《 ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠮᠠᠨ ᠤ᠋ ᠬᠡᠷᠡᠭ ᠢ᠋ ᠬᠦᠨᠳᠦᠳᠬᠡᠨ ᠦᠵᠡᠵᠦ᠂ ᠲᠠ ᠨᠠᠷ ᠣᠯᠠᠨ ᠤᠳᠠᠭ᠎ᠠ ᠨᠠᠳᠠ ᠲᠠᠢ ᠰᠠᠨᠠᠯ ᠢ᠋ᠶ᠋ᠠᠨ ᠰᠣᠯᠢᠯᠴᠠᠭᠰᠠᠨ ᠳ᠋ᠤ᠌ ᠶᠡᠬᠡ ᠲᠠᠯᠠᠷᠬᠠᠵᠤ ᠪᠠᠢᠨ᠎ᠠ ᠂ ᠮᠢᠨᠦ ᠬᠦᠰᠡᠯ ᠱᠠᠭᠠᠷᠳᠠᠯᠭ᠎ᠠ ᠶ᠋ᠢ ᠣᠢᠯᠠᠭᠠᠬᠤ ᠳ᠋ᠤ᠌ ᠪᠠᠰᠠ ᠵᠦᠢ ᠵᠣᠬᠢᠰᠲᠠᠢ ᠬᠠᠤᠯᠢ ᠴᠠᠭᠠᠵᠠ ᠶ᠋ᠢᠨ ᠰᠠᠨᠠᠭᠤᠯᠭ᠎ᠠ ᠪᠣᠯᠤᠨ ᠰᠢᠢᠳᠪᠦᠷᠢᠯᠡᠬᠦ ᠲᠥᠰᠦᠯ ᠭᠠᠷᠭᠠᠭᠰᠠᠨ ᠨᠢ ᠮᠢᠨᠦ ᠣᠯᠠᠨ ᠵᠢᠯ ᠦ᠋ᠨ ᠲᠤᠷᠰᠢ ᠰᠠᠨᠠᠭᠠᠰᠢᠷᠠᠵᠤ ᠪᠠᠢᠭᠰᠠᠨ ᠠᠰᠠᠭᠤᠳᠠᠯ ᠢ ᠰᠢᠢᠳᠪᠦᠷᠢᠯᠡᠵᠦ ᠥᠭᠭᠦᠭᠰᠡᠨ ᠳᠤ ᠮᠠᠰᠢ ᠬᠠᠨᠤᠮᠵᠢᠲᠠᠢ ᠪᠠᠢᠨ᠎ᠠ 》᠃
ᠡᠩᠨᠡᠭᠡᠨ ᠦ᠌ ᠰᠤᠷᠭᠠᠨ ᠬᠥᠮᠦᠵᠢᠯ ᠢ᠋ ᠴᠡᠭᠴᠡᠯᠡᠬᠦ ᠠᠵᠢᠯ ᠤ᠋ᠨ ᠱᠠᠭᠠᠷᠳᠠᠯᠭ᠎ᠠ ᠶ᠋ᠢ ᠤᠯᠠᠮ ᠨᠢᠭᠡ ᠠᠯᠬᠤᠮ ᠨᠠᠢᠳᠠᠪᠤᠷᠢᠵᠢᠭᠤᠯᠵᠤ ᠂ ᠰᠤᠷᠤᠯᠴᠠᠯᠭ᠎ᠠ ᠶ᠋ᠢᠨ ᠦᠷ᠎ᠡ ᠪᠦᠲᠦᠮᠵᠢ ᠶ᠋ᠢ ᠠᠵᠢᠯ ᠤ᠋ᠨ ᠦᠷ᠎ᠡ ᠪᠦᠲᠦᠮᠵᠢ ᠪᠣᠯᠭᠠᠨ ᠦᠨᠡᠨᠬᠦ ᠬᠤᠪᠢᠷᠠᠭᠤᠯᠬᠤ ᠶ᠋ᠢᠨ ᠲᠥᠯᠥᠭᠡ ᠂ ᠣᠢᠷ᠎ᠠ ᠶ᠋ᠢᠨ ᠡᠳᠦᠷ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠠ᠋ᠴᠠ《ᠰᠠᠨᠠᠭᠠᠴᠢᠯᠠᠭ᠎ᠠ ᠠ᠋ᠴᠠ ᠪᠠᠨ ᠳᠠᠢᠴᠢᠯᠠᠨ ᠦᠨᠳᠦᠰᠦᠨ ᠱᠠᠲᠤᠨ ᠳ᠋ᠤ᠌ ᠪᠠᠭᠤᠵᠤ᠂ ᠣᠯᠠᠨ ᠲᠦᠮᠡᠨ ᠳ᠋ᠦ᠍ ᠪᠣᠳᠠᠲᠤ ᠶᠠᠪᠤᠳᠠᠯ ᠬᠢᠵᠦ ᠥᠭᠬᠦ》ᠠᠵᠢᠯᠯᠠᠭ᠎ᠠ ᠶ᠋ᠢ ᠢᠳᠡᠪᠬᠢᠲᠡᠢ ᠥᠷᠨᠢᠭᠦᠯᠬᠦ ᠶ᠋ᠢᠨ ᠲᠥᠯᠥᠭᠡ ᠂ ᠲᠤᠬᠠᠢ ᠶ᠋ᠢᠨ ᠬᠥᠮᠦᠨ ᠢ ᠳᠠᠷᠠᠭᠠᠯᠠᠨ ᠰᠤᠷᠪᠤᠯᠵᠢᠯᠠᠭᠰᠠᠨ ᠮᠥᠷᠲᠡᠭᠡᠨ ᠲᠤᠬᠠᠢ ᠶ᠋ᠢᠨ ᠬᠥᠮᠦᠨ ᠦ᠌ ᠭᠣᠮᠣᠳᠠᠯ ᠲᠣᠭᠠᠴᠢᠭᠰᠠᠨ ᠠᠰᠠᠭᠤᠯᠲᠠ ᠳ᠋ᠤ᠌ ᠬᠠᠷᠢᠭᠤᠯᠲᠠ ᠥᠭᠴᠦ᠂ ᠲᠤᠬᠠᠢ ᠶ᠋ᠢᠨ ᠬᠥᠮᠦᠨ ᠦ᠌ ᠮᠠᠭᠲᠠᠭᠠᠯ ᠰᠠᠢᠰᠢᠶᠠᠯ ᠢ᠋ ᠣᠯᠵᠠᠢ ᠃
ᠣᠢᠷ᠎ᠠ ᠶ᠋ᠢᠨ ᠡᠳᠦᠷ ᠂ ᠠᠷᠠᠳ ᠤ᠋ᠨ ᠳᠥᠷᠪᠡᠳᠦᠭᠡᠷ ᠲᠢᠩᠬᠢᠮ ᠨᠢ ᠨᠢᠭᠡ ᠬᠡᠷᠡᠭ ᠦ᠋ᠨ ᠲᠤᠬᠠᠢ ᠶ᠋ᠢᠨ ᠬᠥᠮᠦᠨ ᠲᠠᠢ ᠣᠯᠠᠨ ᠤᠳᠠᠭ᠎ᠠ ᠪᠣᠯᠵᠣᠨ ᠠᠭᠤᠯᠵᠠᠵᠤ ᠂ ᠣᠯᠠᠨ ᠤᠳᠠᠭ᠎ᠠ ᠤᠲᠠᠰᠤ ᠪᠠᠷ ᠬᠠᠷᠢᠯᠴᠠᠵᠤ ᠂ ᠬᠠᠤᠯᠢ ᠶ᠋ᠢ ᠨᠠᠷᠢᠨ ᠬᠢᠨᠠᠮᠠᠭᠠᠢ ᠰᠣᠨᠣᠰᠴᠤ ᠂ ᠵᠣᠬᠢᠰᠲᠠᠢ ᠭᠤᠶᠤᠴᠢᠯᠠᠯ ᠢ᠋ ᠵᠣᠬᠢᠴᠠᠭᠤᠯᠤᠨ ᠰᠢᠢᠳᠪᠦᠷᠢᠯᠡᠪᠡ ᠃ 4 ᠰᠠᠷ᠎ᠠ ᠶ᠋ᠢᠨ 7 ᠤ ᠡᠳᠦᠷ ᠭᠡᠷ ᠲᠤ ᠨᠢ ᠬᠦᠷᠴᠦ ᠰᠤᠷᠪᠤᠯᠵᠢᠯᠠᠬᠤ ᠳ᠋ᠠᠭᠠᠨ ᠲᠤᠬᠠᠢ ᠶ᠋ᠢᠨ ᠬᠥᠮᠦᠨ ᠲᠠᠯᠠᠷᠬᠠᠯ ᠤ᠋ᠨ ᠰᠡᠳᠬᠢᠯᠭᠡ ᠪᠡᠨ ᠢᠯᠡᠳᠬᠡᠵᠦ ᠂ ᠳᠠᠭᠠᠭᠠᠴᠢᠯᠠᠨ ᠭᠦᠢᠴᠡᠳᠬᠡᠬᠦ ᠰᠢᠭᠦᠭᠴᠢ ᠳ᠋ᠦ᠍ 《ᠡᠳᠦᠷ ᠪᠦᠷᠢ ᠲᠤᠷᠰᠢᠯᠭ᠎ᠠ ᠲᠠᠢ ᠪᠣᠯᠪᠠᠴᠤ ᠤᠭ ᠰᠠᠨᠠᠭ᠎ᠠ ᠪᠠᠨ ᠥᠯᠥ ᠮᠠᠷᠲᠠᠵᠤ ᠬᠠᠤᠯᠢ ᠴᠠᠭᠠᠵᠠ ᠶ᠋ᠢᠨ ᠲᠥᠪ ᠭᠣᠣᠯᠴᠢ ᠪᠥᠭᠡᠳ ᠠᠷᠠᠳ ᠤ᠋ᠨ ᠰᠡᠳᠬᠢᠯ ᠢ᠋ ᠳᠤᠯᠠᠭᠠᠴᠠᠭᠤᠯᠤᠨ᠎ᠠ》 ᠭᠡᠬᠦ ᠲᠤᠭ ᠡᠷᠭᠦᠨ᠂ ᠣᠯᠠᠨ ᠲᠦᠮᠡᠨ ᠳ᠋ᠦ᠍ ᠨᠡᠩ ᠬᠠᠨᠤᠮᠵᠢᠲᠠᠢ ᠵᠣᠯ ᠵᠢᠷᠭᠠᠯᠲᠤ ᠰᠡᠳᠬᠢᠯᠭᠡ ᠣᠯᠭᠣᠪᠠᠯ ᠨᠡᠩ ᠢᠯᠡᠭᠦᠦ ᠠᠮᠤᠷ ᠲᠦᠪᠰᠢᠨ ᠲᠥᠷᠥᠭᠳᠡᠯ ᠳ᠋ᠦ᠍ ᠪᠠᠲᠤᠯᠠᠭ᠎ᠠ ᠲᠠᠢ ᠪᠣᠯᠤᠭᠰᠠᠨ ᠳ᠋ᠤ᠌ ᠲᠠᠯᠠᠷᠬᠠᠵᠤ ᠪᠠᠢᠨ᠎ᠠ᠃
ᠳᠠᠷᠠᠭᠠᠴᠢ ᠶ᠋ᠢᠨ ᠠᠯᠬᠤᠮ ᠳ᠋ᠤ᠌ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ《ᠠᠷᠠᠳ ᠣᠯᠠᠨ ᠳ᠋ᠤ᠌ ᠬᠠᠤᠯᠢ ᠬᠡᠷᠡᠭᠵᠢᠭᠦᠯᠬᠦ ᠬᠡᠷᠡᠭ ᠪᠣᠯᠭᠠᠨ ᠡᠷᠬᠡ ᠲᠡᠭᠰᠢ ᠲᠥᠪ ᠭᠣᠣᠯᠴᠢ ᠶ᠋ᠢ ᠣᠢᠯᠠᠭᠠᠭᠤᠯᠬᠤ 》 ᠠᠵᠢᠯ ᠤ᠋ᠨ ᠬᠠᠷᠠᠯᠲᠠ ᠶ᠋ᠢ ᠦᠷᠭᠦᠯᠵᠢᠯᠡᠨ ᠪᠠᠷᠢᠮᠲᠠᠯᠠᠵᠤ ᠂ ᠣᠯᠠᠨ ᠲᠦᠮᠡᠨ ᠳ᠋ᠦ᠍ ᠦᠨᠡᠨᠬᠦ ᠪᠣᠳᠠᠲᠤ ᠶᠠᠪᠤᠳᠠᠯ ᠬᠢᠵᠦ ᠂ ᠬᠦᠴᠢᠷ ᠠᠰᠠᠭᠤᠳᠠᠯ ᠢ᠋ ᠨᠢ ᠰᠢᠢᠳᠪᠦᠷᠢᠯᠡᠨ ᠠᠷᠠᠳ ᠤ᠋ᠨ ᠲᠥᠯᠥᠭᠡ ᠬᠠᠤᠯᠢ ᠬᠡᠷᠡᠭᠵᠢᠭᠦᠯᠵᠦ ᠂ ᠲᠥᠪ ᠭᠣᠣᠯᠴᠢ ᠪᠠᠷ ᠬᠠᠤᠯᠢ ᠪᠠᠷᠢᠬᠤ ᠶ᠋ᠢ ᠦᠷᠭᠦᠯᠵᠢᠯᠡᠨ ᠠᠬᠢᠭᠤᠯᠤᠨ᠎ᠠ ᠃
ᠦᠨᠡᠯᠡᠬᠦ 0ᠦᠨᠡᠯᠡᠯᠲᠡ ᠲᠠᠢ