ᠪᠠᠭᠠᠲᠤᠷ ᠵᠢᠱ᠌ᠢᠶᠡᠴᠢ ᠶ᠋ᠢ ᠰᠣᠩᠭᠣᠨ ᠰᠢᠯᠭᠠᠷᠠᠭᠤᠯᠬᠤ ᠠᠵᠢᠯ ᠢ᠋ ᠤᠯᠠᠮ ᠨᠢᠭᠡ ᠠᠯᠬᠤᠮ ᠴᠢᠩᠭᠠᠳᠬᠠᠬᠤ ᠶ᠋ᠢᠨ ᠲᠥᠯᠥᠭᠡ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠰᠢᠰᠲ᠋ᠧᠮ ᠦ᠋ᠨ ᠲᠡᠷᠢᠭᠦᠨ ᠦ᠌ ᠨᠡᠢᠲᠡᠯᠢᠭ ᠬᠥᠮᠦᠰ ᠦ᠋ᠨ ᠰᠡᠳᠬᠢᠯ ᠢ᠋ ᠳᠣᠭᠳᠣᠯᠤᠭᠤᠯᠤᠭᠰᠠᠨ ᠦᠢᠯᠡ ᠠᠵᠢᠯᠯᠠᠭ᠎ᠠ ᠵᠢᠴᠢ ᠡᠷᠬᠢᠮ ᠳᠡᠭᠡᠳᠦ ᠬᠡᠪ ᠴᠢᠨᠠᠷ ᠢ᠋ ᠪᠠᠳᠠᠷᠠᠭᠤᠯᠵᠤ ᠂ ᠥᠷᠭᠡᠨ ᠣᠯᠠᠨ ᠺᠠᠲ᠋ᠷ ᠴᠠᠭᠳᠠᠭ᠎ᠠ ᠶ᠋ᠢ ᠦᠨᠡᠨᠴᠢ ᠰᠢᠳᠤᠷᠭᠤ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠂ ᠠᠷᠠᠳ ᠲᠤ᠌ ᠦᠢᠯᠡᠴᠢᠯᠡᠵᠦ ᠂ ᠬᠠᠷᠢᠭᠤᠴᠠᠯᠭ᠎ᠠ ᠡᠭᠦᠷᠭᠡᠯᠡᠯ ᠢ᠋ᠶ᠋ᠡᠨ 3 ᠰᠠᠷ᠎ᠠ ᠶ᠋ᠢᠨ 30 ᠤ᠋ ᠡᠳᠦᠷ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ 《 ᠪᠠᠭᠠᠲᠤᠷ ᠵᠢᠱ᠌ᠢᠶᠡᠴᠢ ᠶ᠋ᠢᠨ ᠵᠣᠷᠢᠭ ᠰᠠᠨᠠᠭ᠎ᠠ ᠶ᠋ᠢ ᠪᠠᠳᠠᠷᠠᠭᠤᠯᠵᠤ ᠂ ᠠᠷᠠᠳ ᠤ᠋ᠨ ᠠᠩᠬᠠᠨ ᠤ᠋ ᠵᠣᠷᠢᠯᠲᠠ ᠪᠠᠨ ᠪᠠᠲᠤ ᠰᠠᠬᠢᠬᠤ》 — ᠣᠷᠳᠣᠰ ᠬᠣᠲᠠ ᠶ᠋ᠢᠨ ᠰᠢᠭᠦᠬᠦ ᠬᠣᠷᠢᠶᠠᠨ ᠤ᠋ ᠪᠠᠭᠠᠲᠤᠷᠯᠢᠭ ᠦᠢᠯᠡ ᠠᠵᠢᠯᠯᠠᠭ᠎ᠠ ᠶ᠋ᠢ ᠡᠷᠬᠢᠯᠡᠪᠡ ᠃ ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡ ᠶ᠋ᠢᠨ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠶᠢᠰᠦᠳᠦᠭᠡᠷ ᠵᠢᠭᠠᠨ ᠵᠢᠯᠣᠭᠣᠳᠬᠤ ᠳᠤᠭᠤᠢᠯᠠᠩ ᠤ᠋ᠨ ᠪᠦᠷᠢᠯᠳᠦᠬᠦᠨ ᠨᠠᠷ ᠬᠤᠷᠠᠯ ᠳ᠋ᠤ᠌ ᠣᠷᠣᠯᠴᠠᠨ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠬᠤᠷᠠᠯ ᠡᠷᠬᠢᠯᠡᠨ ᠮᠡᠳᠡᠭᠦᠯᠦᠯᠲᠡ ᠶ᠋ᠢᠨ ᠬᠤᠷᠠᠯ ᠢ᠋ ᠡᠷᠬᠢᠯᠡᠪᠡ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠶ᠋ᠢᠨ ᠤᠳᠤᠷᠢᠳᠬᠤ ᠪᠠᠭ ᠵᠢᠴᠢ ᠪᠦᠬᠦ ᠺᠠᠲᠠᠷ ᠴᠠᠭᠳᠠᠭ᠎ᠠ ᠶ᠋ᠢᠨ ᠬᠤᠷᠠᠯ ᠳ᠋ᠤ᠌ ᠣᠷᠣᠯᠴᠠᠪᠠ ᠃
ᠮᠡᠳᠡᠭᠦᠯᠦᠯᠲᠡ ᠶ᠋ᠢᠨ ᠬᠤᠷᠠᠯ ᠳᠡᠭᠡᠷ᠎ᠡ ᠤᠬᠠᠭᠤᠯᠤᠨ ᠲᠠᠢᠯᠪᠤᠷᠢᠯᠠᠬᠤ ᠪᠦᠯᠬᠦᠮ ᠦ᠋ᠨ 6 ᠭᠡᠰᠢᠭᠦᠨ ᠂ ᠪᠣᠷᠣᠭᠵᠢᠭᠤᠨ ᠬᠡᠪ ᠨᠠᠮᠪᠠ ᠲᠠᠢ ᠦᠭᠡ ᠪᠡᠷ ᠬᠥᠮᠦᠰ ᠦ᠋ᠨ ᠰᠡᠳᠬᠢᠯ ᠢ᠋ ᠬᠥᠳᠡᠯᠭᠡᠮ᠎ᠡ ᠰᠢᠨ᠎ᠡ ᠦᠯᠢᠭᠡᠷ ᠢ᠋ ᠶᠠᠷᠢᠵᠤ ᠂ ᠰᠢᠭᠦᠬᠦ ᠬᠣᠷᠢᠶᠠᠨ ᠤ᠋ ᠺᠠᠲ᠋ᠷ ᠴᠠᠭᠳᠠᠭ᠎ᠠ ᠨᠠᠷ ᠤ᠋ᠨ ᠦᠨᠡᠨᠴᠢ ᠰᠢᠳᠤᠷᠭᠤ ᠤᠭ ᠴᠢᠨᠠᠷ ᠂ ᠰᠥᠰᠥ ᠵᠣᠷᠢᠭ ᠢ᠋ ᠡᠭᠦᠷᠭᠡᠯᠡᠵᠦ ᠂ ᠠᠷᠠᠳ ᠤ᠋ᠨ ᠲᠥᠯᠥᠭᠡ ᠵᠢᠳᠬᠦᠬᠦ ᠵᠣᠷᠢᠭ ᠰᠠᠨᠠᠭ᠎ᠠ ᠪᠠᠷ ᠰᠢᠨ᠎ᠡ ᠴᠠᠭ ᠦᠶ᠎ᠡ ᠶ᠋ᠢᠨ 《 ᠰᠢᠭᠦᠬᠦ ᠬᠣᠷᠢᠶᠠᠨ ᠤ᠋ ᠪᠠᠭᠠᠲᠤᠷ ᠵᠢᠱ᠌ᠢᠶᠡᠴᠢ 》 ᠭᠡᠬᠦ ᠣᠯᠠᠨ ᠲᠦᠮᠡᠨᠴᠢ ᠵᠢᠷᠤᠭ ᠢ᠋ ᠵᠢᠷᠤᠭᠯᠠᠨ ᠭᠠᠷᠭᠠᠵᠠᠢ ᠃
ᠰᠡᠴᠡᠨ
ᠵᠡᠭᠦᠨᠭᠠᠷ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ᠎ᠠ ᠶ᠋ᠢᠨ ᠵᠠᠮ ᠬᠠᠷᠢᠯᠴᠠᠭᠠᠨ ᠤ᠋ ᠡᠨᠳᠡᠭᠳᠡᠯ ᠦ᠋ᠨ ᠲᠤᠰᠬᠠᠢ ᠮᠡᠷᠭᠡᠵᠢᠯ ᠦ᠋ᠨ ᠰᠢᠭᠦᠬᠦ ᠲᠢᠩᠬᠢᠮ ᠦ᠋ᠨ ᠳᠠᠷᠤᠭ᠎ᠠ
ᠵᠠᠷᠢᠮ ᠬᠥᠮᠦᠨ ᠰᠢᠭᠦᠭᠴᠢ ᠪᠣᠯᠤᠭᠰᠠᠨ ᠤ᠋ ᠬᠤᠪᠢ ᠳ᠋ᠤ᠌ ᠲᠤᠬᠠᠢ ᠶ᠋ᠢᠨ ᠬᠥᠮᠦᠨ ᠦ᠌ ᠤᠷᠮ᠎ᠠ ᠰᠡᠳᠬᠢᠯᠭᠡ ᠳ᠋ᠦ᠍ ᠲᠠᠲᠠᠭᠳᠠᠬᠤ ᠶᠣᠰᠣ ᠦᠭᠡᠢ ᠭᠡᠵᠦ ᠪᠣᠳᠣᠵᠤ ᠪᠠᠢᠬᠤ ᠮᠠᠭᠠᠳ ᠂ ᠲᠤᠰᠬᠠᠢ ᠮᠡᠷᠭᠡᠵᠢᠯ ᠦᠭᠡᠢ ᠂ ᠪᠠᠰᠠ ᠵᠣᠬᠢᠰ ᠦᠭᠡᠢ ᠂ ᠭᠡᠪᠡᠴᠦ ᠮᠢᠨᠦ ᠦᠵᠡᠬᠦ ᠪᠡᠷ ᠡᠳᠡᠭᠡᠷ ᠤᠷᠮ᠎ᠠ ᠰᠡᠳᠬᠢᠯᠭᠡ ᠪᠣᠯ ᠶᠠᠭ ᠮᠢᠨᠦ ᠠᠮᠢᠳᠤᠷᠠᠯ ᠤ᠋ᠨ ᠥᠩᠭᠡᠷᠡᠯᠲᠡ ᠂ ᠮᠢᠨᠦ ᠡᠷᠬᠢᠮ ᠨᠠᠨᠳᠢᠨ ᠡᠳ᠋ ᠪᠠᠶᠠᠯᠢᠭ ᠪᠣᠯ ᠨᠡᠩ ᠴᠤ᠌ ᠮᠢᠨᠦ ᠴᠢᠷᠮᠠᠢᠨ ᠤᠷᠤᠭᠰᠢᠯᠠᠬᠤ ᠶ᠋ᠢᠨ ᠰᠢᠷᠭᠢᠰᠢ ᠦᠭᠡᠢ ᠬᠥᠳᠡᠯᠭᠡᠬᠦ ᠬᠦᠴᠦᠨ ᠪᠣᠯᠤᠨ᠎ᠠ ᠃
ᠯᠢᠦ ᠬᠠᠢ ᠷᠦᠩ
ᠣᠲᠣᠭ ᠤ᠋ᠨ ᠡᠮᠦᠨᠡᠲᠦ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ᠂ ᠳᠡᠳ᠋ ᠳᠠᠷᠤᠭ᠎ᠠ
ᠮᠢᠨᠦ ᠪᠣᠳᠣᠬᠤ ᠪᠠᠷ ᠬᠥᠮᠦᠨ ᠵᠥᠪᠬᠡᠨ ᠢᠲᠡᠭᠡᠯ ᠪᠢᠰᠢᠷᠡᠯ ᠲᠡᠢ ᠂ ᠶᠠᠮᠠᠷ ᠴᠤ᠌ ᠬᠦᠴᠢᠷ ᠪᠡᠷᠬᠡᠰᠢᠶᠡᠯ ᠢ᠋ ᠲᠡᠰᠪᠦᠷᠢᠯᠡᠵᠦ ᠳᠡᠢᠯᠬᠦ ᠣᠷᠴᠢᠨ ᠲᠣᠭᠣᠷᠢᠨ ᠪᠦᠷ ᠵᠣᠬᠢᠴᠠᠵᠤ ᠳᠡᠢᠯᠦᠨ᠎ᠡ ᠃ ᠬᠠᠤᠯᠢ ᠶ᠋ᠢᠨ ᠲᠤᠰᠢᠶᠠᠯᠲᠠᠨ ᠤ᠋ ᠬᠥᠮᠦᠨ ᠴᠢᠨᠠᠷ ᠪᠣᠯ ᠰᠢᠳᠤᠷᠭᠤ ᠶᠣᠰᠣᠨ ᠤ᠋ ᠬᠠᠮᠤᠭ ᠡᠴᠦᠰ ᠦ᠋ᠨ ᠪᠠᠲᠤᠯᠠᠭ᠎ᠠ ᠂ ᠵᠥᠪᠬᠡᠨ ᠥᠪᠡᠷ ᠢ᠋ᠶ᠋ᠡᠨ ᠠᠵᠢᠯ ᠬᠢᠪᠡᠯ ᠰᠠᠶᠢ ᠵᠣᠷᠢᠭ ᠰᠥᠰᠥ ᠲᠡᠢ ᠪᠣᠯᠤᠨ᠎ᠠ ᠃
ᠾᠧ ᠶᠠᠨ ᠴᠦᠨ
ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠬᠡᠷᠡᠭ ᠪᠣᠯᠭᠠᠨ ᠳᠠᠩᠰᠠᠯᠠᠬᠤ ᠲᠢᠩᠬᠢᠮ ᠦ᠋ᠨ ᠳᠠᠷᠤᠭ᠎ᠠ
ᠲᠥᠪ ᠭᠣᠣᠯᠴᠢ ᠰᠢᠳᠤᠷᠭᠤ ᠶᠣᠰᠣ ᠤᠴᠢᠷ ᠰᠢᠯᠲᠠᠭᠠᠨ ᠦᠭᠡᠢ ᠪᠢᠰᠢ ᠂ ᠬᠠᠷᠢᠨ ᠠᠷᠠᠳ ᠣᠯᠠᠨ ᠤ᠋ ᠲᠥᠯᠥᠭᠡ ᠢᠯᠡᠭᠦᠦ ᠰᠢᠭ ᠂ ᠪᠠᠰᠠ ᠵᠢᠭᠠᠬᠠᠨ ᠴᠢᠷᠮᠠᠢᠯᠭ᠎ᠠ ᠭᠠᠷᠭᠠᠨ᠎ᠠ ᠃ ᠡᠨᠳᠡ ᠵᠣᠭᠰᠣᠭᠠᠳ ᠴᠡᠭᠡᠵᠢᠨ ᠡᠮᠦᠨ᠎ᠡ ᠭᠢᠯᠠᠯᠵᠠᠭᠰᠠᠨ ᠹᠷᠠᠨᠼᠢ ᠰᠦᠯᠳᠡ ᠳᠡᠭᠡᠷᠡᠬᠢ ᠠᠯᠲᠠᠨ ᠰᠢᠷᠭᠠᠯ ᠲᠡᠩᠨᠡᠭᠦᠷ ᠢ᠋ ᠦᠵᠡᠭᠡᠳ ᠪᠢ ᠡᠨᠡ ᠪᠣᠯ ᠤᠯᠤᠰ ᠣᠷᠣᠨ ᠠ᠋ᠴᠠ ᠠᠷᠠᠳ ᠲᠦᠮᠡᠨ ᠡᠴᠡ ᠪᠢᠳᠡᠨ ᠳ᠋ᠦ᠍ ᠣᠯᠭᠣᠭᠰᠠᠨ ᠬᠦᠨᠳᠦ ᠨᠠᠢᠳᠠᠯᠭ᠎ᠠ ᠪᠣᠯᠬᠤ ᠶ᠋ᠢ ᠭᠦᠨ ᠮᠡᠳᠡᠵᠡᠢ ᠃
ᠵᠢᠨ ᠹᠦ ᠴᠢᠨ
ᠡᠵᠡᠨ ᠬᠣᠷᠣᠭ᠎ᠠ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ᠎ᠠ ᠶ᠋ᠢᠨ ᠡᠷᠡᠭᠦᠦ ᠶ᠋ᠢᠨ ᠬᠡᠷᠡᠭ ᠦ᠋ᠨ ᠰᠢᠭᠦᠨ ᠲᠠᠰᠤᠯᠬᠤ ᠲᠢᠩᠬᠢᠮ ᠦ᠋ᠨ ᠳᠠᠷᠤᠭ᠎ᠠ
ᠥᠷᠢᠰᠦᠯᠳᠦᠭᠡᠨ ᠦ᠌ ᠡᠮᠦᠨ᠎ᠡ ᠨᠠᠳᠠ ᠶ᠋ᠢ ᠵᠣᠷᠢᠭ ᠮᠣᠬᠣᠷᠠᠭᠤᠯᠵᠤ ᠂ ᠤᠬᠤᠷᠢᠬᠤ ᠲᠣᠬᠢᠶᠠᠯ ᠴᠤ᠌ ᠪᠠᠢᠬᠤ ᠦᠭᠡᠢ ᠂ ᠪᠢ ᠥᠪᠡᠷ ᠦ᠋ᠨ ᠪᠡᠶ᠎ᠡ ᠳ᠋ᠦ᠍ ᠪᠡᠨ ᠄ 《 ᠠᠯᠢ ᠠᠵᠢᠯ ᠤ᠋ᠨ ᠪᠠᠢᠷᠢ ᠳᠡᠭᠡᠷ᠎ᠡ ᠴᠦ᠍ ᠭᠡᠰᠡᠨ ᠪᠦᠷ ᠯᠠᠪᠳᠠᠭᠤᠨ ᠪᠠᠲᠤᠲᠠᠢ ᠠᠵᠢᠯᠯᠠᠵᠤ ᠳᠡᠭᠡᠳᠦ ᠬᠡᠮᠵᠢᠶᠡᠨ ᠦ᠌ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠡᠷ ᠡᠯ᠎ᠡ ᠵᠦᠢᠯ ᠦ᠋ᠨ ᠠᠵᠢᠯ ᠤ᠋ᠨ ᠬᠢᠨᠠᠨ ᠲᠠᠰᠤᠯᠤᠯᠲᠠ ᠶ᠋ᠢ ᠰᠠᠢᠨ ᠬᠢᠵᠦ ᠬᠡᠷᠡᠭ ᠪᠣᠯᠭᠠᠨ ᠢ᠋ ᠰᠠᠢᠬᠠᠨ ᠲᠥᠪ ᠭᠣᠣᠯᠴᠢ ᠰᠢᠳᠤᠷᠭᠤ ᠶᠣᠰᠣ ᠭᠡᠬᠦ ᠡᠨᠡᠬᠦ ᠠᠮᠢ ᠨᠠᠰᠤᠨ ᠤ᠋ ᠱᠤᠭᠤᠮ ᠢ᠋ ᠰᠠᠬᠢᠨ᠎ᠠ᠃
ᠯᠢᠦ ᠶᠠᠨ
ᠬᠢᠶ᠎ᠡ ᠪᠠᠭᠰᠢ ᠲᠣᠭᠣᠷᠢᠭ ᠤ᠋ᠨ ᠠᠷᠠᠳ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠭᠦᠢᠴᠡᠳᠬᠡᠬᠦ ᠲᠣᠪᠴᠢᠶ᠎ᠠ ᠶ᠋ᠢᠨ ᠲᠣᠪᠴᠢᠶᠠᠨ ᠳᠠᠷᠤᠭ᠎ᠠ
《 ᠭᠦᠢᠴᠡᠳᠬᠡᠬᠦ ᠰᠢᠭᠦᠭᠴᠢ ᠪᠣᠯ ᠭᠦᠢᠴᠡᠳᠬᠡᠬᠦ ᠵᠠᠮ ᠳ᠋ᠤ᠌ ᠪᠠᠢᠬᠤ ᠪᠢᠰᠢ 》 ᠡᠨᠡ ᠦᠭᠡ ᠪᠡᠷ ᠰᠢᠭᠦᠭᠴᠢ ᠶ᠋ᠢᠨ ᠲᠣᠬᠢᠷᠠᠮᠵᠢᠲᠠᠢ ᠪᠠᠢᠬᠤ ᠶ᠋ᠢ ᠵᠦᠢᠷᠯᠡᠶᠡ ᠃ 《 ᠭᠦᠢᠴᠡᠳᠬᠡᠬᠦ ᠪᠡᠷᠬᠡᠲᠡᠢ 》 ᠪᠠᠢᠳᠠᠯ ᠳ᠋ᠤ᠌ ᠴᠢᠭᠯᠡᠭᠦᠯᠦᠨ 《 ᠠᠷᠭ᠎ᠠ ᠶᠡᠷᠦ ᠨᠢ ᠬᠦᠴᠢᠷ ᠪᠡᠷᠬᠡᠰᠢᠶᠡᠯ ᠶᠡᠬᠡ ᠲᠡᠢ ᠪᠠᠢᠬᠤ ᠠ᠋ᠴᠠ ᠪᠢᠰᠢ ᠂ ᠥᠴᠦᠬᠡᠨ ᠲᠡᠳᠦᠢ ᠴᠦ᠍ ᠭᠡᠰᠡᠨ ᠬᠦᠰᠡᠯ ᠡᠷᠡᠮᠡᠯᠵᠡᠯ ᠲᠡᠢ ᠪᠣᠯ ᠵᠠᠭᠤᠨ ᠤ᠋ ᠵᠠᠭᠤ ᠪᠠᠷ ᠴᠢᠷᠮᠠᠢᠬᠤ ᠬᠡᠷᠡᠭᠲᠡᠢ 》 ᠭᠡᠵᠦ ᠵᠣᠷᠢᠭᠵᠢᠭᠤᠯᠤᠭᠰᠠᠭᠠᠷ ᠢᠷᠡᠵᠡᠢ ᠃
ᠳ᠋ᠠᠩ ᡁᠢ ᠮᠢᠨ
ᠬᠠᠩᠭᠢᠨ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ᠎ᠠ ᠶ᠋ᠢᠨ ᠭᠣᠣᠯ ᠳᠠᠭᠠᠤ ᠭᠠᠵᠠᠷ ᠣᠷᠣᠨ ᠤ᠋ ᠲᠥᠪ ᠦ᠋ᠨ ᠠᠷᠠᠳ ᠤ᠋ᠨ ᠰᠢᠭᠦᠬᠦ ᠲᠢᠩᠬᠢᠮ ᠦ᠋ᠨ ᠳᠡᠳ᠋ ᠳᠠᠷᠤᠭ᠎ᠠ
ᠮᠢᠨᠦ ᠰᠠᠨᠠᠭᠠᠰᠢᠷᠠᠬᠤ ᠤᠴᠢᠷ ᠳᠡᠩᠳᠡᠭᠦᠦ ᠠᠷᠪᠢᠨ ᠪᠣᠯᠤᠭᠠᠳ ᠬᠡᠷᠡᠭ ᠦ᠋ᠨ ᠡᠪᠬᠡᠮᠡᠯ ᠢ᠋ ᠬᠥᠷᠪᠡᠭᠦᠯᠬᠦ ᠪᠦᠷᠢ ᠲᠤᠬᠠᠢ ᠶ᠋ᠢᠨ ᠬᠥᠮᠦᠨ ᠠᠷᠠᠳ ᠣᠯᠠᠨ ᠢ᠋ ᠪᠣᠳᠣᠵᠤ ᠣᠯᠪᠠᠯ ᠰᠡᠳᠬᠢᠯ ᠰᠠᠨᠠᠭ᠎ᠠ ᠬᠦᠨᠳᠦ ᠨᠦᠰᠡᠷ ᠰᠠᠨᠠᠭᠳᠠᠨ᠎ᠠ ᠂ ᠡᠳᠡᠭᠡᠷ ᠤᠴᠢᠷ ᠢ᠋ ᠰᠠᠢᠬᠠᠨ ᠰᠢᠢᠳᠪᠦᠷᠢᠯᠡᠬᠦ ᠦᠭᠡᠢ ᠪᠣᠯ ᠪᠢ ᠰᠠᠨᠠᠭ᠎ᠠ ᠠᠮᠤᠷ ᠵᠠᠯᠬᠠᠭᠤᠷᠠᠬᠤ ᠴᠤ᠌ ᠠᠷᠭ᠎ᠠ ᠦᠭᠡᠢ ᠃
ᠬᠤᠷᠠᠯ ᠠ᠋ᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡ ᠶ᠋ᠢᠨ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠶᠢᠰᠦᠳᠦᠭᠡᠷ ᠵᠢᠯᠣᠭᠣᠳᠬᠤ ᠳᠤᠭᠤᠢᠯᠠᠩ ᠤ᠋ᠨ ᠪᠦᠷᠢᠯᠳᠦᠬᠦᠨ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠬᠠᠮᠲᠤ ᠮᠡᠳᠡᠭᠦᠯᠦᠯᠲᠡ ᠶ᠋ᠢᠨ ᠪᠦᠯᠬᠦᠮ ᠦ᠋ᠨ 6 ᠭᠡᠰᠢᠭᠦᠨ ᠢ᠋ ᠪᠣᠯᠭᠣᠭᠠᠨ ᠲᠣᠬᠣᠨᠢᠭᠤᠯᠵᠠᠢ ᠃
ᠮᠡᠳᠡᠭᠦᠯᠦᠯᠲᠡ ᠶ᠋ᠢᠨ ᠬᠤᠷᠠᠯ ᠲᠡᠭᠦᠰᠦᠭᠰᠡᠨ ᠦ᠌ ᠳᠠᠷᠠᠭ᠎ᠠ ᠂ ᠺᠠᠲ᠋ᠷ ᠴᠠᠭᠳᠠᠭ᠎ᠠ ᠨᠠᠷ ᠬᠠᠵᠠᠭᠤᠳᠠᠬᠢ ᠰᠢᠯᠢᠳᠡᠭ ᠨᠡᠢᠲᠡᠯᠢᠭ ᠦᠢᠯᠡ ᠠᠵᠢᠯᠯᠠᠭ᠎ᠠ ᠪᠣᠯᠤᠨ ᠡᠷᠬᠢᠮ ᠳᠡᠭᠡᠳᠦ ᠵᠣᠷᠢᠭ ᠰᠠᠨᠠᠭ᠎ᠠ ᠪᠠᠷ ᠠᠮᠢᠳᠤ ᠳᠦᠷᠰᠦᠯᠢᠭ ᠵᠢᠭᠠᠬᠤ ᠮᠠᠲ᠋ᠧᠷᠢᠶᠠᠯ ᠪᠣᠯᠭᠠᠵᠤ ᠂ ᠬᠠᠤᠯᠢ ᠴᠠᠭᠠᠵᠠ ᠶ᠋ᠢᠨ ᠠᠵᠢᠯ ᠦᠢᠯᠡᠰ ᠲᠦ᠍ ᠬᠠᠯᠠᠭᠤᠨ ᠰᠡᠳᠬᠢᠯ ᠢ᠋ᠶ᠋ᠡᠷ ᠣᠷᠣᠯᠴᠠᠵᠤ ᠂ ᠨᠡᠩ ᠣᠯᠠᠨ ᠰᠤᠷᠤᠯᠭ᠎ᠠ ᠶ᠋ᠢᠨ ᠦᠷ᠎ᠡ ᠪᠦᠲᠦᠭᠡᠯ ᠢ᠋ ᠰᠢᠭᠦᠬᠦ ᠬᠣᠷᠢᠶᠠᠨ ᠤ᠋ ᠡᠯ᠎ᠡ ᠲᠥᠷᠥᠯ ᠦ᠋ᠨ ᠠᠵᠢᠯ ᠳ᠋ᠤ᠌ ᠰᠢᠨ᠎ᠡ ᠠᠮᠵᠢᠯᠲᠠ ᠣᠯᠬᠤ ᠶ᠋ᠢ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ ᠂ ᠴᠠᠭ ᠦᠶ᠎ᠡ ᠶ᠋ᠢᠨ ᠰᠢᠭᠦᠬᠦ ᠬᠣᠷᠢᠶᠠᠨ ᠤ᠋ ᠠᠵᠢᠯ ᠤ᠋ᠨ ᠰᠢᠨ᠎ᠡ ᠪᠠᠢᠳᠠᠯ ᠢ᠋ ᠴᠢᠷᠮᠠᠢᠨ ᠡᠭᠦᠳᠦᠶ᠎ᠡ᠃
ᠦᠨᠡᠯᠡᠬᠦ 0ᠦᠨᠡᠯᠡᠯᠲᠡ ᠲᠠᠢ