ᠵᠢᠶᠠ ᠵᠢᠩ ᠪᠦᠸᠧ ᠵᠡᠷᠭᠡ  ᠬᠥᠮᠦᠰ ᠤ᠋ᠨ ᠬᠠᠷ᠎ᠠ ᠪᠦᠯᠦᠭ ᠲᠡᠢ ᠬᠣᠯᠪᠣᠭᠳᠠᠭᠰᠠᠨ ᠬᠡᠷᠡᠭ ᠢ᠋ ᠰᠢᠭᠦᠬᠦ ᠪᠦᠯᠬᠦᠮ ᠂ ᠡᠷᠡᠭᠦᠦ ᠶ᠋ᠢᠨ ᠨᠢᠭᠡᠳᠦᠭᠡᠷ ᠲᠢᠩᠬᠢᠮ ᠦ᠋ᠨ ᠳᠠᠷᠤᠭ᠎ᠠ ᠴᠢᠶᠣᠤ ᠰᠧ ᠾᠧᠦ ᠣᠷᠣᠨ ᠤ᠋ ᠬᠠᠷ᠎ᠠ ᠪᠦᠯᠦᠭᠲᠡᠨ ᠬᠠᠷᠭᠢᠰ ᠬᠦᠴᠦᠨ ᠢ᠋ ᠠᠷᠢᠯᠭᠠᠬᠤ ᠲᠡᠷᠢᠭᠦᠨ ᠤ᠋ ᠨᠢᠭᠡᠴᠡ ᠪᠠ  ᠲᠡᠷᠢᠭᠦᠨ ᠤ᠋ ᠬᠤᠪᠢ ᠬᠥᠮᠦᠨ ᠢ᠋ᠢᠠᠷ ᠦᠨᠡᠯᠡᠭᠳᠡᠪᠡ
2021.04.17 ᠲᠣᠰ ᠥᠷᠲᠡᠭᠡᠨ᠎ᠦ ᠨᠠᠢᠷᠠᠭᠤᠯᠤᠭᠴᠢ


 ᠵᠢᠶᠠ ᠵᠢᠩ ᠪᠦᠸᠧ ᠵᠡᠷᠭᠡ ᠬᠥᠮᠦᠰ ᠤ᠋ᠨ ᠬᠠᠷ᠎ᠠ ᠪᠦᠯᠦᠭᠲᠡᠨ ᠳ᠋ᠦ᠍ ᠬᠣᠯᠪᠣᠭᠳᠠᠬᠤ ᠬᠡᠷᠡᠭ ᠢ᠋ ᠰᠢᠭᠦᠬᠦ ᠪᠦᠯᠬᠦᠮ

 


 

    ᠵᠢᠶᠠ ᠵᠢᠩ ᠪᠦᠸᠧ ᠵᠡᠷᠭᠡ 61 ᠬᠥᠮᠦᠰ ᠤ᠋ᠨ ᠬᠠᠷ᠎ᠠ ᠪᠦᠯᠦᠭᠲᠡᠨ ᠳ᠋ᠦ᠍ ᠬᠣᠯᠪᠣᠭᠳᠠᠭᠰᠠᠨ ᠬᠡᠷᠡᠭ ᠢ᠋ ᠥᠪᠡᠷᠲᠡᠭᠡᠨ ᠵᠠᠰᠠᠬᠤ ᠣᠷᠣᠨ ᠤ᠋ ᠳᠡᠭᠡᠳᠦ ᠵᠡᠷᠭᠡ ᠶ᠋ᠢᠨ ᠰᠢᠭᠦᠬᠦ ᠬᠣᠷᠢᠶ᠎ᠠ ᠠ᠋ᠴᠠ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ  ᠳ᠋ᠤ ᠰᠢᠯᠵᠢᠭᠦᠯᠦᠨ ᠰᠢᠭᠦᠬᠦ ᠪᠡᠷ  ᠲᠣᠭᠲᠠᠭᠰᠠᠨ ᠪᠠᠢᠨ᠎ᠠ᠃ ᠥᠪᠡᠷᠲᠡᠭᠡᠨ ᠵᠠᠰᠠᠬᠤ ᠣᠷᠣᠨ ᠤ᠋ ᠬᠠᠷ᠎ᠠ ᠪᠦᠯᠦᠭᠲᠡᠨ ᠢ᠋ ᠱᠦᠭᠦᠷᠳᠡᠨ ᠠᠷᠢᠯᠭᠠᠬᠤ ᠠᠯᠪᠠᠨ ᠭᠡᠷ ᠦ᠋ᠨ ᠭᠣᠣᠯᠳᠠᠯᠭ᠎ᠠ ᠲᠠᠢ ᠬᠡᠷᠡᠭ ᠲᠦ᠍ ᠬᠣᠯᠪᠣᠭᠳᠠᠭᠰᠠᠨ ᠬᠥᠮᠦᠨ ᠦ᠌ ᠲᠣᠭ᠎ᠠ ᠣᠯᠠᠨ ᠂ ᠨᠡᠢᠭᠡᠮ ᠦ᠋ᠨ ᠨᠥᠯᠥᠭᠡ ᠶᠡᠬᠡ ᠂ ᠰᠡᠷᠬᠡᠢᠮᠵᠢ ᠥᠨᠳᠥᠷ  ᠪᠠᠢᠳᠠᠭ᠃ ᠬᠡᠷᠡᠭ ᠢ᠋ ᠰᠢᠭᠦᠨ ᠰᠢᠢᠳᠪᠦᠷᠢᠯᠡᠬᠦ ᠠᠵᠢᠯ ᠢ᠋ ᠴᠢᠨᠠᠷ ᠰᠠᠢᠲᠠᠢ ᠦᠷ᠎ᠡ ᠪᠦᠲᠦᠮᠵᠢᠲᠡᠢ ᠪᠡᠶᠡᠯᠡᠭᠦᠯᠬᠦ ᠶ᠋ᠢᠨ ᠲᠥᠯᠥᠭᠡ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ 32 ᠺᠠᠲ᠋ᠷ ᠴᠠᠭᠳᠠᠭ᠎ᠠ ᠪᠠᠷ ᠪᠦᠷᠢᠯᠳᠦᠭᠰᠡᠨ ᠵᠢᠶᠠ ᠵᠢᠩ ᠪᠦᠸᠧ ᠵᠡᠷᠭᠡ  ᠬᠥᠮᠦᠨ ᠦ᠌ ᠬᠠᠷ᠎ᠠ ᠪᠦᠯᠦᠭ ᠲᠡᠢ ᠬᠣᠯᠪᠣᠭᠳᠠᠭᠰᠠᠨ ᠬᠡᠷᠡᠭ ᠢ᠋ ᠰᠢᠭᠦᠨ ᠰᠢᠢᠳᠪᠦᠷᠢᠯᠡᠬᠦ ᠪᠦᠯᠬᠦᠮ ᠢ᠋ ᠪᠠᠢᠭᠤᠯᠵᠠᠢ ᠃ ᠡᠭᠦᠨ ᠳ᠋ᠦ᠍ ᠬᠠᠮᠲᠤᠷᠠᠨ ᠵᠥᠪᠯᠡᠬᠦ ᠲᠢᠩᠬᠢᠮ ᠦ᠋ᠨ ᠰᠢᠭᠦᠭᠴᠢ 3 ᠂ ᠪᠤᠰᠤᠳ ᠰᠢᠭᠦᠭᠴᠢ 16 ᠂ ᠰᠢᠭᠦᠭᠴᠢ ᠲᠤᠰᠢᠶᠠᠯᠲᠠᠨ ᠤ᠋ ᠲᠤᠰᠠᠯᠠᠭᠴᠢ 6 ᠂ ᠪᠢᠴᠢᠭᠡᠴᠢ ᠪᠣᠯᠤᠨ ᠶᠡᠷᠦᠩᠬᠡᠢᠯᠡᠭᠰᠡᠨ ᠳᠣᠲᠣᠭᠠᠳᠤ ᠠᠵᠢᠯᠯᠠᠭᠠᠲᠠᠨ 7 ᠬᠥᠮᠦᠨ ᠪᠠᠢᠵᠤ ᠂ ᠨᠢᠭᠡ ᠰᠠᠯᠠᠭ᠎ᠠ ᠤᠯᠤᠰ ᠲᠥᠷᠥ ᠶ᠋ᠢᠨ ᠬᠡᠪ ᠴᠢᠨᠠᠷ ᠢ᠋ᠶ᠋ᠠᠷ ᠥᠨᠳᠥᠷ ᠂ ᠲᠤᠬᠠᠢᠯᠠᠭᠰᠠᠨ ᠠᠵᠢᠯ ᠤ᠋ᠨ ᠴᠢᠳᠠᠪᠤᠷᠢ ᠪᠠᠷ ᠴᠢᠩᠭ᠎ᠠ ᠣᠬᠢ ᠰᠣᠳᠣᠨ ᠰᠢᠭᠦᠨ ᠲᠠᠰᠤᠯᠬᠤ ᠪᠦᠯᠬᠦᠮ ᠨᠢᠭᠡᠴᠡ ᠵᠢ ᠪᠦᠷᠢᠯᠳᠦᠭᠦᠯᠦᠭᠰᠡᠨ ᠪᠠᠢᠨ᠎ᠠ᠃
     ᠵᠢᠶᠠ ᠵᠢᠩ ᠪᠦᠸᠧ ᠵᠡᠷᠭᠡ ᠬᠥᠮᠦᠰ ᠦ᠋ᠨ ᠬᠠᠷ᠎ᠠ ᠪᠦᠯᠦᠭᠲᠡᠨ ᠳ᠋ᠦ᠍ ᠬᠣᠯᠪᠣᠭᠳᠠᠭᠰᠠᠨ ᠬᠡᠷᠡᠭ ᠢ᠋ ᠰᠢᠭᠦᠬᠦ ᠪᠦᠯᠬᠦᠮ ᠨᠢᠭᠡᠴᠡ ᠥᠨᠳᠥᠷ ᠵᠣᠭᠰᠣᠴᠠ ᠠ᠋ᠴᠠ ᠪᠣᠳᠣᠯᠬᠢᠯᠠᠨ ᠂ ᠥᠨᠳᠥᠷ ᠪᠠᠷᠢᠮᠵᠢᠶ᠎ᠠ ᠪᠠᠷ ᠪᠠᠲᠤᠯᠠᠵᠤ ᠂ ᠥᠨᠳᠥᠷ ᠱᠠᠭᠠᠷᠳᠠᠯᠭ᠎ᠠ ᠪᠠᠷ ᠨᠢᠭᠲᠠ ᠪᠠᠢᠷᠢᠯᠠᠭᠤᠯᠵᠤ ᠂ ᠪᠡᠷᠬᠡ ᠰᠡᠳᠦᠪ ᠢ᠋ ᠰᠢᠢᠳᠪᠦᠷᠢᠯᠡᠵᠦ ᠂ ᠲᠢᠩᠬᠢᠮ ᠦ᠋ᠨ ᠡᠮᠦᠨᠡᠬᠢ ᠬᠤᠷᠠᠯ ᠤ᠋ᠨ ᠦᠢᠯᠡᠳᠦᠯ ᠢ᠋ ᠭᠦᠢᠴᠡᠳ ᠪᠠᠳᠠᠷᠠᠭᠤᠯᠤᠨ ᠂ 《 ᠲᠤᠬᠠᠢ ᠶ᠋ᠢᠨ ᠲᠠᠯᠠᠪᠤᠷ + ᠲᠣᠣᠷ ᠰᠦᠯᠵᠢᠶ᠎ᠡ 》  ᠶ᠋ᠢ ᠤᠶᠠᠯᠳᠤᠭᠤᠯᠤᠭᠰᠠᠨ ᠰᠢᠭᠦᠯᠲᠡ ᠬᠢᠬᠦ ᠠᠷᠭ᠎ᠠ ᠬᠡᠯᠪᠡᠷᠢ ᠶ᠋ᠢ ᠬᠡᠷᠡᠭᠯᠡᠨ ᠂ ᠲᠢᠩᠬᠢᠮ ᠦ᠋ᠨ ᠰᠢᠭᠦᠯᠲᠡ ᠪᠡᠷ ᠭᠣᠣᠯ ᠪᠣᠯᠭᠠᠭᠰᠠᠨ ᠰᠢᠭᠦᠨ ᠲᠠᠰᠤᠯᠬᠤ ᠰᠡᠳᠬᠢᠴᠡ ᠶ᠋ᠢ ᠲᠡᠭᠦᠰ ᠠᠮᠵᠢᠯᠲᠠ ᠲᠠᠢ ᠲᠦᠯᠬᠢᠨ ᠠᠬᠢᠭᠤᠯᠪᠠ ᠃              ᠲᠤᠰ ᠬᠡᠷᠡᠭ ᠢ᠋ 2020 ᠣᠨ ᠤ᠋ 6  ᠰᠠᠷ᠎ᠠ ᠶ᠋ᠢᠨ 13  ᠤ᠋ ᠡᠳᠦᠷ ᠬᠡᠷᠡᠭ ᠪᠣᠯᠭᠠᠨ ᠳᠠᠩᠰᠠᠯᠠᠵᠤ ᠬᠦᠯᠢᠶᠡᠨ ᠠᠪᠴᠤ ᠰᠢᠢᠳᠪᠦᠷᠢᠯᠡᠪᠡ 7 ᠰᠠᠷ᠎ᠠ ᠶ᠋ᠢᠨ 20  ᠤ᠋ ᠡᠳᠦᠷ ᠰᠢᠭᠦᠯᠲᠡ ᠡᠬᠢᠯᠡᠭᠦᠯᠦᠨ ᠰᠢᠭᠦᠵᠦ 8 ᠰᠠᠷ᠎ᠠ ᠶ᠋ᠢᠨ 1  ᠦ᠌ ᠡᠳᠦᠷ  ᠲᠢᠩᠬᠢᠮ ᠦ᠋ᠨ ᠰᠢᠭᠦᠯᠲᠡ ᠶ᠋ᠢᠨ ᠠᠵᠢᠯ ᠢ᠋ᠶ᠋ᠠᠨ ᠤᠷᠤᠭᠰᠢᠲᠠᠢ ᠪᠠᠷ ᠳᠠᠭᠤᠰᠬᠠᠪᠠ 9 ᠰᠠᠷ᠎ᠠ ᠶ᠋ᠢᠨ 29  ᠦ᠌ ᠡᠳᠦᠷ ᠰᠢᠭᠦᠯᠲᠡ ᠶ᠋ᠢ ᠣᠨᠣᠪᠴᠢᠲᠠᠢ ᠲᠣᠭᠲᠠᠭᠠᠵᠤ᠂ ᠬᠠᠷ᠎ᠠ ᠬᠠᠷᠭᠢᠰ ᠬᠦᠴᠦᠨ ᠦ᠌ ᠶᠠᠯᠠᠲᠤ ᠠᠵᠢᠯᠯᠠᠭ᠎ᠠ ᠳ᠋ᠤ᠌ ᠬᠠᠤᠯᠢ ᠶᠣᠰᠣᠭᠠᠷ ᠴᠣᠬᠢᠯᠲᠠ ᠥᠭᠪᠡ ᠃
     ᠡᠷᠡᠭᠦᠦ ᠶ᠋ᠢᠨ ᠬᠡᠷᠡᠭ ᠤ᠋ᠨ  ᠰᠢᠭᠦᠨ ᠲᠠᠰᠤᠯᠬᠤ ᠨᠢᠭᠡᠳᠦᠭᠡᠷ ᠲᠢᠩᠬᠢᠮ ᠦ᠋ᠨ ᠳᠠᠷᠤᠭ᠎ᠠ ᠴᠢᠶᠣᠤ ᠰᠧ ᠾᠧᠦ

      ᠴᠢᠶᠣᠤ ᠰᠧ ᠾᠧᠦ ᠡᠷᠡᠭᠲᠡᠢ  ᠬᠢᠲᠠᠳ ᠦᠨᠳᠦᠰᠦᠲᠡᠨ᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠭᠡᠰᠢᠭᠦᠨ᠂ ᠶᠡᠬᠡ ᠰᠤᠷᠭᠠᠭᠤᠯᠢ ᠶ᠋ᠢᠨ ᠵᠢᠩᠬᠢᠨᠢ ᠠᠩᠭᠢ ᠶ᠋ᠢᠨ ᠰᠤᠷᠤᠯᠭ᠎ᠠ ᠶ᠋ᠢᠨ ᠨᠠᠮᠲᠠᠷ ᠲᠠᠢ 1994 ᠣᠨ ᠤ᠋ 8 ᠰᠠᠷ᠎ᠠ ᠳ᠋ᠤ᠌ ᠠᠵᠢᠯ ᠳ᠋ᠤ᠌ ᠣᠷᠣᠯᠴᠠᠵᠤ ᠣᠳᠣ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠡᠷᠡᠭᠦᠦ ᠶ᠋ᠢᠨ ᠬᠡᠷᠡᠭ ᠦ᠋ᠨ ᠰᠢᠭᠦᠨ ᠲᠠᠰᠤᠯᠬᠤ ᠨᠢᠭᠡᠳᠦᠭᠡᠷ ᠲᠢᠩᠬᠢᠮ ᠦ᠋ᠨ ᠳᠠᠷᠤᠭ᠎ᠠ ᠶ᠋ᠢᠨ ᠲᠤᠰᠢᠶᠠᠯ ᠢ᠋ ᠬᠠᠷᠢᠭᠤᠴᠠᠵᠠᠢ ᠃
 2018 ᠣᠨ ᠤ᠋ ᠡᠬᠢ ᠪᠡᠷ ᠳᠡᠭᠡᠳᠦ ᠱᠠᠲᠤᠨ ᠤ᠋ ᠰᠢᠭᠦᠬᠦ ᠬᠣᠷᠢᠶ᠎ᠠ ᠪᠣᠯᠤᠨ ᠬᠣᠲᠠ ᠶ᠋ᠢᠨ ᠬᠠᠷ᠎ᠠ ᠢ᠋ ᠡᠰᠡᠷᠭᠦᠴᠡᠬᠦ ᠠᠯᠪᠠᠨ ᠭᠡᠷ ᠦ᠋ᠨ ᠨᠢᠭᠡᠳᠦᠯᠲᠡᠢ ᠪᠠᠢᠷᠢᠯᠠᠭᠤᠯᠤᠯᠲᠠ ᠶᠣᠰᠣᠭᠠᠷ ᠴᠢᠶᠣᠤ ᠰᠧ ᠾᠧᠦ ᠨᠥᠬᠥᠷ ᠡᠷᠡᠭᠦᠦ ᠶ᠋ᠢᠨ ᠬᠡᠷᠡᠭ ᠦ᠋ᠨ ᠰᠦᠪᠡᠭᠴᠢ ᠶ᠋ᠢ ᠪᠠᠢᠴᠠᠭᠠᠬᠤ ᠳᠤᠭᠤᠢᠯᠠᠩ ᠤ᠋ᠨ ᠳᠠᠷᠤᠭ᠎ᠠ ᠶ᠋ᠢᠨ ᠬᠤᠪᠢ ᠳ᠋ᠤ᠌  ᠡᠯ᠎ᠡ ᠵᠦᠢᠯ ᠦ᠋ᠨ ᠬᠦᠴᠢᠷᠳᠡᠯ ᠢ᠋ ᠢᠯᠠᠨ ᠳᠠᠪᠠᠵᠤ ᠂ ᠳᠡᠭᠡᠳᠦ ᠱᠠᠲᠤᠨ ᠤ᠋ ᠰᠠᠯᠠᠭ᠎ᠠ ᠮᠥᠴᠢᠷ ᠦ᠋ᠨ ᠰᠢᠢᠳᠪᠦᠷᠢᠯᠡᠭᠦᠯᠬᠦ ᠪᠡᠷ ᠲᠤᠰᠢᠶᠠᠭᠰᠠᠨ 50 ᠵᠦᠢᠯ ᠤ᠋ᠨ ᠬᠡᠷᠡᠭ ᠦ᠋ᠨ ᠰᠤᠷᠠᠭ ᠵᠠᠩᠭᠢ ᠶ᠋ᠢ ᠬᠦᠯᠢᠶᠡᠨ ᠠᠪᠴᠤ  ᠰᠢᠢᠳᠪᠦᠷᠢᠯᠡᠭᠰᠡᠨ ᠪᠥᠭᠡᠳ ᠡᠷᠡᠭᠦᠦ ᠶ᠋ᠢᠨ ᠬᠡᠷᠡᠭ ᠦ᠋ᠨ ᠳᠤᠭᠤᠢᠯᠠᠩ ᠤ᠋ᠨ ᠪᠦᠬᠦ ᠠᠵᠢᠯ ᠳ᠋ᠤ᠌  ᠣᠷᠤᠯᠴᠠᠭᠰᠠᠨ ᠪᠠᠢᠨ᠎ᠠ ᠃
 2019 ᠣᠨ ᠤ᠋ ᠡᠬᠢ ᠪᠡᠷ ᠣᠷᠳᠣᠰ ᠬᠣᠲᠠ ᠶ᠋ᠢᠨ ᠬᠠᠷ᠎ᠠ ᠪᠦᠯᠦᠭᠲᠡᠨ ᠳ᠋ᠦ᠍ ᠬᠣᠯᠪᠣᠭᠳᠠᠭᠰᠠᠨ ᠬᠡᠷᠡᠭ ᠰᠢᠭᠦᠨ ᠲᠠᠰᠤᠯᠬᠤ ᠱᠠᠲᠤᠨ ᠳ᠋ᠤ᠌ ᠣᠷᠣᠵᠤ᠂ ᠴᠢᠶᠣᠤ ᠰᠧ ᠾᠧᠦ ᠨᠥᠬᠥᠷ ᠲᠤᠬᠠᠢᠯᠠᠭᠰᠠᠨ ᠠᠵᠢᠯ ᠤ᠋ᠨ ᠭᠣᠣᠯᠯᠠᠭᠴᠢ ᠬᠦᠴᠦᠨ ᠦ᠌ ᠬᠤᠪᠢ ᠪᠠᠷ ᠬᠣᠯᠪᠣᠭᠳᠠᠯ ᠪᠦᠬᠦᠢ ᠬᠠᠤᠯᠢ ᠴᠠᠭᠠᠵᠠ ᠪᠠ ᠬᠠᠤᠯᠢ ᠴᠠᠭᠠᠵᠠ ᠶ᠋ᠢᠨ ᠲᠠᠢᠯᠪᠤᠷᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠦ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠴᠠᠭ ᠲᠤᠬᠠᠢ ᠳ᠋ᠤᠨᠢ ᠰᠤᠷᠤᠯᠴᠠᠵᠤ᠂ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠡᠢᠮᠦᠷᠬᠦᠦ ᠬᠡᠷᠡᠭ ᠢ᠋ ᠰᠠᠢᠲᠤᠷ ᠰᠢᠢᠳᠪᠦᠷᠢᠯᠡᠬᠦ ᠶ᠋ᠢ ᠵᠢᠯᠣᠭᠣᠳᠪᠠ᠃ ᠠᠯᠪᠠᠨ ᠵᠠᠭᠠᠯᠳᠤᠯᠭ᠎ᠠ ᠶ᠋ᠢᠨ ᠪᠠᠢᠭᠤᠯᠭ᠎ᠠ ᠵᠠᠭᠠᠯᠳᠤᠯᠭ᠎ᠠ ᠬᠢᠬᠦ ᠳ᠋ᠦ᠍  ᠣᠮᠲᠣᠭᠠᠢᠯᠠᠳᠠᠭ ᠵᠡᠷᠭᠡ ᠠᠰᠠᠭᠤᠳᠠᠯ ᠳ᠋ᠤ᠌ ᠴᠢᠭᠯᠡᠭᠦᠯᠦᠨ ᠂ ᠲᠡᠷᠡ ᠴᠠᠭ ᠭᠠᠷᠭᠠᠵᠤ ᠳᠣᠲᠣᠭᠠᠳᠤ ᠶ᠋ᠢ ᠬᠠᠮᠠᠭᠠᠯᠠᠬᠤ ᠪᠠᠢᠭᠤᠯᠭ᠎ᠠ ᠶ᠋ᠢᠨ ᠲᠤᠷᠰᠢᠨ ᠪᠠᠢᠴᠠᠭᠠᠬᠤ ᠠᠵᠢᠯᠲᠠᠨ ᠳ᠋ᠤ᠌ ᠲᠤᠰᠬᠠᠢ ᠰᠡᠳᠦᠪᠲᠦ ᠵᠢᠭᠠᠨ ᠰᠤᠷᠭᠠᠯᠲᠠ ᠬᠢᠵᠦ ᠥᠭᠭᠦᠨ ᠂ ᠬᠠᠷ᠎ᠠ ᠨᠡᠢᠭᠡᠮ ᠳ᠋ᠦ᠍ ᠬᠣᠯᠪᠣᠭᠳᠠᠭᠰᠠᠨ ᠬᠡᠷᠡᠭ ᠢ᠋ ᠲᠠᠩᠨᠠᠨ ᠪᠠᠢᠴᠠᠭᠠᠬᠤ ᠂ ᠵᠠᠭᠠᠯᠳᠤᠬᠤ ᠂ ᠰᠢᠭᠦᠨ ᠰᠢᠢᠳᠪᠦᠷᠢᠯᠡᠬᠦ ᠳ᠋ᠦ᠍ ᠰᠠᠢᠨ ᠰᠠᠢᠬᠠᠨ ᠰᠠᠭᠤᠷᠢ ᠶ᠋ᠢ ᠲᠠᠯᠪᠢᠵᠤ ᠥᠭᠴᠡᠢ ᠃
 2020 ᠣᠨ ᠳ᠋ᠤ᠌ 《 ᠵᠢᠶᠠ ᠵᠢᠩ ᠪᠦᠸᠧ ᠶ᠋ᠢᠨ ᠬᠡᠷᠡᠭ》 ᠢ᠋ ᠰᠢᠢᠳᠪᠦᠷᠢᠯᠡᠵᠦ ᠪᠠᠢᠬᠤ ᠬᠤᠭᠤᠴᠠᠭᠠᠨ ᠳ᠋ᠤ᠌ ᠴᠢᠶᠣᠤ ᠰᠧ ᠾᠧᠦ ᠨᠥᠬᠥᠷ ᠭᠣᠣᠯ ᠰᠢᠭᠦᠭᠴᠢ ᠶ᠋ᠢᠨ ᠬᠤᠪᠢ ᠪᠠᠷ ᠬᠦᠨᠳᠦ ᠡᠭᠦᠷᠭᠡ ᠶ᠋ᠢ ᠵᠣᠷᠢᠭᠲᠠᠢ ᠪᠠᠷ ᠡᠭᠦᠷᠭᠡᠯᠡᠵᠦ ᠂ ᠴᠠᠭ ᠨᠡᠮᠡᠵᠦ ᠠᠵᠢᠯᠯᠠᠨ ᠂ ᠣᠯᠠᠨ ᠤᠳᠠᠭ᠎ᠠ ᠠᠯᠪᠠᠨ ᠵᠠᠭᠠᠯᠳᠤᠯᠭ᠎ᠠ ᠶ᠋ᠢᠨ ᠪᠠᠢᠭᠤᠯᠭ᠎ᠠ ᠂ ᠲᠠᠩᠨᠠᠨ ᠪᠠᠢᠴᠠᠭᠠᠬᠤ ᠪᠠᠢᠭᠤᠯᠭ᠎ᠠ ᠪᠠ ᠥᠮᠥᠭᠯᠡᠭᠴᠢᠳ ᠲᠡᠢ ᠨᠡᠪᠲᠡᠷᠡᠯᠴᠡᠨ ᠂ ᠲᠤᠰ ᠬᠡᠷᠡᠭ ᠢ᠋ ᠬᠠᠤᠯᠢ ᠳ᠋ᠤ᠌ ᠲᠣᠭᠲᠠᠭᠰᠠᠨ ᠬᠢᠨᠠᠨ ᠭᠦᠢᠴᠡᠳᠬᠡᠬᠦ ᠬᠤᠭᠤᠴᠠᠭᠠᠨ ᠳ᠋ᠤ᠌ ᠤᠳᠤᠷᠢᠳᠤᠯᠭ᠎ᠠ ᠪᠠ ᠬᠠᠮᠲᠤ ᠠᠵᠢᠯᠯᠠᠭᠰᠠᠳ ᠤ᠋ᠨ ᠢ᠋ᠶ᠋ᠠᠨ ᠰᠠᠢᠨ ᠦᠨᠡᠯᠡᠯᠲᠡ ᠶ᠋ᠢ ᠣᠯᠤᠭᠰᠠᠨ ᠪᠠᠢᠨ᠎ᠠ ᠃
      ᠴᠢᠶᠣᠤ ᠰᠧ ᠾᠧᠦ ᠨᠥᠬᠥᠷ ᠴᠠᠭ ᠢᠮᠠᠭᠲᠠ ᠬᠠᠤᠯᠢ ᠪᠠᠷ ᠵᠠᠰᠠᠬᠤ ᠢᠲᠡᠭᠡᠯ ᠪᠢᠰᠢᠷᠡᠯ ᠢ᠋ ᠰᠠᠬᠢᠵᠤ ᠦᠨᠡᠨᠴᠢ ᠰᠢᠳᠤᠷᠭᠤ ᠪᠠᠷ ᠡᠭᠦᠷᠭᠡ ᠬᠠᠷᠢᠭᠤᠴᠠᠯᠭ᠎ᠠ ᠪᠠᠨ  ᠬᠦᠢᠴᠡᠳᠬᠡᠨ ᠂ ᠬᠡᠷᠡᠭ ᠨᠢᠭᠡᠪᠦᠷᠢ ᠶ᠋ᠢ ᠲᠥᠪ ᠭᠣᠣᠯᠴᠢ ᠠᠷᠢᠭᠤᠨ ᠴᠢᠬᠡᠴᠢ ᠪᠠᠢᠬᠤ ᠶ᠋ᠢ  ᠪᠠᠲᠤᠯᠠᠭᠰᠠᠨ  ᠶᠤᠮ᠂

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )