ᠡᠭᠦᠳᠡ ᠪᠠᠨ ᠨᠡᠭᠡᠭᠡᠨ ᠢᠳᠬᠠᠯ ᠰᠣᠨᠤᠰᠴᠤ ᠴᠡᠭᠴᠡᠯᠡᠨ ᠥᠭᠡᠷᠡᠴᠢᠯᠡᠬᠦ ᠶ᠋ᠢ ᠠᠬᠢᠭᠤᠯᠵᠤ᠂ ᠨᠠᠷᠢᠯᠢᠭ ᠣᠨᠣᠪᠴᠢᠲᠠᠢ ᠪᠡᠷ ᠡᠵᠡᠩᠨᠡᠭᠴᠢ ᠵᠢ ᠬᠦᠴᠦᠯᠡᠨ ᠲᠤᠰᠠᠯᠠᠶ᠎ᠠ - ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠠᠵᠤ ᠠᠬᠤᠢᠯᠠᠯᠲᠠᠨ ᠤ᠋ ᠰᠠᠨᠠᠯ ᠰᠠᠨᠠᠭᠤᠯᠭ᠎ᠠ ᠬᠤᠷᠢᠶᠠᠬᠤ ᠶᠠᠷᠢᠯᠴᠠᠬᠤ ᠬᠤᠷᠠᠯ ᠬᠢᠪᠡ
2021.04.19 ᠲᠣᠰ ᠥᠷᠲᠡᠭᠡᠨ᠎ᠦ ᠨᠠᠢᠷᠠᠭᠤᠯᠤᠭᠴᠢ

     ᠨᠠᠮ ᠤ᠋ᠨ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠂ ᠬᠣᠲᠠ ᠶ᠋ᠢᠨ ᠨᠠᠮ ᠤ᠋ᠨ ᠬᠣᠷᠢᠶ᠎ᠠ ᠪᠠ ᠳᠡᠭᠡᠳᠦ ᠱᠠᠲᠤᠨ ᠤ᠋ ᠰᠢᠭᠦᠬᠦ ᠬᠣᠷᠢᠶᠠᠨ ᠤ᠋ ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢ ᠨᠠᠷᠢᠨ ᠬᠢᠨᠠᠮᠠᠭᠠᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠠᠵᠤ ᠠᠬᠤᠢᠯᠠᠯ ᠤ᠋ᠨ ᠡᠲᠡᠭᠡᠳ ᠦ᠋ᠨ ᠬᠦᠰᠡᠯ ᠪᠣᠳᠣᠯ ᠢ᠋ ᠭᠦᠨᠵᠡᠭᠡᠢ ᠣᠢᠯᠠᠭᠠᠬᠤ ᠶ᠋ᠢᠨ ᠲᠤᠰᠠᠳᠠ ᠠᠵᠤ ᠠᠬᠤᠢᠯᠠᠯᠲᠠᠳ ᠤ᠋ᠨ ᠰᠠᠨᠠᠯ ᠰᠠᠨᠠᠭᠤᠯᠭ᠎ᠠ ᠶ᠋ᠢ ᠥᠷᠭᠡᠨ ᠢ᠋ᠶ᠋ᠡᠷ ᠰᠣᠨᠣᠰᠴᠤ ᠂ ᠠᠵᠤ ᠠᠬᠤᠢᠯᠠᠯ ᠪᠠ ᠠᠵᠤ ᠠᠬᠤᠢᠯᠠᠯᠲᠠᠨ ᠤ᠋ ᠬᠠᠤᠯᠢ ᠶᠣᠰᠣᠨ ᠤ᠋ ᠡᠷᠬᠡ ᠠᠰᠢᠭ ᠢ᠋ ᠦᠨᠡᠨᠬᠦ ᠬᠠᠮᠠᠭᠠᠯᠠᠵᠤ ᠂ ᠡᠩᠨᠡᠭᠡᠨ ᠦ᠌ ᠪᠠᠢᠭᠤᠯᠤᠯᠲᠠ ᠪᠠ ᠦᠢᠯᠡᠴᠢᠯᠡᠭᠡᠨ ᠦ᠌ ᠪᠠᠲᠤᠯᠠᠭ᠎ᠠ ᠶ᠋ᠢᠨ ᠬᠢᠷᠢ ᠲᠦᠪᠰᠢᠨ ᠢ᠋ ᠳᠡᠭᠡᠭᠰᠢᠯᠡᠭᠦᠯᠬᠦ ᠢ᠋ᠢᠨ ᠲᠥᠯᠦᠭᠡ᠂ 4 ᠰᠠᠷ᠎ᠠ ᠶ᠋ᠢᠨ 9 ᠦ᠌ ᠡᠳᠦᠷ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠠᠵᠤ ᠠᠬᠤᠢᠯᠠᠯᠲᠠᠨ ᠤ᠋ ᠰᠠᠨᠠᠯ ᠰᠠᠨᠠᠭᠤᠯᠭ᠎ᠠ ᠬᠤᠷᠢᠶᠠᠬᠤ ᠶᠠᠷᠢᠯᠴᠠᠬᠤ ᠬᠤᠷᠠᠯ ᠬᠢᠪᠡ ᠃ ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡ ᠶ᠋ᠢᠨ ᠰᠤᠷᠭᠠᠨ ᠬᠥᠮᠦᠵᠢᠯ ᠦ᠋ᠨ ᠴᠡᠭᠴᠡᠯᠡᠬᠦ ᠶᠢᠰᠦᠳᠦᠭᠡᠷ ᠵᠢᠭᠠᠨ ᠵᠢᠯᠣᠭᠣᠳᠬᠤ ᠳᠤᠭᠤᠢᠯᠠᠩ ᠂ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ ᠳᠥᠷᠪᠡᠳᠦᠭᠡᠷ ᠲᠣᠭᠣᠷᠢᠨ ᠪᠠᠢᠴᠠᠭᠠᠬᠤ ᠳᠤᠭᠤᠢᠯᠠᠩ ᠬᠥᠮᠦᠨ ᠲᠣᠮᠢᠯᠠᠨ ᠬᠤᠷᠠᠯ ᠳ᠋ᠤ᠌ ᠣᠷᠣᠯᠴᠠᠭᠤᠯᠪᠠ ᠣᠷᠳᠣᠰ ᠬᠣᠲᠠ ᠶ᠋ᠢᠨ ᠦᠢᠯᠡᠳᠪᠦᠷᠢ ᠬᠤᠳᠠᠯᠳᠤᠭᠠᠨ ᠤ᠋ ᠬᠣᠯᠪᠣᠭᠠᠲᠤ ᠬᠤᠷᠠᠯ ᠤ᠋ᠨ ᠳᠡᠳ᠋ ᠲᠡᠷᠢᠭᠦᠯᠡᠭᠴᠢ ᠬᠠᠨ ᠯᠧᠢ ᠵᠢᠴᠢ ᠢ ᠲᠡᠢ ᠪᠦᠯᠦᠭᠯᠡᠯ ᠦ᠋ᠨ ᠳᠡᠳ᠋ ᠶᠡᠷᠦᠩᠬᠡᠢ ᠵᠠᠬᠢᠷᠤᠭᠴᠢ ᠯᠢᠦᠢ ᠵᠢᠶᠦ᠋ᠨ ᠵᠢᠶᠧ ᠂ ᠣᠷᠳᠣᠰ ᠬᠣᠲᠠ ᠶ᠋ᠢᠨ ᠳ᠋ᠦᠩ ᠯᠢᠶᠠᠨ ᠰᠣᠶᠣᠯ ᠵᠢᠭᠤᠯᠴᠢᠯᠠᠯ ᠤ᠋ᠨ ᠪᠦᠯᠦᠭᠯᠡᠯ ᠦ᠋ᠨ ᠶᠡᠷᠦᠩᠬᠡᠢ ᠳᠠᠭᠠᠭᠠᠮᠠᠯ ᠭᠦᠸᠧ ᠡᠦ ᠷᠦᠩ ᠵᠡᠷᠭᠡ 11 ᠠᠵᠤ ᠠᠬᠤᠢᠯᠠᠯᠲᠠᠨ ᠪᠠ ᠠᠵᠤ ᠠᠬᠤᠢᠯᠠᠯᠲᠠᠨ ᠤ᠋ ᠲᠥᠯᠥᠭᠡᠯᠡᠭᠴᠢ ᠤᠷᠢᠯᠭ᠎ᠠ ᠪᠠᠷ ᠬᠤᠷᠠᠯ ᠳ᠋ᠤ᠌ ᠣᠷᠣᠯᠴᠠᠪᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠠᠵᠢᠯ ᠤ᠋ᠨ ᠪᠠᠢᠷᠢ ᠶ᠋ᠢᠨ ᠪᠦᠷᠢᠯᠳᠦᠬᠦᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠬᠤᠷᠠᠯ ᠳ᠋ᠤ᠌ ᠣᠷᠣᠯᠴᠠᠪᠠ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠬᠤᠷᠠᠯ ᠡᠷᠬᠢᠯᠡᠪᠡ ᠃

 

 

     ᠶᠠᠷᠢᠯᠴᠠᠬᠤ ᠬᠤᠷᠠᠯ ᠳᠡᠭᠡᠷ᠎ᠡ ᠂ ᠯᠢ ᠵᠢᠩ ᠭᠦᠸᠧ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠡᠩᠨᠡᠭᠡ ᠶ᠋ᠢᠨ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠵᠢᠯ ᠥᠷᠨᠢᠭᠦᠯᠦᠭᠰᠡᠨ ᠪᠠᠢᠳᠠᠯ ᠵᠢᠴᠢ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠠ᠋ᠴᠠ ᠨᠡᠢᠲᠡᠯᠡᠭᠰᠡᠨ《ᠠᠵᠤ ᠠᠬᠤᠢᠯᠠᠯ ᠳ᠋ᠤ᠌ ᠬᠣᠯᠪᠣᠭᠳᠠᠭᠰᠠᠨ ᠢᠷᠭᠡᠨ ᠦ᠌ ᠬᠡᠷᠡᠭ ᠬᠤᠳᠠᠯᠳᠤᠭᠠᠨ ᠤ᠋ ᠬᠡᠷᠡᠭ ᠦ᠋ᠨ ᠰᠢᠭᠦᠨ ᠲᠠᠰᠤᠯᠬᠤ ᠲᠤᠬᠠᠢᠯᠠᠭᠰᠠᠨ ᠠᠵᠢᠯ ᠢ᠋ ᠬᠠᠤᠯᠢ ᠶᠣᠰᠣᠭᠠᠷ ᠵᠢᠷᠤᠮᠵᠢᠭᠤᠯᠵᠤ ᠂ ᠬᠠᠤᠯᠢᠵᠢᠭᠰᠠᠨ ᠬᠤᠳᠠᠯᠳᠤᠭᠠᠨ ᠤ᠋ ᠣᠷᠴᠢᠨ ᠲᠣᠭᠣᠷᠢᠨ ᠢ᠋ ᠤᠯᠠᠮ ᠴᠢᠨᠠᠭᠰᠢᠳᠠ ᠰᠢᠯᠢᠳᠡᠭᠵᠢᠭᠦᠯᠬᠦ ᠲᠤᠬᠠᠢ ᠵᠢᠯᠣᠭᠣᠳᠬᠤ ᠰᠠᠨᠠᠯ  ᠲᠤᠷᠰᠢᠨ ᠬᠡᠷᠡᠭᠵᠢᠭᠦᠯᠬᠦ 》  ᠪᠣᠯᠤᠨ《 ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠰᠠᠢᠵᠢᠷᠠᠭᠤᠯᠬᠤ ᠳ᠋ᠤ᠌ ᠬᠠᠤᠯᠢ ᠵᠦᠢ ᠶ᠋ᠢᠨ ᠦᠢᠯᠡᠴᠢᠯᠡᠭᠡ ᠂ ᠪᠠᠲᠤᠯᠠᠭᠠᠵᠢᠭᠤᠯᠬᠤ ᠠᠵᠢᠯ ᠤ᠋ᠨ ᠠᠷᠭ᠎ᠠ ᠬᠡᠮᠵᠢᠶ᠎ᠡ  ᠲᠤᠷᠰᠢᠨ ᠬᠡᠷᠡᠭᠵᠢᠭᠦᠯᠬᠦ》  ᠶ᠋ᠢᠨ ᠭᠣᠣᠯ ᠠᠭᠤᠯᠭ᠎ᠠ ᠵᠢ ᠲᠠᠨᠢᠯᠴᠠᠭᠤᠯᠤᠭᠰᠠᠨ ᠪᠠᠢᠨ᠎ᠠ᠃

     ᠠᠵᠤ ᠠᠬᠤᠢᠯᠠᠯᠲᠠᠨ ᠪᠠ ᠠᠵᠤ ᠠᠬᠤᠢᠯᠠᠯᠲᠠᠨ ᠤ᠋ ᠲᠥᠯᠥᠭᠡᠯᠡᠭᠴᠢ ᠣᠢᠷ᠎ᠠ ᠶ᠋ᠢᠨ ᠵᠢᠯ ᠡᠴᠡ ᠨᠠᠰᠢᠬᠢ ᠣᠷᠳᠣᠰ ᠬᠣᠲᠠ ᠶ᠋ᠢᠨ ᠰᠢᠭᠦᠬᠦ ᠬᠣᠷᠢᠶ᠎ᠠ ᠶ᠋ᠢᠨ ᠠᠷᠠᠳ ᠤ᠋ᠨ ᠡᠵᠡᠩᠨᠡᠭᠰᠡᠨ ᠠᠵᠤ ᠠᠬᠤᠢᠯᠠᠯ ᠢ᠋ ᠪᠠᠲᠤᠯᠠᠬᠤ ᠳ᠋ᠤ᠌ ᠦᠢᠯᠡᠴᠢᠯᠡᠭᠰᠡᠨ ᠴᠢᠷᠮᠠᠢᠯᠭ᠎ᠠ ᠪᠠ ᠣᠯᠤᠭᠰᠠᠨ ᠠᠮᠵᠢᠯᠲᠠ ᠪᠦᠲᠦᠮᠵᠢ ᠶ᠋ᠢ ᠭᠦᠢᠴᠡᠳ ᠨᠤᠲᠠᠯᠠᠭᠰᠠᠨ ᠤ᠋ ᠬᠠᠮᠲᠤ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠰᠠᠨᠠᠭᠠᠴᠢᠯᠠᠭ᠎ᠠ ᠲᠠᠢ ᠪᠠᠷ ᠠᠵᠢᠯᠯᠠᠭ᠎ᠠ ᠠᠪᠴᠤ ᠠᠷᠠᠳ ᠤ᠋ᠨ ᠠᠮᠢᠳᠤᠷᠠᠯ ᠠᠷᠠᠳ ᠤ᠋ᠨ ᠬᠦᠰᠡᠯ ᠰᠠᠨᠠᠭ᠎ᠠ ᠶ᠋ᠢ ᠰᠣᠨᠣᠰᠬᠤ ᠠᠷᠭ᠎ᠠ ᠠᠪᠴᠠᠯ ᠳᠡᠭᠡᠷ᠎ᠡ ᠰᠠᠨᠠᠯ ᠰᠠᠨᠠᠭᠤᠯᠭ᠎ᠠ ᠳᠤᠷᠠᠳᠴᠠᠢ ᠃ᠦᠢᠯᠡᠴᠢᠯᠡᠭᠡ ᠪᠠᠲᠤᠯᠠᠭ᠎ᠠ ᠶ᠋ᠢᠨ ᠠᠵᠢᠯ ᠤ᠋ᠨ ᠵᠣᠯᠭᠠᠯᠳᠣᠭᠤᠯᠬᠤ ᠲᠣᠭᠲᠠᠴᠠ ᠶ᠋ᠢ ᠲᠡᠭᠦᠯᠳᠡᠷᠵᠢᠭᠦᠯᠬᠦ ᠂ ᠵᠠᠭᠠᠯᠲᠤᠨ ᠡᠶᠡᠳᠡᠭᠦᠯᠬᠦ ᠶ᠋ᠢ ᠵᠣᠯᠭᠠᠯᠳᠣᠭᠤᠯᠬᠤ ᠲᠣᠭᠲᠠᠴᠠ ᠶ᠋ᠢ ᠲᠡᠭᠦᠯᠳᠡᠷᠵᠢᠭᠦᠯᠬᠦ ᠂ ᠰᠢᠭᠦᠨ ᠲᠠᠰᠤᠯᠬᠤ ᠭᠦᠢᠴᠡᠳᠬᠡᠬᠦ ᠠᠵᠢᠯ ᠤ᠋ᠨ ᠴᠢᠨᠠᠷ ᠦᠷ᠎ᠡ ᠪᠦᠲᠦᠮᠵᠢ ᠶ᠋ᠢ ᠳᠡᠭᠡᠭᠰᠢᠯᠡᠭᠦᠯᠬᠦ ᠂ ᠬᠠᠤᠯᠢ ᠴᠠᠭᠠᠵᠠ ᠶ᠋ᠢᠨ ᠦᠢᠯᠡᠴᠢᠯᠡᠭᠡᠨ ᠦ᠌ ᠲᠦᠪᠰᠢᠨ ᠢ᠋ ᠳᠡᠭᠡᠭᠰᠢᠯᠡᠭᠦᠯᠬᠦ ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶ᠋ᠢᠨ ᠠᠵᠢᠯ ᠢ᠋ ᠰᠠᠢᠲᠤᠷ ᠬᠢᠬᠦ ᠵᠡᠷᠭᠡ ᠲᠠᠯ᠎ᠠ ᠪᠠᠷ ᠠᠵᠤ ᠠᠬᠤᠢᠯᠠᠯᠲᠠᠨ ᠪᠣᠯᠤᠨ ᠠᠵᠤ ᠠᠬᠤᠢᠯᠠᠯᠲᠠᠳ ᠤ᠋ᠨ ᠲᠥᠯᠥᠭᠡᠯᠡᠭᠴᠢᠳ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ ᠰᠠᠨᠠᠯ ᠵᠥᠪᠯᠡᠯᠭᠡ ᠳᠤᠷᠠᠳᠴᠠᠢ ᠃

     ᠰᠦ᠍ ᠯᠢ ᠵᠢᠶᠦ᠋ᠨ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢ ᠲᠥᠯᠥᠭᠡᠯᠡᠨ ᠰᠢᠭᠦᠬᠦ ᠬᠣᠷᠢᠶᠠᠨ ᠤ᠋ ᠠᠵᠢᠯ ᠢ᠋ ᠳᠡᠮᠵᠢᠭᠰᠡᠨ ᠳ᠋ᠦ᠍ ᠲᠠᠯᠠᠷᠬᠠᠵᠤ ᠪᠠᠢᠭ᠎ᠠ ᠪᠠᠨ ᠢᠯᠡᠷᠬᠡᠢᠯᠡᠵᠦ ᠂ ᠰᠠᠨᠠᠯ ᠰᠠᠨᠠᠭᠤᠯᠭ᠎ᠠ ᠨᠢ ᠣᠷᠣᠰᠢᠵᠤ ᠪᠠᠢᠭ᠎ᠠ ᠠᠰᠠᠭᠤᠳᠠᠯ ᠢ᠋ ᠨᠢᠭᠡᠳ ᠨᠢᠭᠡ ᠪᠡᠷ ᠠᠵᠢᠯ ᠤ᠋ᠨ ᠡᠬᠡ ᠳᠠᠩᠰᠠ ᠪᠠᠢᠭᠤᠯᠬᠤ ᠲᠣᠭᠲᠠᠭᠰᠠᠨ ᠬᠤᠭᠤᠴᠠᠭ᠎ᠠ ᠪᠣᠯᠤᠨ ᠬᠠᠷᠢᠭᠤᠴᠠᠯᠭ᠎ᠠ ᠲᠠᠢ ᠬᠥᠮᠦᠨ ᠦ᠌ ᠲᠤᠬᠠᠢ ᠴᠠᠭ ᠲᠤ᠌ ᠨᠢ ᠬᠠᠷᠢᠭᠤ ᠲᠤᠰᠬᠠᠬᠤ ᠬᠠᠷᠢᠭᠤ ᠥᠭᠪᠡ ᠃

    ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠤᠯᠠᠮ ᠰᠢᠯᠢᠳᠡᠭᠵᠢᠭᠦᠯᠬᠦ ᠲᠤᠬᠠᠢ ᠂ᠰᠦ᠍ ᠯᠢ ᠵᠢᠶᠦ᠋ᠨ ᠴᠢᠬᠤᠯᠠᠴᠢᠯᠠᠭᠰᠠᠨ ᠨᠢ᠂ ᠨᠢᠭᠡ ᠳ᠋ᠦ᠍᠂ ᠤᠯᠤᠰ ᠲᠥᠷᠥ ᠶ᠋ᠢᠨ ᠵᠣᠭᠰᠣᠴᠠ ᠶ᠋ᠢ ᠳᠡᠭᠡᠭᠰᠢᠯᠡᠭᠦᠯᠦᠨ᠎ᠡ ᠃ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠬᠠᠤᠯᠢ ᠪᠠᠷ ᠵᠠᠰᠠᠮᠵᠢᠯᠠᠭᠰᠠᠨ ᠬᠤᠳᠠᠯᠳᠤᠭᠠᠨ ᠤ᠋ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠂ ᠦᠢᠯᠡᠴᠢᠯᠡᠭᠡᠨ ᠦ᠌ ᠴᠢᠨᠠᠷ ᠰᠠᠢᠲᠠᠢ ᠬᠥᠭᠵᠢᠯᠲᠡ ᠤᠯᠤᠰ ᠲᠥᠷᠥ ᠶ᠋ᠢᠨ ᠬᠠᠷᠢᠭᠤᠴᠠᠯᠭ᠎ᠠ ᠶ᠋ᠢ ᠡᠭᠦᠷᠭᠡᠯᠡᠬᠦ ᠠᠵᠢᠯ ᠢ᠋ ᠡᠷᠡᠰ ᠠᠳᠬᠤᠵᠤ ᠂ ᠬᠠᠤᠯᠢᠵᠢᠭᠰᠠᠨ ᠬᠤᠳᠠᠯᠳᠤᠭᠠᠨ ᠤ᠋ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠴᠢᠬᠤᠯᠠ ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢ ᠶᠡᠬᠡ ᠲᠠᠯ᠎ᠠ ᠳ᠋ᠤ᠌ ᠦᠢᠯᠡᠴᠢᠯᠡᠬᠦ ᠂ ᠠᠷᠠᠳ ᠤ᠋ᠨ ᠲᠥᠯᠥᠭᠡ ᠬᠠᠤᠯᠢ ᠬᠡᠷᠡᠭᠵᠢᠭᠦᠯᠬᠦ ᠂ ᠲᠥᠪ ᠭᠣᠣᠯᠴᠢ ᠪᠠᠷ ᠬᠠᠤᠯᠢ ᠬᠡᠷᠡᠭᠵᠢᠭᠦᠯᠬᠦ ᠪᠣᠳᠠᠲᠠᠢ ᠠᠵᠢᠯᠯᠠᠭ᠎ᠠ ᠳᠤᠮᠳᠠ ᠨᠠᠢᠳᠠᠪᠤᠷᠢᠵᠢᠭᠤᠯᠤᠨ᠎ᠠ ᠃ ᠬᠣᠶᠠᠷ ᠲᠤ᠌᠂ ᠦᠵᠡᠯ ᠤᠬᠠᠮᠰᠠᠷ ᠤ᠋ᠨ ᠲᠠᠯ᠎ᠠ ᠪᠠᠷ ᠰᠢᠨ᠎ᠡ ᠶ᠋ᠢ ᠡᠭᠦᠳᠬᠦ ᠶ᠋ᠢ ᠪᠠᠷᠢᠮᠲᠠᠯᠠᠬᠤ ᠬᠡᠷᠡᠭᠲᠡᠢ ᠃ ᠡᠷᠬᠡ ᠲᠡᠭᠰᠢ ᠬᠠᠮᠠᠭᠠᠯᠠᠬᠤ ᠂ ᠪᠦᠬᠦ ᠲᠠᠯ᠎ᠠ ᠪᠠᠷ ᠬᠠᠮᠠᠭᠠᠯᠠᠬᠤ ᠂ ᠰᠠᠢᠨ ᠰᠠᠨᠠᠭᠠᠨ ᠤ᠋ ᠬᠠᠮᠠᠭᠠᠯᠠᠯᠲᠠ ᠂ ᠬᠠᠤᠯᠢ ᠶᠣᠰᠣᠭᠠᠷ ᠠᠯᠳᠠᠭ᠎ᠠ ᠪᠤᠷᠤᠭᠤ ᠶ᠋ᠢ ᠵᠠᠯᠠᠷᠠᠭᠤᠯᠬᠤ ᠵᠡᠷᠭᠡ ᠳᠥᠷᠪᠡᠨ ᠲᠠᠯ᠎ᠠ ᠪᠠᠷ ᠡᠯ᠎ᠡ ᠲᠥᠷᠥᠯ ᠦ᠋ᠨ ᠵᠠᠬ᠎ᠠ ᠳᠡᠯᠭᠡᠭᠦᠷ ᠦ᠋ᠨ ᠭᠣᠣᠯ ᠴᠣᠭᠴᠠ ᠳ᠋ᠤ᠌ ᠬᠠᠤᠯᠢ ᠶᠣᠰᠣᠭᠠᠷ ᠨᠢᠭᠡ ᠯᠡ ᠠᠳᠠᠯᠢ ᠪᠠᠷ ᠬᠠᠨᠳᠤᠬᠤ ᠂ ᠵᠥᠷᠢᠶ᠎ᠡ ᠦᠭᠡᠢ ᠬᠠᠷᠠᠭᠠᠯᠵᠠᠯ ᠂ ᠵᠠᠬ᠎ᠠ ᠳᠡᠯᠭᠡᠭᠦᠷ ᠦ᠋ᠨ ᠭᠣᠣᠯ ᠴᠣᠭᠴᠠ ᠶ᠋ᠢᠨ ᠬᠣᠭᠣᠷᠣᠨᠳᠣᠬᠢ ᠭᠡᠷ᠎ᠡ ᠶ᠋ᠢ ᠪᠦᠲᠦᠮᠵᠢᠲᠡᠢ ᠬᠡᠷᠡᠭᠵᠢᠭᠦᠯᠬᠦ ᠶ᠋ᠢ ᠪᠠᠲᠤᠯᠠᠵᠤ ᠪᠡᠯᠡ ᠣᠷᠣᠭᠤᠯᠤᠭᠴᠢ ᠶ᠋ᠢᠨ ᠡᠳ᠋ ᠬᠥᠷᠥᠩᠭᠡ ᠶ᠋ᠢᠨ ᠡᠷᠬᠡ ᠠᠰᠢᠭ ᠢ᠋ ᠬᠠᠤᠯᠢ ᠶᠣᠰᠣᠭᠠᠷ ᠡᠷᠬᠡ ᠲᠡᠭᠰᠢ ᠪᠡᠷ ᠪᠦᠬᠦ ᠲᠠᠯ᠎ᠠ ᠪᠠᠷ ᠬᠠᠮᠠᠭᠠᠯᠠᠵᠤ ᠳᠡᠢᠯᠬᠦ ᠤᠷᠢᠳᠴᠢᠯᠠᠨ ᠮᠡᠳᠡᠬᠦ ᠴᠢᠨᠠᠷ ᠢ᠋ ᠣᠯᠬᠤ ᠬᠡᠷᠡᠭᠲᠡᠢ ᠃ ᠭᠤᠷᠪᠠ ᠳ᠋ᠤ᠌ ᠂ ᠠᠰᠠᠭᠤᠳᠠᠯ ᠢ᠋ᠶ᠋ᠠᠷ ᠤᠳᠤᠷᠢᠳᠤᠮᠵᠢ ᠪᠣᠯᠭᠠᠬᠤ ᠶ᠋ᠢ ᠪᠠᠷᠢᠮᠲᠠᠯᠠᠨ᠎ᠠ ᠃ ᠠᠵᠤ ᠠᠬᠤᠢᠯᠠᠯ ᠵᠢᠴᠢ ᠠᠵᠤ ᠠᠬᠤᠢᠯᠠᠯᠲᠠᠨ ᠤ᠋ ᠠᠩᠬᠠᠷᠤᠨ ᠬᠠᠯᠠᠮᠵᠢᠯᠠᠵᠤ ᠪᠠᠢᠭ᠎ᠠ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶ᠋ᠢᠨ ᠡᠵᠡᠩᠨᠡᠯᠲᠡ ᠶ᠋ᠢᠨ ᠣᠷᠴᠢᠨ ᠲᠣᠭᠣᠷᠢᠨ ᠂ ᠢᠲᠡᠭᠡᠮᠵᠢ ᠶ᠋ᠢᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶ᠋ᠢᠨ ᠵᠢᠷᠤᠮᠵᠢᠭ᠌ᠰᠠᠨ ᠴᠢᠨᠠᠷ ᠂ ᠠᠯᠪᠠᠲᠠᠨ ᠭᠦᠢᠴᠡᠳᠬᠡᠬᠦ ᠠᠷᠭ᠎ᠠ ᠪᠠᠷᠢᠯ ᠢ᠋ ᠬᠡᠷᠡᠭᠯᠡᠭᠰᠡᠨ ᠂ ᠲᠡᠦᠬᠡᠨ ᠡᠴᠡ ᠦᠯᠡᠳᠡᠭᠳᠡᠵᠦ ᠢᠷᠡᠭᠰᠡᠨ ᠵᠢᠭᠤᠷᠠᠯᠳᠤᠭᠠᠨ ᠂ ᠬᠠᠤᠯᠢ ᠴᠠᠭᠠᠵᠠ ᠶ᠋ᠢᠨ ᠦᠢᠯᠡᠴᠢᠯᠡᠭᠡ ᠥᠨᠳᠥᠷ ᠪᠦᠲᠦᠮᠵᠢᠲᠡᠢ ᠵᠡᠷᠭᠡ ᠠᠰᠠᠭᠤᠳᠠᠯ ᠳ᠋ᠤ᠌ ᠴᠢᠭᠯᠡᠭᠦᠯᠦᠨ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠳᠤᠷᠠᠳᠤᠨ ᠭᠠᠷᠭᠠᠭᠰᠠᠨ ᠠᠵᠤ ᠠᠬᠤᠢᠯᠠᠯ ᠵᠢᠴᠢ ᠠᠵᠤ ᠠᠬᠤᠢᠯᠠᠯᠲᠠᠳ ᠤ᠋ᠨ ᠰᠡᠳᠬᠢᠯ ᠲᠠᠯᠪᠢᠵᠤ ᠪᠠᠢᠭ᠎ᠠ ᠂ ᠠᠩᠬᠠᠷᠴᠤ ᠪᠠᠢᠭ᠎ᠠ ᠠᠰᠠᠭᠤᠳᠠᠯ ᠢ᠋ ᠴᠠᠭ ᠲᠤᠬᠠᠢ ᠳ᠋ᠤᠨᠢ ᠬᠠᠷᠢᠭᠤ ᠥᠭᠬᠦ ᠶ᠋ᠢ ᠦᠨᠡᠨ ᠬᠦ᠌ ᠪᠠᠲᠤᠯᠠᠬᠤ ᠬᠡᠷᠡᠭᠲᠡᠢ ᠃ ᠳᠥᠷᠪᠡ ᠳ᠋ᠦ᠍᠂ ᠴᠢᠨᠠᠷ ᠰᠠᠢᠲᠠᠢ ᠥᠨᠳᠥᠷ ᠪᠦᠲᠦᠮᠵᠢᠲᠡᠢ ᠪᠠᠢᠬᠤ ᠶ᠋ᠢ ᠪᠠᠷᠢᠮᠲᠠᠯᠠᠬᠤ ᠬᠡᠷᠡᠭᠲᠡᠢ ᠃ 《ᠵᠠᠭᠤᠨ ᠠᠵᠤ ᠠᠬᠤᠢᠯᠠᠯ ᠳ᠋ᠤ᠌ ᠠᠢᠯᠴᠢᠯᠠᠬᠤ ᠂ ᠮᠢᠩᠭᠠᠨ ᠡᠷᠦᠬᠡ ᠳ᠋ᠦ᠍ ᠬᠦᠷᠬᠦ ᠂ ᠠᠷᠠᠳ ᠤ᠋ᠨ ᠳᠠᠭᠤᠨ ᠢ᠋ ᠰᠣᠨᠣᠰᠬᠤ ᠂ ᠠᠷᠠᠳ ᠤ᠋ᠨ ᠵᠣᠪᠠᠨᠢᠯ ᠢ᠋ ᠠᠷᠢᠯᠭᠠᠬᠤ 》 ᠲᠣᠮᠣ ᠪᠠᠢᠴᠠᠭᠠᠨ ᠰᠤᠳᠤᠯᠤᠯᠲᠠ ᠶ᠋ᠢᠨ ᠠᠵᠢᠯᠯᠠᠭ᠎ᠠ ᠶ᠋ᠢ ᠭᠦᠨᠵᠡᠭᠡᠢ ᠥᠷᠨᠢᠭᠦᠯᠵᠦ ᠂ ᠬᠠᠤᠯᠢ ᠴᠠᠭᠠᠵᠠ ᠶ᠋ᠢᠨ ᠳᠥᠭᠥᠮ ᠠᠵᠤ ᠠᠬᠤᠢᠯᠠᠯ ᠢ᠋ ᠳᠤᠯᠠᠭᠠᠯᠠᠵᠤ ᠠᠬᠤᠢᠯᠠᠯ ᠠᠰᠢᠭ ᠬᠦᠷᠲᠡᠭᠡᠮᠵᠢ ᠶ᠋ᠢᠨ ᠰᠢᠨ᠎ᠡ ᠠᠷᠭ᠎ᠠ ᠬᠡᠮᠵᠢᠶ᠎ᠡ ᠶ᠋ᠢ ᠡᠭᠦᠳᠦᠨ《 ᠳᠣᠲᠣᠨᠣ》 ᠵᠠᠰᠠᠭ ᠬᠤᠳᠠᠯᠳᠤᠭᠠᠨ ᠤ᠋ ᠬᠠᠷᠢᠴᠠᠭ᠎ᠠ ᠶ᠋ᠢ ᠪᠣᠢ ᠪᠣᠯᠭᠠᠵᠤ ᠂ 《 ᠰᠦᠯᠵᠢᠶᠡᠨ ᠳᠡᠭᠡᠷᠡᠬᠢ + ᠰᠦᠯᠵᠢᠶᠡᠨ ᠳᠣᠣᠷᠠᠬᠢ》 ᠵᠠᠷᠭᠤ ᠶ᠋ᠢᠨ ᠦᠢᠯᠡᠴᠢᠯᠡᠭᠡᠨ ᠦ᠌ ᠵᠠᠭᠪᠤᠷ ᠢ᠋ ᠢᠳᠡᠪᠬᠢᠲᠡᠢ ᠳᠡᠯᠭᠡᠷᠡᠭᠦᠯᠦᠭᠡᠳ ᠦᠢᠯᠡᠴᠢᠯᠡᠭᠡᠨ ᠦ᠌ ᠦᠷ᠎ᠡ ᠠᠰᠢᠭ ᠢ᠋ ᠪᠦᠬᠦ ᠲᠠᠯ᠎ᠠ ᠪᠠᠷ ᠳᠡᠭᠡᠭᠰᠢᠯᠡᠭᠦᠯᠦᠶ᠎ᠡ ᠲᠠᠪᠤ ᠳ᠋ᠤ᠌᠂ ᠰᠤᠷᠲᠠᠯ ᠢ᠋ ᠲᠥᠪ ᠪᠣᠯᠭᠠᠨ ᠰᠠᠬᠢᠯᠭ᠎ᠠ ᠪᠠᠲᠤ ᠶ᠋ᠢ ᠴᠢᠩᠳᠠᠯᠠᠬᠤ ᠬᠡᠷᠡᠭᠲᠡᠢ ᠃ ᠣᠳᠣᠬᠠᠨ ᠳ᠋ᠤ᠌ ᠶᠠᠭ ᠥᠷᠨᠢᠭᠦᠯᠵᠦ ᠪᠠᠢᠭ᠎ᠠ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠵᠢᠯ ᠲᠠᠢ ᠤᠶᠠᠯᠳᠤᠭᠤᠯᠤᠨ ᠬᠤᠳᠠᠯᠳᠤᠭ᠎ᠠ ᠡᠵᠡᠩᠨᠡᠯᠲᠡ ᠶ᠋ᠢᠨ ᠣᠷᠴᠢᠨ ᠲᠣᠭᠣᠷᠢᠨ ᠤ᠋ ᠪᠦᠲᠦᠭᠡᠨ ᠪᠠᠢᠭᠤᠯᠤᠯᠲᠠ ᠶ᠋ᠢᠨ ᠳᠤᠮᠳᠠ ᠬᠠᠷᠢᠭᠤᠴᠠᠯᠭ᠎ᠠ ᠡᠭᠦᠷᠭᠡᠯᠡᠬᠦ ᠥᠬᠡᠢ ᠂ ᠡᠰᠡ ᠪᠣᠯᠪᠠᠯ ᠬᠠᠷᠢᠭᠤᠴᠠᠯᠭ᠎ᠠ ᠨᠡᠬᠡᠮᠵᠢᠯᠡᠬᠦ ᠥᠬᠡᠢ ᠂ ᠬᠡᠪ ᠰᠤᠷᠲᠠᠯ ᠢ᠋ ᠡᠷᠬᠢᠮᠯᠡᠨ ᠰᠠᠬᠢᠯᠭ᠎ᠠ ᠪᠠᠲᠤ ᠶ᠋ᠢ ᠴᠢᠩᠳᠠᠯᠠᠬᠤ ᠶ᠋ᠢ ᠢᠮᠠᠭᠲᠠ ᠪᠠᠷᠢᠮᠲᠠᠯᠠᠵᠤ ᠂ ᠲᠥᠪ ᠴᠢᠬᠡᠴᠢ ᠰᠤᠷᠲᠠᠯ ᠲᠠᠢ ᠤᠯᠤᠰ ᠲᠥᠷᠥ ᠶ᠋ᠢᠨ ᠠᠮᠢ ᠠᠬᠤᠢ ᠶ᠋ᠢ ᠬᠦᠴᠦᠯᠡᠨ ᠪᠦᠷᠢᠯᠳᠦᠭᠦᠯᠦᠨ᠎ᠡ ᠭᠡᠵᠡᠢ ᠃

     ᠬᠣᠢᠰᠢᠳᠠ ᠶ᠋ᠢᠨ ᠠᠵᠢᠯ ᠳᠤᠮᠳᠠ᠂ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠠᠰᠠᠭᠤᠳᠠᠯ ᠢ᠋ᠶ᠋ᠠᠷ ᠵᠢᠯᠣᠭᠣᠳᠤᠮᠵᠢ ᠪᠣᠯᠭᠠᠨ ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶ᠋ᠢ ᠪᠠᠷᠢᠮᠲᠠᠯᠠᠵᠤ ᠂ ᠰᠢᠭᠦᠨ ᠲᠠᠰᠤᠯᠬᠤ ᠭᠦᠢᠴᠡᠳᠬᠡᠬᠦ ᠠᠵᠢᠯ ᠪᠣᠯᠤᠨ ᠬᠠᠤᠯᠢᠵᠢᠭᠰᠠᠨ ᠬᠤᠳᠠᠯᠳᠤᠭᠠᠨ ᠤ᠋ ᠣᠷᠴᠢᠨ ᠲᠣᠭᠣᠷᠢᠨ ᠢ᠋ ᠭᠦᠨᠵᠡᠭᠡᠢ ᠠᠭᠤᠰᠤᠯᠴᠠᠭᠤᠯᠬᠤ ᠶ᠋ᠢ ᠠᠬᠢᠭᠤᠯᠵᠤ ᠂ ᠮᠧᠬᠠᠨᠢᠭ ᠢ᠋ᠶ᠋ᠠᠷ ᠬᠠᠤᠯᠢ ᠬᠡᠷᠡᠭᠵᠢᠭᠦᠯᠬᠦ ᠂ ᠬᠡᠷᠡᠭ ᠢ᠋ ᠰᠢᠢᠳᠪᠦᠷᠢᠯᠡᠵᠦ ᠬᠡᠷᠡᠭ ᠰᠢᠢᠳᠪᠦᠷᠢᠯᠡᠬᠦ ᠵᠡᠷᠭᠡ ᠠᠰᠠᠭᠤᠳᠠᠯ ᠢ᠋ᠶ᠋ᠠᠷ ᠲᠠᠰᠤᠷᠠᠯᠲᠠ ᠦᠭᠡᠢ ᠦᠢᠯᠡᠴᠢᠯᠡᠭᠡᠨ ᠦ᠌ ᠤᠬᠠᠮᠰᠠᠷ ᠢ᠋ᠶ᠋ᠠᠨ ᠳᠡᠭᠡᠭᠰᠢᠯᠡᠭᠦᠯᠵᠦ ᠂ ᠦᠢᠯᠡᠴᠢᠯᠡᠭᠡᠨ ᠦ᠌ ᠠᠷᠭ᠎ᠠ ᠬᠡᠮᠵᠢᠶ᠎ᠡ ᠪᠡᠨ ᠴᠢᠩᠭᠠᠷᠠᠭᠤᠯᠤᠨ ᠂ ᠦᠢᠯᠡᠴᠢᠯᠡᠭᠡᠨ ᠦ᠌ ᠴᠢᠨᠠᠷ ᠴᠢᠨᠰᠠᠭ᠎ᠠ ᠪᠠᠨ  ᠰᠠᠢᠵᠢᠷᠠᠭᠤᠯᠤᠨ᠎ᠠ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )