ᠪᠣᠳᠠᠲᠤ ᠲᠡᠢᠨ ᠬᠦᠴᠦᠲᠦ ᠴᠠᠭᠳᠠᠭ᠎ᠠ ᠶ᠋ᠢᠨ ᠰᠦᠭ ᠰᠦᠨᠡᠰᠦ ᠶ᠋ᠢ ᠱᠤᠭᠤᠵᠤ ᠤᠷ᠎ᠠ ᠴᠢᠳᠠᠪᠤᠷᠢ ᠶ᠋ᠢᠨ ᠪᠣᠯᠪᠠᠰᠤᠷᠠᠯ ᠤᠨ ᠠᠮᠤᠷ ᠲᠦᠪᠰᠢᠨ ᠢ᠋ ᠪᠠᠲᠤᠯᠠᠪᠠ- ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠴᠠᠭᠳᠠᠭᠠᠨ ᠤ᠋ ᠪᠣᠳᠠᠲᠤ ᠲᠡᠢᠨ ᠦ᠌ ᠮᠡᠷᠭᠡᠵᠢᠯ ᠴᠢᠳᠠᠪᠤᠷᠢ ᠶ᠋ᠢᠨ ᠪᠣᠯᠪᠠᠰᠤᠷᠠᠯ ᠤ᠋ᠨ ᠠᠩᠭᠢ ᠬᠢᠴᠢᠶᠡᠯ ᠡᠬᠢᠯᠡᠯ᠎ᠡ
2021.04.19 ᠲᠣᠰ ᠥᠷᠲᠡᠭᠡᠨ ᠦ ᠨᠠᠢᠷᠠᠭᠤᠯᠤᠭᠴᠢ

  ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡᠨ ᠦ᠌ ᠪᠠᠢᠭᠤᠯᠤᠯᠲᠠ ᠶ᠋ᠢ ᠴᠢᠩᠭᠠᠳᠬᠠᠬᠤ ᠲᠤᠬᠠᠢ ᠶᠡᠷᠦᠩᠬᠡᠢ ᠱᠦᠵᠢ ᠰᠢ ᠵᠢᠨ ᠫᠢᠩ ᠦ᠋ᠨ ᠴᠢᠬᠤᠯᠠ ᠵᠢᠭᠠᠪᠤᠷᠢ ᠪᠣᠯᠤᠨ ᠪᠣᠯᠪᠠᠰᠤᠷᠠᠯ ᠤ᠋ᠨ ᠦᠭᠡ ᠶ᠋ᠢᠨ ᠵᠣᠷᠢᠭ ᠰᠠᠨᠠᠭ᠎ᠠ ᠶ᠋ᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠬᠠᠤᠯᠢ ᠴᠠᠭᠠᠵᠠ ᠶ᠋ᠢᠨ ᠴᠠᠭᠳᠠᠭᠠᠨ ᠤ᠋ ᠶᠠᠪᠤᠳᠠᠯ ᠤ᠋ᠨ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ ᠶ᠋ᠢᠨ ᠲᠥᠯᠥᠭᠡ 4 ᠰᠠᠷ᠎ᠠ ᠶ᠋ᠢᠨ 7 ᠤ᠋ ᠡᠳᠦᠷ ᠣᠷᠳᠣᠰ ᠬᠣᠲᠠ ᠶ᠋ᠢᠨ ᠰᠢᠭᠦᠬᠦ ᠬᠣᠷᠢᠶᠠᠨ ᠤ᠋ ᠴᠠᠭᠳᠠᠭᠠᠨ ᠤ᠋ ᠶᠠᠪᠤᠳᠠᠯ ᠤ᠋ᠨ ᠪᠣᠳᠠᠲᠤ ᠳᠠᠢᠨ ᠤ᠋ ᠮᠡᠷᠭᠡᠵᠢᠯ ᠴᠢᠳᠠᠪᠤᠷᠢ ᠶ᠋ᠢᠨ ᠪᠣᠯᠪᠠᠰᠤᠷᠠᠯ ᠤ᠋ᠨ ᠠᠩᠭᠢ ᠬᠣᠲᠠ ᠶ᠋ᠢᠨ ᠳᠣᠲᠣᠭᠠᠳᠤ ᠶ᠋ᠢ ᠬᠠᠮᠠᠭᠠᠯᠠᠬᠤ ᠲᠣᠪᠴᠢᠶᠠᠨ ᠤ᠋ ᠠᠷᠠᠳ ᠤ᠋ᠨ ᠴᠠᠭᠳᠠᠭ᠎ᠠ ᠶ᠋ᠢᠨ ᠪᠣᠯᠪᠠᠰᠤᠷᠠᠯ ᠤ᠋ᠨ ᠰᠤᠷᠭᠠᠭᠤᠯᠢ ᠳ᠋ᠤ᠌ ᠬᠢᠴᠢᠶᠡᠯ ᠡᠬᠢᠯᠡᠪᠡ ᠃

     ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠬᠠᠤᠯᠢ ᠶ᠋ᠢᠨ ᠴᠠᠭᠳᠠᠭ᠎ᠠ ᠶ᠋ᠢᠨ ᠶᠡᠷᠦᠩᠬᠡᠢ ᠠᠩᠭᠢ ᠶ᠋ᠢᠨ ᠤᠯᠤᠰ ᠲᠥᠷᠥ ᠶ᠋ᠢᠨ ᠭᠡᠰᠢᠭᠦᠨ ᠯᠢ ᠰᠢᠶᠣᠤ ᠵᠧᠦ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠳᠥᠷᠪᠡᠳᠦᠭᠡᠷ ᠳᠡᠰ ᠦ᠋ᠨ ᠪᠠᠢᠴᠠᠭᠠᠨ ᠰᠤᠳᠤᠯᠤᠭᠴᠢ ᠱᠢ ᠲᠢᠶᠠᠨ ᠵᠧᠨ ᠬᠣᠲᠠ ᠶ᠋ᠢᠨ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠶ᠋ᠢᠨ ᠨᠠᠮ ᠤ᠋ᠨ ᠬᠣᠷᠢᠶ᠎ᠠ ᠶ᠋ᠢᠨ ᠭᠡᠰᠢᠭᠦᠨ ᠂ ᠤᠯᠤᠰ ᠲᠥᠷᠥ ᠶ᠋ᠢᠨ ᠬᠡᠯᠲᠡᠰ ᠦ᠋ᠨ ᠡᠷᠬᠢᠯᠡᠭᠴᠢ ᠮᠦ᠍ ᠴᠢ ᠡᠯ ᠬᠣᠲᠠ ᠶ᠋ᠢᠨ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠶ᠋ᠢᠨ ᠠᠷᠠᠳ ᠤ᠋ᠨ ᠴᠠᠭᠳᠠᠭ᠎ᠠ ᠶ᠋ᠢᠨ ᠪᠣᠯᠪᠠᠰᠤᠷᠠᠯ ᠤ᠋ᠨ ᠰᠤᠷᠭᠠᠭᠤᠯᠢ ᠶ᠋ᠢᠨ ᠳᠠᠷᠤᠭ᠎ᠠ ᠸᠠᠩ ᠸᠸᠨ ᠬᠤᠸᠠ ᠠᠩᠭᠢ ᠡᠬᠢᠯᠡᠬᠦ ᠶᠣᠰᠣᠯᠠᠯ ᠳ᠋ᠤ᠌ ᠣᠷᠣᠯᠴᠠᠵᠤ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠳᠠᠷᠤᠭ᠎ᠠ ᠵᠢᠶᠠ ᠴᠠᠩ ᠪᠢᠩ ᠶᠠᠷᠢᠶ᠎ᠠ ᠲᠠᠯᠪᠢᠵᠤ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠬᠠᠤᠯᠢ ᠶ᠋ᠢᠨ ᠴᠠᠭᠳᠠᠭ᠎ᠠ ᠶ᠋ᠢᠨ ᠰᠠᠯᠪᠤᠷᠢ ᠠᠩᠭᠢ ᠳ᠋ᠤ᠌ ᠣᠷᠣᠯᠴᠠᠵᠠᠢ ᠃

 

     ᠵᠢᠶᠠ ᠴᠠᠩ ᠪᠢᠩ ᠴᠢᠬᠤᠯᠠᠴᠢᠯᠠᠬᠤ ᠳ᠋ᠠᠭᠠᠨ ᠂ ᠬᠠᠤᠯᠢ ᠴᠠᠭᠠᠵᠠ ᠶ᠋ᠢᠨ ᠴᠠᠭᠳᠠᠭ᠎ᠠ ᠪᠣᠯ ᠠᠷᠠᠳ ᠤ᠋ᠨ ᠰᠢᠭᠦᠬᠦ ᠬᠣᠷᠢᠶᠠᠨ ᠤ᠋ ᠡᠩᠨᠡᠭᠡᠨ ᠦ᠌ ᠴᠢᠬᠤᠯᠠ ᠪᠦᠷᠢᠯᠳᠦᠬᠦᠨ ᠬᠡᠰᠡᠭ ᠮᠥᠨ ᠂ 《ᠨᠠᠮ ᠳ᠋ᠠᠭᠠᠨ ᠦᠨᠡᠨᠴᠢ ᠂ ᠠᠷᠠᠳ ᠲᠦᠮᠡᠨ ᠳ᠋ᠦ᠍ ᠦᠢᠯᠡᠴᠢᠯᠡᠬᠦ ᠂ ᠬᠠᠤᠯᠢ ᠶ᠋ᠢ ᠲᠥᠪ ᠭᠣᠣᠯᠴᠢ ᠪᠠᠷ ᠬᠡᠷᠡᠭᠵᠢᠭᠦᠯᠬᠦ ᠂ ᠰᠠᠬᠢᠯᠭ᠎ᠠ ᠪᠠᠲᠤ ᠲᠠᠢ》 ᠶᠡᠷᠦᠩᠬᠡᠢ ᠱᠠᠭᠠᠷᠳᠠᠯᠭ᠎ᠠ ᠶᠣᠰᠣᠭᠠᠷ ᠂ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠡᠩᠨᠡᠭᠡᠨ ᠦ᠌ ᠪᠠᠢᠭᠤᠯᠤᠯᠲᠠ ᠶ᠋ᠢ ᠪᠥᠬᠥ ᠲᠠᠯ᠎ᠠ ᠪᠠᠷ ᠴᠢᠩᠭ᠋ᠠᠳᠬᠠᠬᠤ ᠬᠡᠷᠡᠭᠲᠡᠢ ᠃ ᠨᠠᠮ ᠤ᠋ᠨ ᠤᠯᠤᠰ ᠲᠥᠷᠥ ᠶ᠋ᠢᠨ ᠪᠠᠢᠭᠤᠯᠤᠯᠲᠠ ᠪᠠᠷ ᠵᠢᠯᠣᠭᠣᠳᠤᠯᠭ᠎ᠠ ᠪᠣᠯᠭᠠᠨ ᠤᠯᠤᠰ ᠲᠥᠷᠥ ᠶ᠋ᠢᠨ ᠴᠠᠭᠳᠠᠭ᠎ᠠ ᠪᠠᠢᠭᠤᠯᠬᠤ ᠴᠢᠭᠯᠡᠯᠲᠡ ᠶ᠋ᠢ ᠪᠠᠷᠢᠮᠲᠠᠯᠠᠵᠤ 《ᠳᠥᠷᠪᠡᠨ ᠤᠬᠠᠮᠰᠠᠷ》 ᠢ᠋ᠶ᠋ᠠᠨ ᠲᠠᠰᠤᠷᠠᠯᠲᠠ ᠦᠭᠡᠢ ᠴᠢᠩᠭᠠᠳᠬᠠᠵᠤ 《ᠬᠣᠶᠠᠷ ᠢ᠋ ᠬᠠᠮᠠᠭᠠᠯᠠᠬᠤ》 ᠶ᠋ᠢ ᠭᠦᠢᠴᠡᠳᠬᠡᠨ᠎ᠡ᠃ ᠪᠣᠳᠠᠲᠠᠢ ᠪᠠᠢᠯᠳᠤᠭᠠᠨᠴᠢᠯᠠᠭᠰᠠᠨ ᠪᠣᠯᠪᠠᠰᠤᠷᠠᠯ ᠢ᠋ᠶ᠋ᠠᠷ ᠭᠠᠷᠳᠠᠴᠠ ᠪᠣᠯᠭᠠᠨ ᠬᠠᠤᠯᠢ ᠬᠡᠷᠡᠭᠵᠢᠭᠦᠯᠦᠯᠲᠡ ᠶ᠋ᠢᠨ ᠵᠢᠷᠤᠮᠵᠢᠭᠤᠯᠬᠤ ᠪᠠᠢᠭᠤᠯᠤᠯᠲᠠ ᠶ᠋ᠢ ᠲᠦᠯᠬᠢᠨ ᠠᠬᠢᠭᠤᠯᠬᠤ ᠬᠡᠷᠡᠭᠲᠡᠢ᠃ 《ᠪᠣᠳᠠᠲᠤ ᠪᠠᠢᠯᠳᠤᠭᠠᠨ ᠢ᠋ᠶ᠋ᠠᠷ ᠰᠤᠷᠭᠠᠭᠤᠯᠢᠯᠠᠯ ᠬᠢᠵᠦ ᠂ ᠰᠤᠷᠭᠠᠭᠤᠯᠢᠯᠠᠯ ᠶᠣᠰᠣᠭᠠᠷ ᠪᠣᠳᠠᠲᠤ ᠪᠠᠢᠯᠳᠤᠭᠠᠨ ᠬᠢᠬᠦ》 ᠰᠡᠳᠬᠢᠴᠡ ᠶ᠋ᠢ ᠪᠣᠢ ᠪᠣᠯᠭᠠᠬᠤ ᠬᠡᠷᠡᠭᠲᠡᠢ ᠂ ᠪᠣᠳᠠᠲᠤ ᠲᠡᠢᠨ ᠦ᠌ ᠱᠠᠭᠠᠷᠳᠠᠯᠭ᠎ᠠ ᠶ᠋ᠢ ᠳᠣᠪᠣᠢᠯᠭᠠᠬᠤ ᠶ᠋ᠢ ᠪᠠᠲᠤᠯᠠᠬᠤ ᠬᠡᠷᠡᠭᠲᠡᠢ ᠃ ᠡᠩᠨᠡᠭᠡᠨ ᠦ᠌ ᠬᠥᠮᠦᠵᠢᠯ ᠴᠡᠭᠴᠡᠯᠡᠯᠲᠡ ᠪᠡᠷ ᠲᠣᠬᠢᠶᠠᠯ ᠪᠣᠯᠭᠠᠨ ᠪᠣᠳᠠᠲᠠᠢ ᠪᠠᠢᠯᠳᠤᠭᠠᠨ ᠳ᠋ᠤ᠌ ᠴᠢᠭᠯᠡᠭᠦᠯᠵᠦ ᠂ ᠪᠣᠯᠪᠠᠰᠤᠷᠠᠯ ᠢ᠋ᠶ᠋ᠠᠨ ᠴᠢᠩᠭᠠᠳᠬᠠᠨ ᠂ ᠴᠠᠭᠳᠠᠭ᠎ᠠ ᠂ ᠡᠩᠨᠡᠭᠡ ᠶ᠋ᠢ ᠴᠡᠭᠴᠡᠯᠡᠵᠦ ᠂ ᠬᠠᠲᠠᠭᠤ ᠴᠢᠩᠭ᠎ᠠ ᠰᠠᠬᠢᠯᠭ᠎ᠠ ᠪᠠᠲᠤ ᠪᠠᠷ ᠴᠢᠩᠭ᠎ᠠ ᠱᠠᠭᠠᠷᠳᠠᠬᠤ ᠬᠡᠷᠡᠭᠲᠡᠢ ᠃

     ᠯᠢ ᠰᠢᠶᠣᠤ ᠵᠧᠦ ᠵᠢᠭᠠᠵᠤ ᠭᠠᠷᠭᠠᠭᠰᠠᠨ ᠨᠢ ᠂ ᠪᠦᠬᠦ ᠪᠣᠯᠪᠠᠰᠤᠷᠠᠯ ᠳ᠋ᠤ᠌ ᠣᠷᠣᠯᠴᠠᠬᠤ ᠬᠠᠤᠯᠢ ᠶ᠋ᠢᠨ ᠴᠠᠭᠳᠠᠭ᠎ᠠ《 ᠶᠠᠭᠤ ᠳᠤᠲᠠᠭᠳᠠᠵᠤ ᠂ ᠶᠠᠭᠤ ᠪᠣᠯᠪᠠᠰᠤᠷᠠᠬᠤ ᠂ ᠶᠠᠭᠤ ᠨᠥᠬᠥᠪᠥᠷᠢᠯᠡᠬᠦ 》 ᠵᠠᠷᠴᠢᠮ ᠶᠣᠰᠣᠭᠠᠷ ᠂ ᠬᠠᠷᠠᠯᠲᠠ ᠶ᠋ᠢᠨ ᠵᠥᠷᠢᠶ᠎ᠡ ᠳ᠋ᠦ᠍ ᠵᠠᠳᠠᠯᠤᠯᠲᠠ ᠬᠢᠵᠦ ᠬᠡᠪ ᠴᠢᠨᠠᠷ ᠢ᠋ ᠨᠢ ᠳᠡᠭᠡᠭᠰᠢᠯᠡᠭᠦᠯᠬᠦ ᠬᠡᠷᠡᠭᠲᠡᠢ ᠃ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ ᠂ ᠪᠣᠳᠠᠲᠤ ᠪᠠᠢᠯᠳᠤᠭᠠᠨ ᠤ᠋ ᠪᠣᠯᠪᠠᠰᠤᠷᠠᠯ ᠤ᠋ᠨ ᠴᠢᠬᠤᠯᠠ ᠴᠢᠨᠠᠷ ᠢ᠋ ᠭᠦᠢᠴᠡᠳ ᠲᠠᠨᠢᠵᠤ ᠂ ᠬᠠᠤᠯᠢ ᠶ᠋ᠢᠨ ᠴᠠᠭᠳᠠᠭ᠎ᠠ ᠶ᠋ᠢᠨ ᠤᠭ ᠰᠠᠨᠠᠭ᠎ᠠ ᠪᠣᠯᠤᠨ ᠡᠭᠦᠷᠭᠡ ᠶ᠋ᠢ ᠢᠮᠠᠭᠲᠠ ᠪᠠᠲᠤ ᠴᠡᠭᠡᠵᠢᠯᠡᠵᠦ ᠃ ᠪᠣᠯᠪᠠᠰᠤᠷᠠᠬᠤ ᠪᠠᠷ ᠪᠠᠢᠯᠳᠤᠬᠤ ᠪᠣᠯᠭᠠᠵᠤ ᠪᠣᠳᠠᠲᠤ ᠲᠡᠢᠨ ᠦ᠌ ᠪᠣᠯᠪᠠᠰᠤᠷᠠᠯ ᠤ᠋ᠨ ᠪᠣᠳᠠᠲᠤ ᠦᠷ᠎ᠡ ᠪᠦᠲᠦᠮᠵᠢ ᠶ᠋ᠢ ᠲᠠᠰᠤᠷᠠᠯᠲᠠ ᠦᠭᠡᠢ ᠳᠡᠭᠡᠭᠰᠢᠯᠡᠭᠦᠯᠵᠦ ᠰᠢᠷᠭᠠᠭᠤ ᠰᠤᠷᠤᠯᠴᠠᠨ ᠬᠠᠲᠠᠭᠤᠵᠢᠯᠲᠠᠢ ᠪᠣᠯᠪᠠᠰᠤᠷᠠᠬᠤ ᠪᠠᠷ ᠳᠤᠲᠠᠮᠠᠭ ᠲᠠᠯ᠎ᠠ ᠪᠠᠨ ᠨᠥᠬᠥᠪᠥᠷᠢᠯᠡᠨ ᠪᠦᠷᠢᠯᠳᠦᠭᠦᠯᠬᠦ ᠬᠡᠷᠡᠭᠲᠡᠢ ᠃ ᠴᠠᠭ ᠦᠶ᠎ᠡ ᠲᠡᠢ ᠵᠡᠷᠭᠡᠪᠡᠷ ᠤᠷᠤᠭᠰᠢᠯᠠᠬᠤ ᠶ᠋ᠢ ᠪᠠᠷᠢᠮᠲᠠᠯᠠᠬᠤ ᠬᠡᠷᠡᠭᠲᠡᠢ᠃ ᠴᠠᠭᠳᠠᠭ᠎ᠠ ᠶ᠋ᠢᠨ ᠲᠣᠨᠣᠭ ᠲᠥᠬᠥᠭᠡᠷᠦᠮᠵᠢ ᠲᠣᠬᠢᠷᠠᠭᠤᠯᠬᠤ ᠪᠣᠯᠤᠨ ᠬᠡᠷᠡᠭᠯᠡᠬᠦ ᠨᠢ ᠭᠡᠨᠡᠳᠲᠡ ᠶ᠋ᠢᠨ ᠬᠡᠷᠡᠭ ᠢ᠋ ᠰᠡᠷᠭᠡᠢᠯᠡᠬᠦ ᠪᠣᠯᠤᠨ ᠰᠢᠢᠳᠪᠦᠷᠢᠯᠡᠬᠦ ᠴᠢᠳᠠᠪᠤᠷᠢ ᠪᠣᠯᠤᠨ ᠲᠦᠪᠰᠢᠨ ᠢ᠋ ᠦᠨᠡᠨᠬᠦᠦ ᠳᠡᠭᠡᠭᠰᠢᠯᠡᠭᠦᠯᠬᠦ ᠬᠡᠷᠡᠭᠲᠡᠢ ᠃

 

 

 

     ᠲᠤᠰ ᠤᠳᠠᠭᠠᠨ ᠤ᠋ ᠪᠣᠯᠪᠠᠰᠤᠷᠠᠯ ᠪᠣᠯ ᠪᠥᠬᠥ ᠬᠣᠲᠠ ᠶ᠋ᠢᠨ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢ ᠠᠬᠢᠭᠤᠯᠬᠤ ᠪᠠᠲᠤᠵᠢᠭᠰᠠᠨ ᠠᠵᠢᠯᠯᠠᠭ᠎ᠠ ᠮᠥᠨ ᠂ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠬᠠᠤᠯᠢ ᠬᠡᠷᠡᠭᠵᠢᠭᠦᠯᠬᠦ ᠬᠢᠷᠢ ᠲᠦᠪᠰᠢᠨ ᠢ᠋ ᠤᠯᠠᠮ ᠨᠢᠭᠡ ᠠᠯᠬᠤᠮ ᠳᠡᠭᠡᠭᠰᠢᠯᠡᠭᠦᠯᠬᠦ ᠶ᠋ᠢᠨ ᠵᠣᠷᠢᠯᠭ᠎ᠠ ᠪᠣᠯ ᠤᠯᠤᠰ ᠲᠥᠷᠥ ᠶ᠋ᠢᠨ ᠡᠭᠦᠷᠭᠡᠯᠡᠯ ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠂ ᠬᠠᠷᠢᠭᠤᠴᠠᠯᠭ᠎ᠠ ᠡᠭᠦᠷᠭᠡᠯᠡᠬᠦ ᠶᠠᠪᠤᠳᠠᠯ ᠢ᠋ ᠦᠨᠡᠨᠬᠦᠳᠣᠲᠣᠭᠠᠳᠤ ᠶ᠋ᠢᠨ ᠬᠡᠪ ᠪᠣᠯᠪᠠᠰᠤᠷᠠᠯ ᠢ᠋ᠶ᠋ᠠᠨ ᠴᠢᠩᠭᠠᠳᠬᠠᠬᠤ ᠂ ᠭᠠᠳᠠᠷ ᠳᠦᠷᠢ ᠲᠥᠷᠬᠦ ᠶ᠋ᠢ ᠱᠤᠭᠤᠬᠤ ᠨᠢ 《ᠳᠥᠷᠪᠡᠨ ᠲᠡᠮᠦᠷ ᠮᠡᠲᠦ 》 ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠡᠩᠨᠡᠭᠡ ᠶ᠋ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠠᠪᠤᠳᠠᠯ ᠪᠣᠯᠤᠨ᠎ᠠ ᠃

     ᠲᠤᠰ ᠤᠳᠠᠭᠠᠨ ᠤ᠋ ᠪᠣᠯᠪᠠᠰᠤᠷᠠᠯ ᠤ᠋ᠨ ᠠᠩᠭᠢ ᠨᠢ 11 ᠡᠳᠦᠷ ᠦ᠋ᠨ ᠬᠤᠭᠤᠴᠠᠭ᠎ᠠ ᠲᠠᠢ ᠶᠠᠪᠤᠭᠳᠠᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ 122 ᠬᠠᠤᠯᠢ ᠴᠠᠭᠠᠵᠠ ᠶ᠋ᠢᠨ ᠴᠠᠭᠳᠠᠭ᠎ᠠ ᠪᠣᠯᠪᠠᠰᠤᠷᠠᠯ ᠳ᠋ᠤ᠌ ᠣᠷᠣᠯᠴᠠᠵᠠᠢ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )