ᠣᠷᠳᠣᠰ ᠬᠣᠲᠠ ᠶ᠋ᠢᠨ ᠰᠢᠭᠦᠬᠦ ᠬᠣᠷᠢᠶ᠎ᠠ ᠶ᠋ᠢᠨ ᠡᠩᠨᠡᠭᠡᠨ ᠦ᠌ ᠰᠤᠷᠭᠠᠨ ᠬᠥᠮᠦᠵᠢᠯ ᠢ᠋ ᠴᠡᠭᠴᠡᠯᠡᠬᠦ ᠠᠵᠢᠯ ᠢ᠋ ᠠᠬᠢᠭᠤᠯᠬᠤ ᠬᠤᠷᠠᠯ 4 ᠰᠠᠷ᠎ᠠ ᠶ᠋ᠢᠨ 15 ᠤ᠋ ᠡᠳᠦᠷ ᠬᠤᠷᠠᠯᠳᠤᠪᠠ ᠃ ᠬᠤᠷᠠᠯ ᠨᠢ ᠪᠥᠬᠥ ᠤᠯᠤᠰ ᠤ᠋ᠨ ᠠᠩᠬᠠᠳᠠᠭᠴᠢ ᠪᠦᠯᠦᠭ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠵᠢᠯ ᠢ᠋ ᠠᠬᠢᠭᠤᠯᠬᠤ ᠬᠤᠷᠠᠯ ᠂ ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡᠨ ᠦ᠌ ᠰᠤᠷᠭᠠᠨ ᠬᠥᠮᠦᠵᠢᠯ ᠢ᠋ ᠴᠡᠭᠴᠡᠯᠡᠬᠦ ᠤᠳᠤᠷᠢᠳᠬᠤ ᠳᠤᠭᠤᠢᠯᠠᠩ ᠤ᠋ᠨ ᠠᠩᠬᠠᠳᠤᠭᠠᠷ ᠬᠤᠷᠠᠯ ᠂ ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠵᠢᠯ ᠢ᠋ ᠠᠬᠢᠭᠤᠯᠬᠤ ᠬᠤᠷᠠᠯ ᠂ ᠪᠦᠬᠦ ᠣᠷᠣᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠰᠢᠰᠲ᠋ᠧᠮ ᠦ᠋ᠨ ᠰᠡᠷᠡᠮᠵᠢᠯᠡᠭᠦᠯᠬᠦ ᠬᠥᠮᠦᠵᠢᠯ ᠦ᠋ᠨ ᠶᠡᠬᠡ ᠬᠤᠷᠠᠯ ᠂ ᠪᠥᠬᠥ ᠬᠣᠲᠠ ᠶ᠋ᠢᠨ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠵᠢᠯ ᠢ᠋ ᠠᠬᠢᠭᠤᠯᠬᠤ ᠬᠤᠷᠠᠯ ᠤ᠋ᠨ ᠵᠣᠷᠢᠭ ᠰᠠᠨᠠᠭ᠎ᠠ ᠶ᠋ᠢ ᠡᠷᠭᠢᠴᠡᠭᠦᠯᠦᠨ ᠳ᠋ᠦᠩᠨᠡᠪᠡ ᠃ ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡ ᠶ᠋ᠢᠨ ᠰᠤᠷᠭᠠᠨ ᠬᠥᠮᠦᠵᠢᠯ ᠢ᠋ ᠴᠡᠭᠴᠡᠯᠡᠬᠦ ᠶᠢᠰᠦᠳᠦᠭᠡᠷ ᠵᠢᠭᠠᠨ ᠵᠢᠯᠣᠭᠣᠳᠬᠤ ᠳᠤᠭᠤᠢᠯᠠᠩ ᠤ᠋ᠨ ᠪᠦᠷᠢᠯᠳᠦᠬᠦᠨ ᠭᠡᠰᠢᠭᠦᠨ᠂ ᠬᠣᠲᠠ ᠶ᠋ᠢᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ ᠂ ᠬᠣᠲᠠ ᠶ᠋ᠢᠨ ᠤᠯᠤᠰ ᠲᠥᠷᠥ ᠶ᠋ᠢᠨ ᠵᠥᠪᠯᠡᠯᠭᠡᠨ ᠦ᠌ ᠭᠡᠰᠢᠭᠦᠨ ᠤᠷᠢᠯᠭ᠎ᠠ ᠪᠠᠷ ᠬᠤᠷᠠᠯ ᠳ᠋ᠤ᠌ ᠣᠷᠣᠯᠴᠠᠪᠠ ᠃ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠬᠤᠷᠠᠯ ᠳ᠋ᠤ᠌ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ᠂ ᠬᠣᠷᠢᠶᠠᠨ ᠳᠠᠷᠤᠭ᠎ᠠ ᠯᠢ ᠵᠢᠩ ᠭᠦᠸᠧ ᠬᠤᠷᠠᠯ ᠢ᠋ ᠡᠷᠬᠢᠯᠡᠪᠡ᠃
ᠬᠤᠷᠠᠯ ᠨᠢ ᠸᠢᠳᠢᠣ᠋ ᠶ᠋ᠢᠨ ᠬᠡᠯᠪᠡᠷᠢ ᠪᠡᠷ ᠬᠤᠷᠠᠯᠳᠤᠵᠤ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ ᠪᠦᠷᠢᠯᠳᠦᠬᠦᠨ ᠪᠠ ᠪᠦᠬᠦ ᠺᠠᠲ᠋ᠷ ᠴᠠᠭᠳᠠᠭ᠎ᠠ ᠶ᠋ᠢ ᠬᠤᠷᠠᠯ ᠤ᠋ᠨ ᠭᠣᠣᠯ ᠲᠠᠯᠠᠪᠠᠢ ᠳ᠋ᠤ᠌ ᠣᠷᠤᠯᠴᠠᠨ᠂ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ ᠪᠦᠷᠢᠯᠳᠦᠬᠦᠨ ᠪᠠ ᠪᠦᠬᠦ ᠺᠠᠲ᠋ᠷ ᠴᠠᠭᠳᠠᠭ᠎ᠠ ᠨᠠᠷ ᠬᠤᠪᠢᠶᠠᠷᠢ ᠬᠤᠷᠠᠯ ᠤ᠋ᠨ ᠲᠠᠯᠠᠪᠠᠢ ᠳ᠋ᠤ᠌ ᠬᠤᠷᠠᠯ ᠳ᠋ᠤ᠌ ᠣᠷᠣᠯᠴᠠᠵᠠᠢ ᠃
ᠬᠤᠷᠠᠯ ᠠ᠋ᠴᠠ ᠵᠢᠭᠠᠵᠤ ᠭᠠᠷᠭᠠᠭᠰᠠᠨ ᠨᠢ
ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠪᠣᠯ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠡᠩᠨᠡᠭᠡᠨ ᠦ᠌ ᠤᠯᠤᠰ ᠲᠥᠷᠥ ᠶ᠋ᠢᠨ ᠰᠢᠯᠭᠠᠯᠲᠠ ᠂ᠦᠨᠡᠨᠴᠢ ᠰᠢᠯᠭᠠᠯᠲᠠ ᠂ ᠨᠠᠮᠴᠢ ᠴᠢᠨᠠᠷ ᠤ᠋ᠨ ᠰᠢᠯᠭᠠᠯᠲᠠ ᠵᠢ ᠪᠠᠢᠴᠠᠭᠠᠨ᠎ᠠ ᠃ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠺᠠᠲ᠋ᠷ ᠴᠠᠭᠳᠠᠭ᠎ᠠ ᠰᠤᠷᠤᠯᠴᠠᠯᠭ᠎ᠠ ᠬᠥᠮᠦᠵᠢᠯ ᠤ᠋ᠨ ᠳᠤᠮᠳᠠ ᠲᠦᠭᠡᠮᠡᠯ ᠣᠯᠤᠯᠲᠠ ᠲᠠᠢ ᠪᠠᠢᠵᠤ᠂ ᠦᠵᠡᠯ ᠰᠠᠨᠠᠭ᠎ᠠ ᠨᠢ ᠬᠥᠳᠡᠯᠭᠡᠭᠳᠡᠵᠦ ᠂ ᠰᠦᠨᠡᠰᠦ ᠨᠢ ᠤᠬᠢᠶᠠᠭᠳᠠᠬᠤ ᠪᠠᠢᠳᠠᠯ ᠳ᠋ᠤ᠌ ᠬᠦᠷᠴᠡᠢ ᠃ ᠤᠳᠠᠯ ᠦᠭᠡᠢ ᠣᠷᠣᠵᠤ ᠢᠷᠡᠬᠦ ᠭᠡᠵᠦ ᠪᠠᠢᠭ᠎ᠠ ᠪᠠᠢᠴᠠᠭᠠᠨ ᠵᠠᠯᠠᠷᠠᠭᠤᠯᠬᠤ ᠠᠵᠢᠯ ᠤ᠋ᠨ ᠭᠣᠣᠯᠳᠠᠯᠭ᠎ᠠ ᠪᠣᠯ ᠰᠤᠷᠭᠠᠨ ᠬᠥᠮᠦᠵᠢᠯ ᠦ᠋ᠨ ᠴᠡᠭᠴᠡᠯᠡᠯᠲᠡ ᠦᠷ᠎ᠡ ᠳ᠋ᠦᠩ ᠢ᠋ ᠲᠣᠭᠲᠠᠭᠠᠬᠤ ᠵᠠᠩᠭᠢᠯᠠᠭ᠎ᠠ ᠶ᠋ᠢᠨ ᠨᠢᠭᠡ ᠲᠠᠯ᠎ᠠ ᠪᠣᠯᠤᠨ᠎ᠠ ᠃ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠥᠪᠡᠷ ᠢ᠋ ᠪᠡᠨ ᠪᠠᠢᠴᠠᠭᠠᠵᠤ ᠥᠪᠡᠷ ᠢ᠋ᠶ᠋ᠡᠨ ᠵᠠᠯᠠᠷᠠᠭᠤᠯᠬᠤ ᠂ ᠵᠣᠬᠢᠶᠠᠨ ᠪᠠᠢᠭᠤᠯᠤᠨ ᠪᠠᠢᠴᠠᠭᠠᠨ ᠰᠢᠢᠳᠪᠦᠷᠢᠯᠡᠬᠦ ᠂ ᠲᠤᠰᠬᠠᠢ ᠵᠦᠢᠯ ᠢ᠋ᠶ᠋ᠡᠷ ᠴᠡᠭᠴᠡᠯᠡᠨ ᠵᠠᠰᠠᠬᠤ ᠵᠡᠷᠭᠡ ᠡᠯ᠎ᠡ ᠵᠦᠢᠯ ᠦ᠋ᠨ ᠠᠵᠢᠯ ᠢ᠋ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠡᠢ ᠃ ᠵᠣᠷᠢᠭ ᠰᠠᠨᠠᠭ᠎ᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠪᠠᠢᠴᠠᠭᠠᠨ ᠵᠠᠯᠠᠷᠠᠭᠤᠯᠵᠤ ᠴᠡᠭᠴᠡᠯᠡᠨ ᠰᠠᠢᠵᠢᠷᠠᠭᠤᠯᠬᠤ ᠠᠵᠢᠯ ᠤ᠋ᠨ ᠶᠡᠷᠦᠩᠬᠡᠢ ᠱᠠᠭᠠᠷᠳᠠᠯᠭ᠎ᠠ ᠶ᠋ᠢ ᠣᠨᠣᠪᠴᠢᠲᠠᠢ ᠡᠵᠡᠮᠳᠡᠵᠦ ᠂ ᠨᠠᠷᠢᠨ ᠳᠠᠩᠰᠠ ᠶ᠋ᠢ ᠵᠢᠭᠰᠠᠭᠠᠨ ᠭᠠᠷᠭᠠᠵᠤ ᠡᠭᠦᠷᠭᠡ ᠬᠠᠷᠢᠭᠤᠴᠠᠯᠭ᠎ᠠ ᠶ᠋ᠢ ᠠᠰ ᠲᠤᠨᠢ ᠲᠤᠯᠭᠠᠬᠤ ᠠᠰᠠᠭᠤᠳᠠᠯ ᠢ᠋ ᠭᠦᠨ ᠮᠠᠯᠲᠠᠵᠤ ᠂ ᠦᠨᠳᠦᠰᠦᠨ ᠴᠢᠨᠠᠷ ᠰᠠᠢᠲᠠᠢ ᠥᠨᠳᠥᠷ ᠦᠷ᠎ᠡ ᠪᠦᠲᠦᠮᠵᠢᠲᠡᠢ ᠡᠯ᠎ᠡ ᠵᠦᠢᠯ ᠦ᠋ᠨ ᠠᠵᠢᠯ ᠤ᠋ᠨ ᠡᠭᠦᠷᠭᠡ ᠶ᠋ᠢ ᠰᠠᠢᠲᠤᠷ ᠪᠡᠶᠡᠯᠡᠭᠦᠯᠬᠦ ᠬᠡᠷᠡᠭᠲᠡᠢ ᠃
ᠬᠤᠷᠠᠯ ᠠ᠋ᠴᠠ ᠴᠢᠬᠤᠯᠠᠴᠢᠯᠠᠭᠰᠠᠨ ᠨᠢ
ᠨᠢᠭᠡ ᠳ᠋ᠦ᠍ ᠂《ᠰᠤᠷᠤᠯᠴᠠᠬᠤ》 ᠠᠭᠤᠷ ᠠᠮᠢᠰᠬᠤᠯ ᠢ᠋ ᠢᠮᠠᠭᠲᠠ ᠪᠠᠢᠴᠠᠭᠠᠨ ᠵᠠᠯᠠᠷᠠᠭᠤᠯᠬᠤ ᠦᠵᠡᠯ ᠰᠠᠨᠠᠭᠠᠨ ᠤ᠋ ᠤᠬᠠᠮᠰᠠᠷ ᠢ᠋ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠰᠤᠷᠤᠯᠴᠠᠯᠭ᠎ᠠ ᠰᠤᠷᠭᠠᠨ ᠬᠥᠮᠦᠵᠢᠯ ᠢ᠋ ᠳᠣᠪᠣᠢᠮ᠎ᠠ ᠪᠠᠢᠷᠢᠨ ᠳ᠋ᠤ᠌ ᠲᠠᠯᠪᠢᠵᠤ ᠂ ᠰᠤᠷᠤᠯᠴᠠᠯᠭ᠎ᠠ ᠰᠤᠷᠭᠠᠨ ᠬᠥᠮᠦᠵᠢᠯ ᠦ᠋ᠨ ᠳ᠋ᠦᠩᠨᠡᠯᠲᠡ ᠬᠢᠵᠦ ᠦᠨᠡᠯᠡᠨ ᠵᠢᠱ᠌ᠢᠬᠦ ᠠᠵᠢᠯ ᠢ᠋ ᠦᠷᠭᠦᠯᠵᠢᠯᠡᠨ ᠰᠠᠢᠲᠤᠷ ᠠᠳᠬᠤᠵᠤ ᠂ ᠰᠤᠷᠤᠯᠴᠠᠯᠭ᠎ᠠ ᠰᠤᠷᠭᠠᠨ ᠬᠥᠮᠦᠵᠢᠯ ᠢ᠋ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠪᠡᠷ ᠰᠤᠷᠤᠯᠭ᠎ᠠ ᠶ᠋ᠢᠨ ᠬᠥᠮᠦᠵᠢᠯ ᠦ᠋ᠨ ᠦᠷ᠎ᠡ ᠪᠦᠲᠦᠮᠵᠢ ᠶ᠋ᠢ ᠢᠮᠠᠭᠲᠠ ᠪᠦᠬᠦ ᠲᠠᠯ᠎ᠠ ᠪᠠᠷ ᠥᠷᠨᠢᠭᠦᠯᠵᠦ ᠂ ᠬᠠᠷᠠᠯᠲᠠ ᠶ᠋ᠢᠨ ᠪᠠᠢᠴᠠᠭᠠᠯᠲᠠ ᠶ᠋ᠢᠨ ᠳᠤᠲᠠᠭᠳᠠᠯ ᠢ᠋ ᠨᠥᠬᠥᠪᠥᠷᠢᠯᠡᠬᠦ ᠶ᠋ᠢ ᠢᠮᠠᠭᠲᠠ ᠪᠦᠬᠦ ᠲᠠᠯ᠎ᠠ ᠪᠠᠷ ᠥᠷᠨᠢᠭᠦᠯᠳᠡᠭ ᠃ ᠰᠤᠷᠤᠯᠴᠠᠯᠭ᠎ᠠ ᠰᠤᠷᠭᠠᠨ ᠬᠥᠮᠦᠵᠢᠯ ᠦ᠋ᠨ ᠦᠷ᠎ᠡ ᠪᠦᠲᠦᠭᠡᠯ ᠢ᠋ ᠬᠤᠪᠢᠷᠠᠭᠤᠯᠬᠤ ᠶ᠋ᠢ ᠴᠢᠬᠤᠯᠠᠴᠢᠯᠠᠵᠤ ᠲᠣᠭᠲᠠᠭᠠᠭᠰᠠᠨ ᠬᠥᠳᠡᠯᠭᠡᠭᠡᠨ ᠢ᠋ ᠪᠦᠬᠦᠨ ᠢ᠋ ᠪᠡᠶᠡᠯᠡᠭᠦᠯᠬᠦ ᠶ᠋ᠢ ᠪᠠᠲᠤᠯᠠᠬᠤ ᠮᠥᠷᠲᠡᠭᠡᠨ ᠪᠠᠰᠠ ᠪᠠᠢᠴᠠᠭᠠᠨ ᠵᠠᠯᠠᠷᠠᠭᠤᠯᠵᠤ ᠰᠠᠢᠵᠢᠷᠠᠭᠤᠯᠤᠭᠰᠠᠨ ᠦᠷ᠎ᠡ ᠳ᠋ᠦᠩ ᠢ᠋ᠶ᠋ᠡᠷ ᠰᠤᠷᠤᠯᠴᠠᠯᠭ᠎ᠠ ᠰᠤᠷᠭᠠᠨ ᠬᠥᠮᠦᠵᠢᠯ ᠦ᠋ᠨ ᠦᠷ᠎ᠡ ᠪᠦᠲᠦᠮᠵᠢ ᠶ᠋ᠢ ᠰᠢᠯᠭᠠᠨ ᠪᠠᠢᠴᠠᠭᠠᠨ᠎ᠠ ᠃
ᠬᠣᠶᠠᠷ ᠲᠤ᠌ ᠂《 ᠪᠠᠢᠴᠠᠭᠠᠬᠤ 》 ᠶ᠋ᠢ ᠢᠮᠠᠭᠲᠠ ᠬᠠᠮᠤᠭ ᠤ᠋ᠨ ᠬᠠᠲᠠᠭᠤ ᠠᠷᠭ᠎ᠠ ᠬᠡᠮᠵᠢᠶ᠎ᠡ ᠠᠪᠴᠤ ᠪᠠᠢᠭᠠᠳ ᠠᠷᠬᠠᠭ ᠭᠡᠮ ᠠᠷᠬᠠᠭ ᠢ᠋ ᠴᠢᠩᠭ᠎ᠠ ᠪᠠᠢᠴᠠᠭᠠᠨ ᠵᠠᠯᠠᠷᠠᠭᠤᠯᠵᠤ ᠃ ᠥᠪᠡᠷᠲᠡᠭᠡᠨ ᠪᠠᠢᠴᠠᠭᠠᠵᠤ ᠂ ᠴᠢᠯᠥᠭᠡᠲᠡᠢ ᠶᠠᠪᠤᠯᠴᠠᠬᠤ ᠂ ᠪᠠᠢᠴᠠᠭᠠᠵᠤ ᠂ ᠴᠢᠩᠬ᠎ᠠ ᠪᠠᠢᠴᠠᠭᠠᠬᠤ ᠵᠢᠯᠣᠭᠣᠳᠤᠮᠵᠢ ᠶ᠋ᠢ ᠪᠠᠷᠢᠮᠲᠠᠯᠠᠨ ᠂ ᠥᠪᠡᠷ ᠢ᠋ᠶ᠋ᠡᠨ ᠪᠠᠢᠴᠠᠭᠠᠵᠤ ᠂ ᠥᠪᠡᠷ ᠲᠡᠭᠡᠨ ᠵᠠᠯᠠᠷᠠᠭᠤᠯᠬᠤ ᠱᠠᠲᠤ ᠶ᠋ᠢ ᠳᠣᠪᠣᠢᠮ᠎ᠠ ᠰᠠᠢᠲᠤᠷ ᠠᠳᠬᠤᠨ᠎ᠠ ᠃ 《 ᠥᠩᠭᠡᠷᠡᠭᠰᠡᠨ ᠢ᠋ ᠨᠢ ᠵᠠᠯᠬᠠᠭᠠᠵᠤ ᠬᠣᠢᠰᠢᠳᠠ ᠳ᠋ᠤᠨᠢ ᠴᠡᠭᠡᠷᠯᠡᠯ ᠪᠣᠯᠭᠠᠬᠤ ᠂ ᠡᠪᠡᠳᠴᠢᠨ ᠢ᠋ ᠨᠢ ᠵᠠᠰᠠᠵᠤ ᠡᠳᠡᠭᠡᠷᠡᠭᠦᠯᠦᠨ ᠠᠪᠬᠤ 》 ᠴᠢᠭᠯᠡᠯᠲᠡ ᠶ᠋ᠢ ᠪᠠᠷᠢᠮᠲᠠᠯᠠᠨ ᠂ ᠵᠣᠬᠢᠶᠠᠨ ᠪᠠᠢᠭᠤᠯᠤᠯᠲᠠ ᠶ᠋ᠢᠨ ᠪᠠᠢᠴᠠᠭᠠᠨ ᠰᠢᠢᠳᠪᠦᠷᠢᠯᠡᠬᠦ ᠬᠦᠴᠦᠨ ᠢ᠋ ᠭᠦᠢᠴᠡᠳ ᠪᠠᠳᠠᠷᠠᠭᠤᠯᠤᠨ᠎ᠠ ᠃ 《 ᠬᠤᠷᠴᠠ ᠢᠷᠭᠡᠨ ᠢ᠋ᠶ᠋ᠡᠷ ᠳᠣᠲᠣᠭᠰᠢ ᠬᠠᠨᠳᠤᠭᠤᠯᠬᠤ ᠂ ᠶᠠᠰᠤ ᠬᠤᠰᠠᠵᠤ ᠬᠣᠣᠷ᠎ᠠ ᠡᠮᠨᠡᠬᠦ 》 ᠬᠠᠷᠠᠯᠲᠠ ᠶ᠋ᠢ ᠪᠠᠷᠢᠮᠲᠠᠯᠠᠵᠤ ᠂ ᠲᠤᠰᠬᠠᠢ ᠵᠦᠢᠯ ᠢ᠋ᠶ᠋ᠡᠷ ᠴᠡᠭᠴᠡᠯᠡᠨ ᠵᠠᠰᠠᠬᠤ ᠦᠷ᠎ᠡ ᠪᠦᠲᠦᠮᠵᠢ ᠶ᠋ᠢ ᠦᠨᠡᠯᠡᠬᠦ ᠳᠡᠭᠡᠭᠰᠢᠯᠡᠭᠦᠯᠦᠨ᠎ᠡ ᠃
ᠭᠤᠷᠪᠠ ᠳ᠋ᠤ᠌ ᠂ 《 ᠴᠢᠩᠭ᠎ᠠ 》 ᠶ᠋ᠢᠨ ᠦᠨᠳᠦᠰᠦᠨ ᠠᠢᠵᠢᠮ ᠢ᠋ ᠢᠮᠠᠭᠲᠠ ᠬᠠᠮᠤᠭ ᠤ᠋ᠨ ᠪᠣᠳᠠᠲᠤ ᠬᠠᠷᠢᠭᠤᠴᠠᠯᠭ᠎ᠠ ᠪᠠᠷ ᠡᠯ᠎ᠡ ᠲᠥᠷᠥᠯ ᠦ᠋ᠨ ᠠᠵᠢᠯ ᠤ᠋ᠨ ᠡᠭᠦᠷᠭᠡ ᠶ᠋ᠢ ᠪᠡᠶᠡᠯᠡᠭᠦᠯᠬᠦ ᠶ᠋ᠢ ᠠᠬᠢᠭᠤᠯᠵᠤ ᠃ ᠬᠠᠷᠢᠭᠤᠴᠠᠯᠭ᠎ᠠ ᠶ᠋ᠢᠨ ᠬᠡᠯᠬᠢᠶ᠎ᠡ ᠶ᠋ᠢ ᠴᠢᠩᠭ᠎ᠠ ᠳᠠᠷᠤᠵᠤ ᠴᠢᠨᠠᠷ ᠤ᠋ᠨ ᠦᠷ᠎ᠡ ᠪᠦᠲᠦᠭᠡᠮᠵᠢ ᠶ᠋ᠢ ᠴᠢᠩᠭ᠎ᠠ ᠠᠳᠬᠤᠵᠤ ᠬᠡᠯᠪᠡᠷᠢ ᠶ᠋ᠢᠨ ᠦᠵᠡᠯ ᠢ᠋ ᠴᠢᠩᠭ᠎ᠠ ᠰᠡᠷᠭᠡᠢᠯᠡᠬᠦ ᠬᠡᠷᠡᠭᠲᠡᠢ ᠃ ᠨᠢᠭᠡᠳᠦᠯᠲᠡᠢ ᠲᠥᠯᠥᠪᠯᠡᠨ ᠨᠡᠢᠲᠡ ᠳ᠋ᠦ᠍ᠨᠢ ᠬᠠᠷᠠᠭᠠᠯᠵᠠᠬᠤ ᠶ᠋ᠢ ᠪᠠᠷᠢᠮᠲᠠᠯᠠᠵᠤ ᠂ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠪᠠ ᠰᠢᠭᠦᠬᠦ ᠬᠣᠷᠢᠶᠠᠨ ᠤ᠋ ᠡᠯ᠎ᠡ ᠲᠥᠷᠥᠯ ᠦ᠋ᠨ ᠠᠵᠢᠯ ᠤ᠋ᠨ ᠥᠨᠳᠥᠷ ᠴᠢᠨᠠᠷ ᠴᠢᠨᠰᠠᠭᠠᠲᠤ ᠬᠥᠭᠵᠢᠯᠲᠡ ᠲᠡᠢ ᠤᠶᠠᠯᠳᠤᠭᠤᠯᠵᠤ ᠂ ᠺᠠᠲ᠋ᠷ ᠴᠠᠭᠳᠠᠭ᠎ᠠ ᠠᠵᠢᠯ ᠬᠢᠵᠦ ᠦᠢᠯᠡᠰ ᠪᠣᠰᠬᠠᠬᠤ ᠣᠷᠭᠢᠯᠤᠮ᠎ᠠ ᠰᠡᠳᠬᠢᠯᠭᠡ ᠶ᠋ᠢ ᠤᠯᠠᠮ ᠤᠷᠮᠠᠰᠢᠭᠤᠯᠤᠨ ᠬᠥᠭᠵᠢᠭᠡᠵᠦ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠡᠩᠨᠡᠭᠡ ᠶ᠋ᠢᠨ ᠰᠢᠨ᠎ᠡ ᠪᠠᠢᠳᠠᠯ ᠂ ᠨᠠᠮ ᠪᠠ ᠠᠷᠠᠳ ᠲᠦᠮᠡᠨ ᠦ᠌ ᠬᠠᠨᠤᠮᠵᠢᠲᠠᠢ ᠬᠠᠤᠯᠢ ᠴᠠᠭᠠᠵᠠ ᠶ᠋ᠢᠨ ᠰᠢᠨ᠎ᠡ ᠠᠮᠵᠢᠯᠲᠠ ᠪᠠᠷ ᠨᠠᠮ ᠪᠠᠢᠭᠤᠯᠤᠭᠳᠠᠭᠰᠠᠨ ᠵᠠᠭᠤᠨ ᠵᠢᠯ ᠦ᠋ᠨ ᠣᠢ ᠶ᠋ᠢ ᠪᠡᠯᠭᠡᠯᠡᠨ᠎ᠡ᠃
ᠦᠨᠡᠯᠡᠬᠦ 0ᠦᠨᠡᠯᠡᠯᠲᠡ ᠲᠠᠢ