ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠬᠠᠤᠯᠢᠵᠢᠭᠰᠠᠨ ᠬᠤᠳᠠᠯᠳᠤᠭ᠎ᠠ ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠳ᠋ᠦ᠍ ᠬᠠᠤᠯᠢ ᠴᠠᠭᠠᠵᠠ ᠶ᠋ᠢᠨ ᠦᠢᠯᠡᠴᠢᠯᠡᠭᠡ ᠪᠠ ᠪᠠᠲᠤᠯᠠᠭ᠎ᠠ ᠬᠠᠩᠭᠠᠬᠤ ᠭᠤᠴᠢᠨ ᠭᠤᠷᠪᠠᠨ ᠵᠤᠷᠪᠤᠰ ᠠᠵᠢᠯ ᠤ᠋ᠨ ᠠᠷᠭ᠎ᠠ ᠬᠡᠮᠵᠢᠶ᠎ᠡ ᠵᠢ ᠨᠡᠢᠲᠡᠯᠡᠪᠡ
2021.04.19 ᠲᠣᠰ ᠥᠷᠲᠡᠭᠡᠨ ᠦ ᠨᠠᠢᠷᠠᠭᠤᠯᠤᠭᠴᠢ

     ᠳᠤᠮᠳᠠ ᠪᠠᠭ᠎ᠠ ᠠᠵᠤ ᠠᠬᠤᠢ ᠶ᠋ᠢᠨ ᠬᠥᠭᠵᠢᠯᠲᠡ ᠪᠣᠯᠤᠨ ᠨᠡᠢᠭᠡᠮ ᠦ᠋ᠨ ᠬᠥᠭᠵᠢᠯᠲᠡ ᠳ᠋ᠦ᠍ ᠪᠠᠲᠤᠯᠠᠭ᠎ᠠ ᠬᠠᠩᠭᠠᠬᠤ  ᠨᠢ ᠰᠢᠭᠦᠬᠦ ᠬᠣᠷᠢᠶᠠᠨ ᠤ᠋ ᠵᠠᠢᠯᠠᠭᠤᠯᠵᠤ ᠪᠣᠯᠣᠰᠢ ᠦᠭᠡᠢ ᠡᠭᠦᠷᠭᠡ ᠬᠠᠷᠢᠭᠤᠴᠠᠯᠭ᠎ᠠ ᠪᠣᠯᠤᠨ᠎ᠠ᠃ ᠬᠠᠤᠯᠢᠵᠢᠭᠰᠠᠨ ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠪᠣᠯ ᠠᠷᠠᠳ ᠤ᠋ᠨ ᠰᠢᠭᠦᠬᠦ ᠬᠣᠷᠢᠶᠠᠨ ᠤ᠋ ᠪᠠᠢᠪᠠᠰᠤ ᠵᠣᠬᠢᠬᠤ ᠬᠠᠤᠯᠢ ᠴᠠᠭᠠᠵᠠ ᠶ᠋ᠢᠨ ᠡᠭᠦᠷᠭᠡᠯᠡᠯ ᠪᠣᠯᠤᠨ᠎ᠠ ᠃ ᠣᠢᠷ᠎ᠠ ᠳ᠋ᠤ᠌ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ 《ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠳ᠋ᠦ᠍ ᠬᠠᠤᠯᠢ ᠴᠠᠭᠠᠵᠠ ᠶ᠋ᠢᠨ ᠦᠢᠯᠡᠴᠢᠯᠡᠭᠡ ᠪᠠ ᠪᠠᠲᠤᠯᠠᠭ᠎ᠠ ᠬᠠᠩᠭᠠᠬᠤ ᠭᠤᠴᠢᠨ ᠭᠤᠷᠪᠠᠨ ᠵᠤᠷᠪᠤᠰ ᠠᠵᠢᠯ ᠤ᠋ᠨ ᠠᠷᠭ᠎ᠠ ᠬᠡᠮᠵᠢᠶ᠎ᠡ》 ᠶ᠋ᠢ ᠨᠡᠢᠲᠡᠯᠡᠵᠦ ᠂ ᠳᠣᠣᠷᠠᠬᠢ 《ᠠᠵᠢᠯ ᠤ᠋ᠨ ᠠᠷᠭ᠎ᠠ ᠬᠡᠮᠵᠢᠶ᠎ᠡ》 ᠶ᠋ᠢ ᠳᠥᠭᠥᠮᠴᠢᠯᠡᠭᠡᠳ《ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠳ᠋ᠦ᠍ ᠦᠢᠯᠡᠴᠢᠯᠡᠬᠦ ᠪᠠᠲᠤᠯᠠᠭ᠎ᠠ ᠶ᠋ᠢᠨ ᠦᠢᠯᠡᠳᠦᠯ ᠢ᠋ ᠭᠦᠢᠴᠡᠳ ᠪᠠᠳᠠᠷᠠᠭᠤᠯᠬᠤ ᠶ᠋ᠢᠨ ᠲᠤᠰᠠᠳᠠ ᠂ ᠨᠡᠩ ᠲᠣᠭᠲᠠᠭᠤᠨ ᠲᠥᠪ ᠭᠣᠣᠯᠴᠢ ᠢᠯᠡ ᠲᠣᠳᠣ ᠬᠠᠤᠯᠢ ᠳᠦᠷᠢᠮ ᠦ᠋ᠨ ᠡᠭᠦᠳᠦᠨ ᠪᠦᠲᠦᠭᠡᠯᠲᠡ ᠲᠡᠢ ᠪᠣᠯᠭᠠᠨ᠎ᠠ》 ᠃
      《ᠠᠵᠢᠯ ᠤ᠋ᠨ ᠠᠷᠭ᠎ᠠ ᠬᠡᠮᠵᠢᠶ᠎ᠡ》  ᠳᠦ  ᠵᠠᠷᠭᠤ ᠶ᠋ᠢᠨ ᠦᠢᠯᠡᠴᠢᠯᠡᠭᠡ ᠶ᠋ᠢ ᠴᠢᠩᠭᠠᠳᠬᠠᠵᠤ ᠠᠷᠠᠳ ᠲᠤ᠌ ᠳᠥᠭᠥᠮ ᠦᠵᠡᠭᠦᠯᠬᠦ ᠬᠠᠤᠯᠢ ᠴᠠᠭᠠᠵᠠ ᠶ᠋ᠢᠨ ᠬᠢᠷᠢ ᠲᠦᠪᠰᠢᠨ ᠢ᠋ ᠳᠡᠭᠡᠭᠰᠢᠯᠡᠭᠦᠯᠵᠦ  ᠵᠠᠷᠭᠤ ᠶ᠋ᠢᠨ ᠶᠠᠪᠤᠴᠠ ᠶ᠋ᠢ ᠰᠢᠯᠢᠳᠡᠭᠵᠢᠭᠦᠯᠬᠦ᠂ ᠰᠢᠭᠦᠨ ᠲᠠᠰᠤᠯᠬᠤ ᠴᠢᠨᠠᠷ ᠴᠢᠨᠰᠠᠭ᠎ᠠ  ᠶ᠋ᠢ   ᠳᠡᠭᠡᠭᠰᠢᠯᠡᠭᠦᠯᠵᠦ  ᠰᠢᠭᠦᠨ ᠲᠠᠰᠤᠯᠤᠯᠲᠠ ᠶ᠋ᠢ  ᠴᠢᠩᠭᠠᠳᠬᠠᠬᠤ  ᠵᠡᠷᠭᠡ ᠡᠯ᠎ᠡ ᠵᠦᠢᠯ ᠦ᠋ᠨ ᠠᠵᠢᠯ ᠢ᠋ ᠲᠣᠳᠣᠷᠬᠠᠢ ᠵᠢᠷᠤᠮᠵᠢᠭᠤᠯᠵᠤ ᠂ ᠪᠣᠳᠠᠲᠠᠢ ᠱᠠᠭᠠᠷᠳᠠᠯᠭ᠎ᠠ  ᠳᠤᠷᠠᠳᠤᠭᠰᠠᠨ ᠪᠠᠢᠨ᠎ᠠ᠃
     《ᠠᠵᠢᠯ ᠤ᠋ᠨ ᠠᠷᠭ᠎ᠠ ᠬᠡᠮᠵᠢᠶ᠎ᠡ》 ᠳ᠋ᠦ᠍ 《ᠨᠢᠭᠡ ᠥᠷᠲᠡᠭᠡᠴᠢᠯᠡᠭᠰᠡᠨ ᠮᠠᠶᠢᠭ ᠤ᠋ᠨ ᠵᠠᠷᠭᠤ ᠶ᠋ᠢᠨ ᠦᠢᠯᠡᠴᠢᠯᠡᠭᠡ ᠬᠢᠭᠡᠳ ᠪᠦᠬᠦ ᠬᠡᠪᠴᠢᠶᠡᠨ ᠦ᠌ ᠰᠤᠷᠠᠭ ᠵᠠᠩᠭᠢ ᠶ᠋ᠢᠨ ᠦᠢᠯᠡᠴᠢᠯᠡᠭᠡ ᠶ᠋ᠢ ᠬᠡᠷᠡᠭᠵᠢᠭᠦᠯᠵᠦ ᠂ ᠨᠢᠭᠡ ᠯᠡ ᠤᠳᠠᠭᠠᠨ ᠤ᠋ ᠴᠢᠨᠠᠷᠲᠠᠢ ᠮᠡᠳᠡᠭᠳᠡᠯ ᠪᠠ ᠠᠩᠬ᠎ᠠ ᠠᠰᠠᠭᠤᠬᠤ ᠬᠠᠷᠢᠭᠤᠴᠠᠬᠤ ᠲᠣᠭᠲᠠᠴᠠ ᠶ᠋ᠢ ᠲᠡᠭᠦᠯᠳᠡᠷᠵᠢᠭᠦᠯᠵᠦ ᠂ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ ᠪᠠ ᠪᠦᠬᠦ ᠲᠤᠬᠠᠢᠯᠠᠭᠰᠠᠨ ᠠᠵᠢᠯ ᠤ᠋ᠨ ᠰᠦᠯᠵᠢᠶᠡᠨ ᠳᠡᠭᠡᠷ᠎ᠡ ᠰᠢᠢᠳᠪᠦᠷᠢᠯᠡᠬᠦ ᠂ ᠵᠠᠷᠭᠤ ᠪᠠ ᠡᠶᠡᠳᠡᠭᠦᠯᠬᠦ ᠶ᠋ᠢ ᠵᠣᠯᠭᠠᠯᠳᠣᠭᠤᠯᠬᠤ ᠪᠣᠳᠠᠲᠤ ᠠᠵᠢᠯᠯᠠᠭ᠎ᠠ ᠶ᠋ᠢ ᠴᠢᠩᠭᠠᠳᠬᠠᠵᠤ ᠂ < ᠬᠤᠪᠢᠶᠠᠨ ᠡᠶᠡᠳᠡᠭᠦᠯᠬᠦ ᠪᠠ ᠰᠢᠭᠦᠨ ᠲᠠᠰᠤᠯᠬᠤ > ᠲᠣᠭᠲᠠᠴᠠ ᠶ᠋ᠢ ᠲᠡᠭᠦᠯᠳᠡᠷᠵᠢᠭᠦᠯᠵᠦ ᠂ ᠵᠢᠭᠤᠷᠠᠯᠳᠤᠭᠠᠨ ᠢ᠋ ᠲᠦᠷᠭᠡᠨ ᠰᠢᠢᠳᠪᠦᠷᠢᠯᠡᠬᠦ ᠲᠥᠬᠥᠷᠵᠢᠭᠦᠯᠬᠦ ᠲᠣᠭᠲᠠᠴᠠ ᠶ᠋ᠢ ᠲᠡᠭᠦᠯᠳᠡᠷᠵᠢᠭᠦᠯᠵᠦ ᠂ ᠢᠷᠭᠡᠨ ᠦ᠌ ᠪᠠ ᠬᠤᠳᠠᠯᠳᠤᠭᠠᠨ ᠤ᠋ ᠶᠠᠪᠤᠳᠠᠯ ᠤ᠋ᠨ ᠰᠢᠭᠦᠨ ᠲᠠᠰᠤᠯᠤᠯᠲᠠ ᠶ᠋ᠢ ᠬᠦᠯᠢᠶᠡᠨ ᠠᠪᠬᠤ ᠡᠮᠬᠢ ᠳᠠᠷᠠᠭᠠᠯᠠᠯ》  ᠢ᠋ ᠰᠢᠯᠢᠳᠡᠭᠵᠢᠭᠦᠯᠦᠨ᠎ᠡ ᠃
     《ᠠᠵᠢᠯ ᠤ᠋ᠨ ᠠᠷᠭ᠎ᠠ ᠬᠡᠮᠵᠢᠶ᠎ᠡ》 ᠨᠢ《ᠠᠵᠤ ᠠᠬᠤᠢᠯᠠᠯ ᠤ᠋ᠨ ᠳᠠᠬᠢᠨ ᠴᠡᠭᠴᠡᠯᠡᠯᠲᠡ ᠬᠢᠬᠦ ᠠᠵᠢᠯ ᠤ᠋ᠨ ᠲᠣᠭᠲᠠᠴᠠ ᠶ᠋ᠢ ᠪᠠᠢᠭᠤᠯᠤᠨ ᠲᠡᠭᠦᠯᠳᠡᠷᠵᠢᠭᠦᠯᠵᠦ ᠂ ᠳᠠᠮᠫᠤᠷᠠᠯ ᠤ᠋ᠨ ᠰᠢᠭᠦᠨ ᠲᠠᠰᠤᠯᠤᠯᠲᠠ ᠶ᠋ᠢᠨ ᠦᠷ᠎ᠡ ᠪᠦᠲᠦᠮᠵᠢ ᠶ᠋ᠢ ᠬᠦᠴᠦᠯᠡᠨ ᠳᠡᠭᠡᠭᠰᠢᠯᠡᠭᠦᠯᠵᠦ ᠂ ᠵᠠᠰᠠᠭ ᠤ᠋ᠨ ᠣᠷᠳᠣᠨ ᠤ᠋ ᠬᠠᠮᠲᠤᠷᠠᠨ ᠬᠥᠳᠡᠯᠦᠯᠴᠡᠬᠦ ᠲᠣᠭᠲᠠᠴᠠ ᠶ᠋ᠢ ᠭᠦᠨᠵᠡᠭᠡᠢ ᠲᠦᠯᠬᠢᠨ ᠠᠬᠢᠭᠤᠯᠵᠤ ᠂ ᠳᠠᠮᠫᠤᠷᠠᠯ ᠤ᠋ᠨ ᠰᠢᠭᠦᠨ ᠲᠠᠰᠤᠯᠤᠯᠲᠠ ᠶ᠋ᠢᠨ ᠮᠡᠳᠡᠭᠡ ᠵᠠᠩᠭᠢᠴᠢᠯᠲᠠ ᠶ᠋ᠢᠨ ᠪᠠᠢᠭᠤᠯᠤᠯᠲᠠ ᠶ᠋ᠢ ᠴᠢᠩᠭᠠᠳᠬᠠᠵᠤ ᠂ ᠠᠵᠤ ᠠᠬᠤᠢᠯᠠᠯ ᠵᠢᠴᠢ ᠠᠵᠤ ᠠᠬᠤᠢᠯᠠᠯᠲᠠᠨ ᠤ᠋ ᠬᠠᠤᠯᠢ ᠶᠣᠰᠣᠨ ᠤ᠋ ᠡᠷᠬᠡ ᠠᠰᠢᠭ ᠲᠤ᠌ ᠬᠠᠯᠳᠠᠭᠰᠠᠨ ᠶᠠᠯᠠᠲᠤ ᠬᠡᠷᠡᠭ ᠲᠦ᠍ ᠴᠢᠩᠭ᠎ᠠ ᠴᠣᠬᠢᠯᠲᠠ ᠥᠭᠴᠦ ᠂ ᠵᠠᠰᠠᠭ ᠵᠠᠬᠢᠷᠭᠠᠨ ᠤ᠋ ᠵᠢᠭᠤᠷᠠᠯᠳᠤᠭᠠᠨ ᠤ᠋ ᠬᠡᠷᠡᠭ ᠢ᠋ ᠦᠨᠡᠨ ᠪᠣᠳᠠᠲᠠᠢ ᠪᠠᠷ ᠡᠶᠡᠳᠡᠭᠦᠯᠦᠨ ᠂ ᠠᠷᠠᠳ ᠤ᠋ᠨ ᠡᠵᠡᠩᠨᠡᠯᠲᠡ ᠶ᠋ᠢᠨ ᠠᠵᠤ ᠠᠬᠤᠢᠯᠠᠯ ᠢ᠋ ᠵᠣᠬᠢᠰᠲᠠᠢ ᠰᠢᠢᠳᠪᠦᠷᠢᠯᠡᠪᠡ》 ᠃
 ᠡᠭᠦᠨ ᠡᠴᠡ ᠭᠠᠳᠠᠨ᠎ᠠ ᠂ ᠭᠤᠴᠢᠨ ᠭᠤᠷᠪᠠᠳᠤᠭᠠᠷ ᠵᠦᠢᠯ ᠦ᠋ᠨ ᠠᠵᠢᠯ ᠤ᠋ᠨ ᠠᠷᠭ᠎ᠠ ᠬᠡᠮᠵᠢᠶ᠎ᠡ ᠳ᠋ᠦ᠍《ᠠᠵᠤ ᠠᠬᠤᠢᠯᠠᠯ ᠤ᠋ᠨ ᠭᠦᠢᠴᠡᠳᠬᠡᠬᠦ ᠥᠪᠡᠷ ᠦ᠋ᠨ ᠥᠷᠲᠡᠭ ᠢ᠋ ᠵᠣᠬᠢᠰᠲᠠᠢ ᠬᠢᠵᠠᠭᠠᠷᠯᠠᠨ ᠂ ᠡᠳ᠋ ᠬᠥᠷᠥᠩᠭᠡ ᠶ᠋ᠢᠨ ᠪᠡᠯᠡᠨ ᠵᠣᠭᠣᠰ ᠪᠣᠯᠭᠠᠬᠤ ᠶ᠋ᠢ ᠭᠦᠢᠴᠡᠳ ᠪᠡᠶᠡᠯᠡᠭᠦᠯᠵᠦ ᠂ ᠠᠵᠤ ᠠᠬᠤᠢᠯᠠᠯ ᠤ᠋ᠨ ᠵᠠᠷᠭᠤ ᠢᠯᠠᠬᠤ ᠡᠷᠬᠡ ᠠᠰᠢᠭ ᠢ᠋ ᠴᠠᠭ ᠲᠤᠬᠠᠢ ᠳ᠋ᠤᠨᠢ ᠪᠣᠳᠠᠲᠠᠢᠵᠢᠭᠤᠯᠵᠤ ᠂ ᠥᠷᠢ ᠥᠭᠴᠡᠭᠡ ᠡᠴᠡ ᠵᠠᠢᠯᠠᠵᠤ ᠬᠦᠴᠦᠨ ᠦᠭᠡᠢ ᠪᠣᠯᠭᠠᠬᠤ ᠦᠢᠯᠡ ᠠᠵᠢᠯᠯᠠᠭ᠎ᠠ ᠶ᠋ᠢ ᠬᠠᠤᠯᠢ ᠶᠣᠰᠣᠭᠠᠷ ᠰᠢᠳᠬᠡᠵᠦ ᠂ ᠡᠳ᠋ ᠬᠥᠷᠥᠩᠭᠡ ᠶ᠋ᠢ ᠰᠠᠢᠨ ᠳᠤᠷ᠎ᠠ ᠠ᠋ᠴᠠ ᠪᠠᠨ ᠰᠣᠩᠭᠣᠨ ᠬᠠᠮᠠᠭᠠᠯᠠᠨ ᠬᠠᠳᠠᠭᠠᠯᠠᠬᠤ ᠂ ᠪᠠᠷᠢᠮᠵᠢᠶ᠎ᠠ ᠠ᠋ᠴᠠ ᠬᠡᠲᠦᠷᠡᠭᠰᠡᠨ ᠢ᠋ ᠪᠠᠢᠴᠠᠭᠠᠨ ᠪᠢᠲᠡᠭᠦᠮᠵᠢᠯᠡᠬᠦ ᠶ᠋ᠢ ᠴᠢᠩᠭ᠎ᠠ ᠴᠠᠭᠠᠵᠠᠯᠠᠬᠤ ᠂ ᠡᠳ᠋ ᠬᠥᠷᠥᠩᠭᠡ ᠶ᠋ᠢ ᠡᠩ ᠲᠡᠷᠢᠭᠦᠨ ᠳ᠋ᠦ᠍ ᠭᠦᠢᠴᠡᠳᠬᠡᠬᠦ ᠂ ᠪᠠᠢᠴᠠᠭᠠᠨ ᠪᠢᠲᠡᠭᠦᠮᠵᠢᠯᠡᠬᠦ ᠡᠳ᠋ ᠬᠥᠷᠥᠩᠭᠡ ᠶ᠋ᠢᠨ ᠦᠷ᠎ᠡ ᠠᠰᠢᠭ ᠢ᠋ ᠭᠦᠢᠴᠡᠳ  ᠪᠠᠳᠠᠷᠠᠭᠤᠯᠤᠨ᠎ᠠ》 ᠬᠡᠮᠡᠨ ᠳᠤᠷᠠᠳᠪᠠ᠃
       ᠳᠠᠷᠠᠭᠠᠴᠢ ᠶ᠋ᠢᠨ ᠠᠯᠬᠤᠮ ᠳ᠋ᠤ᠌ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠶᠡᠬᠡ ᠲᠠᠯ᠎ᠠ ᠳ᠋ᠤ᠌ ᠦᠢᠯᠡᠴᠢᠯᠡᠬᠦ ᠴᠢᠳᠠᠪᠤᠷᠢ ᠂ ᠠᠷᠠᠳ ᠤ᠋ᠨ ᠲᠥᠯᠥᠭᠡ ᠬᠠᠤᠯᠢ ᠪᠠᠷᠢᠬᠤ ᠴᠢᠳᠠᠪᠤᠷᠢ ᠂ ᠲᠥᠪ ᠭᠣᠣᠯᠴᠢ ᠪᠠᠷ ᠬᠠᠤᠯᠢ ᠬᠡᠷᠡᠭᠵᠢᠭᠦᠯᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠡᠵᠡᠩᠨᠡᠯᠲᠡ ᠶ᠋ᠢᠨ ᠣᠷᠴᠢᠨ ᠲᠣᠭᠣᠷᠢᠨ ᠢ᠋ᠶ᠋ᠠᠨ ᠰᠢᠯᠢᠳᠡᠭᠵᠢᠭᠦᠯᠬᠦ ᠪᠠ ᠠᠷᠠᠳ ᠠ᠋ᠴᠠ ᠡᠵᠡᠩᠨᠡᠭᠰᠡᠨ ᠠᠵᠤ ᠠᠬᠤᠢ ᠶ᠋ᠢᠨ ᠡᠷᠡᠭᠦᠯ ᠢ᠋ᠶ᠋ᠡᠷ ᠬᠥᠭᠵᠢᠬᠦ ᠶ᠋ᠢ ᠠᠬᠢᠭᠤᠯᠬᠤ ᠪᠠᠷ ᠴᠢᠬᠤᠯᠠ ᠤᠯᠤᠰ ᠲᠥᠷᠥ ᠶ᠋ᠢᠨ ᠬᠠᠷᠢᠭᠤᠴᠠᠯᠭ᠎ᠠ ᠪᠠᠨ ᠪᠣᠯᠭᠠᠵᠤ ᠂ ᠡᠯ᠎ᠡ ᠵᠦᠢᠯ ᠦ᠋ᠨ ᠠᠷᠭ᠎ᠠ ᠬᠡᠮᠵᠢᠶ᠎ᠡ ᠶ᠋ᠢ ᠪᠣᠳᠠᠲᠠᠢ ᠪᠥᠭᠡᠳ ᠨᠠᠷᠢᠨ ᠪᠣᠳᠠᠲᠠᠢ ᠬᠢᠵᠦ ᠂ ᠦᠵᠡᠯ ᠰᠠᠨᠠᠭᠠᠨ ᠤ᠋ ᠣᠢᠯᠠᠭᠠᠭᠳᠠᠬᠤᠨ ᠢ᠋ᠶ᠋ᠠᠨ ᠰᠢᠨᠡᠳᠬᠡᠵᠦ ᠂ ᠰᠢᠭᠦᠨ ᠲᠠᠰᠤᠯᠬᠤ ᠡᠭᠦᠷᠭᠡ ᠴᠢᠳᠠᠪᠤᠷᠢ ᠪᠠᠨ ᠪᠠᠲᠤᠳᠬᠠᠵᠤ ᠂ ᠦᠢᠯᠡᠴᠢᠯᠡᠭᠡᠨ ᠦ᠌ ᠠᠷᠭ᠎ᠠ ᠬᠡᠮᠵᠢᠶ᠎ᠡ ᠪᠡᠨ  ᠲᠡᠭᠦᠯᠳᠡᠷᠵᠢᠭᠦᠯᠦᠭᠰᠡᠨ ᠪᠠᠢᠨ᠎ᠠ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )