ᠳ᠋ᠤ᠌ ᠬᠠᠷᠢᠭᠤᠴᠠᠯᠭ᠎ᠠ ᠡᠭᠦᠷᠭᠡᠯᠡᠬᠦ ᠥᠬᠡᠢ ᠠᠰᠠᠭᠤᠳᠠᠯ ᠢ᠋ ᠨᠡᠬᠡᠮᠵᠢᠯᠡᠬᠦ ᠥᠬᠡᠢ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢ᠋ᠶ᠋ᠡᠨ ᠦᠷᠭᠦᠯᠵᠢᠯᠡᠨ ᠪᠠᠷᠢᠮᠲᠠᠯᠠᠵᠤ ᠲᠥᠪ ᠰᠤᠷᠲᠠᠯ ᠢ᠋ ᠡᠷᠬᠢᠮᠯᠡᠨ ᠲᠥᠪ ᠴᠢᠭᠴᠢ ᠲᠥᠪ ᠰᠤᠷᠲᠠᠯ ᠲᠠᠢ ᠤᠯᠤᠰ ᠲᠥᠷᠥ ᠶ᠋ᠢᠨ ᠠᠮᠢ ᠠᠬᠤᠢ ᠶ᠋ᠢ ᠬᠦᠴᠦᠯᠡᠨ ᠪᠦᠷᠢᠯᠳᠦᠭᠦᠯᠦᠨ᠎ᠡ᠃

 

     ᠬᠤᠷᠠᠯ ᠠ᠋ᠴᠠ ᠱᠠᠭᠠᠷᠳᠠᠭᠰᠠᠨ ᠨᠢ

 

     ᠪᠥᠬᠥ ᠬᠣᠲᠠ ᠶ᠋ᠢᠨ ᠰᠢᠭᠦᠬᠦ ᠬᠣᠷᠢᠶ᠎ᠠ ᠶᠡᠷᠦᠩᠬᠡᠢ ᠱᠦᠵᠢ ᠱᠢ ᠵᠢᠨ ᠫᠢᠩ ᠦ᠋ᠨ 《ᠬᠠᠤᠯᠢ ᠪᠠᠷ ᠵᠠᠰᠠᠬᠤ ᠪᠣᠯ ᠬᠠᠮᠤᠭ ᠰᠠᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ》 ᠤ᠋ᠨ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠦᠷᠭᠦᠯᠵᠢᠯᠡᠨ ᠭᠦᠨᠵᠡᠭᠡᠢ ᠦᠢᠯᠡᠳᠦᠯᠭᠡᠵᠢᠭᠦᠯᠵᠦ ᠂ ᠰᠢᠭᠦᠬᠦ ᠬᠣᠷᠢᠶᠠᠨ ᠤ᠋ ᠠᠵᠢᠯ ᠢ᠋ ᠪᠥᠬᠥ ᠬᠣᠲᠠ ᠶ᠋ᠢᠨ ᠠᠵᠤ ᠠᠬᠤᠢ ᠶ᠋ᠢᠨ ᠬᠥᠭᠵᠢᠯᠲᠡ ᠶ᠋ᠢᠨ ᠶᠡᠬᠡ ᠲᠠᠯ᠎ᠠ ᠳ᠋ᠤ᠌ ᠠᠭᠤᠰᠤᠯᠴᠠᠭᠤᠯᠤᠨ ᠂ ᠦᠵᠡᠯ ᠰᠠᠨᠠᠭᠠᠨ ᠤ᠋ ᠣᠢᠯᠠᠭᠠᠭᠳᠠᠬᠤᠨ ᠢ᠋ᠶ᠋ᠠᠨ ᠰᠢᠨᠡᠳᠬᠡᠵᠦ ᠂ ᠰᠢᠭᠦᠨ ᠲᠠᠰᠤᠯᠬᠤ ᠡᠭᠦᠷᠭᠡ ᠴᠢᠳᠠᠪᠬᠢ ᠪᠠᠨ ᠴᠢᠩᠭᠠᠷᠠᠭᠤᠯᠵᠤ ᠂ ᠦᠢᠯᠡᠴᠢᠯᠡᠭᠡᠨ ᠦ᠌ ᠠᠷᠭ᠎ᠠ ᠬᠡᠮᠵᠢᠶ᠎ᠡ ᠪᠡᠨ ᠰᠢᠨᠡᠴᠢᠯᠡᠵᠦ ᠂ ᠬᠠᠤᠯᠢ ᠴᠠᠭᠠᠵᠠ ᠶ᠋ᠢᠨ ᠴᠢᠳᠠᠪᠬᠢ ᠪᠠᠨ ᠥᠷᠭᠡᠳᠬᠡᠬᠦ ᠲᠠᠯ᠎ᠠ ᠪᠠᠷ ᠣᠯᠠᠨ ᠬᠦᠴᠦ ᠵᠠᠷᠤᠴᠠᠭᠤᠯᠤᠨ ᠠᠷᠠᠯᠵᠢᠶ᠎ᠠ ᠬᠤᠳᠠᠯᠳᠤᠭᠠᠨ ᠤ᠋ ᠣᠷᠴᠢᠨ ᠲᠣᠭᠣᠷᠢᠨ ᠢ᠋ ᠰᠢᠯᠢᠳᠡᠭᠵᠢᠭᠦᠯᠦᠨ ᠬᠥᠭᠵᠢᠭᠦᠯᠦᠨ᠎ᠡ ᠃
 

 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )