ᠰᠢᠳᠤᠷᠭᠤ ᠰᠤᠷᠤᠯᠴᠠᠬᠤ ᠠᠵᠢᠯᠯᠠᠭ᠎ᠠ ᠶ᠋ᠢ ᠭᠦᠨᠵᠡᠭᠡᠢᠷᠡᠭᠦᠯᠵᠦ ᠥᠭᠡᠷᠡᠴᠢᠯᠡᠯᠲᠡ ᠶ᠋ᠢ ᠠᠬᠢᠭᠤᠯᠤᠶ᠎ᠠ - ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠡᠩᠨᠡᠭᠡ ᠶ᠋ᠢᠨ ᠰᠤᠷᠭᠠᠨ ᠬᠥᠮᠦᠵᠢᠯ ᠦ᠋ᠨ ᠰᠤᠷᠭᠠᠨ ᠬᠥᠮᠦᠵᠢᠭᠦᠯᠬᠦ ᠠᠵᠢᠯ ᠤᠨ ᠶᠡᠷᠦᠩᠬᠡᠢ ᠲᠣᠭᠠᠴᠢᠯᠲᠠ
2021.04.19 ᠲᠣᠰ ᠥᠷᠲᠡᠭᠡᠨ᠎ᠦ ᠨᠠᠢᠷᠠᠭᠤᠯᠤᠭᠴᠢ

     ᠡᠨᠡ ᠪᠣᠯ ᠨᠢᠭᠡ ᠤᠳᠠᠭᠠᠨ ᠤ᠋ ᠣᠶᠤᠨ ᠰᠠᠨᠠᠭᠠᠨ ᠤ᠋ ᠬᠥᠮᠦᠵᠢᠯ᠂ ᠡᠨᠡ ᠪᠣᠯ ᠨᠢᠭᠡ ᠤᠳᠠᠭᠠᠨ ᠤ᠋ ᠦᠵᠡᠯ ᠰᠠᠨᠠᠭᠠᠨ ᠤ᠋ ᠲᠠᠪᠰᠢᠯᠲᠠ︕

     ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡ ᠶ᠋ᠢᠨ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢ ᠥᠷᠨᠢᠭᠦᠯᠦᠭᠰᠡᠨ ᠡᠴᠡ ᠨᠡᠰᠢ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡ ᠶ᠋ᠢᠨ ᠰᠤᠷᠭᠠᠨ ᠬᠥᠮᠦᠵᠢᠯ ᠢ᠋ ᠴᠡᠭᠴᠡᠯᠡᠬᠦ ᠲᠤᠬᠠᠢ ᠨᠠᠮ ᠤ᠋ᠨ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠂ ᠬᠣᠲᠠ ᠶ᠋ᠢᠨ ᠨᠠᠮ ᠤ᠋ᠨ ᠬᠣᠷᠢᠶ᠎ᠠ ᠪᠣᠯᠤᠨ ᠳᠡᠭᠡᠳᠦ ᠱᠠᠲᠤᠨ ᠤ᠋ ᠰᠢᠭᠦᠬᠦ ᠬᠣᠷᠢᠶᠠᠨ ᠤ᠋ ᠬᠣᠯᠪᠣᠭᠳᠠᠯ ᠪᠦᠬᠦᠢ ᠱᠠᠭᠠᠷᠳᠠᠯᠭ᠎ᠠ ᠶ᠋ᠢ ᠨᠠᠷᠢᠨ ᠬᠢᠨᠠᠮᠠᠭᠠᠢ ᠲᠤᠤᠱᠯᠠᠭᠤᠯᠤᠨ ᠨᠠᠢᠳᠠᠪᠤᠷᠢᠵᠢᠭᠤᠯᠵᠤ ᠂ 《 ᠰᠤᠷᠤᠯᠴᠠᠬᠤ 》ᠰᠠᠭᠤᠷᠢ ᠶ᠋ᠢ ᠴᠢᠩᠭ᠎ᠠ ᠠᠳᠬᠤᠨ 《 ᠰᠤᠷᠤᠯᠴᠠᠬᠤ》 ᠠᠭᠤᠷ ᠠᠮᠢᠰᠬᠤᠯ ᠢ᠋ ᠪᠣᠢ ᠪᠣᠯᠭᠠᠨ ᠂ ᠥᠨᠳᠥᠷ ᠪᠠᠷᠢᠮᠵᠢᠶ᠎ᠠ ᠪᠠᠷ ᠲᠥᠯᠥᠪᠯᠡᠵᠦ ᠂ ᠥᠨᠳᠥᠷ ᠡᠬᠢᠯᠡᠯᠲᠡ ᠡᠴᠡ ᠡᠭᠦᠰᠴᠦ ᠂ ᠥᠨᠳᠦᠷ ᠶᠠᠰᠤ ᠴᠢᠨᠠᠷ ᠲᠦᠯᠬᠢᠨ ᠠᠬᠢᠭᠤᠯᠵᠠᠢ ᠃

     ᠣᠷᠭᠢᠯ ᠳ᠋ᠤ᠌ ᠨᠢ ᠭᠠᠷᠬᠤ ᠪᠠᠷ ᠴᠢᠷᠮᠠᠢᠬᠤ ᠲᠥᠯᠥᠪᠯᠡᠭᠡ ᠶ᠋ᠢ ᠪᠦᠬᠦ ᠲᠠᠯ᠎ᠠ ᠪᠠᠷ ᠡᠷᠴᠢᠮ ᠲᠡᠢ ᠡᠬᠢᠯᠡᠭᠦᠯᠦᠯ᠎ᠡ᠃

     ᠲᠦᠮᠡᠨ ᠦᠶ᠎ᠡ ᠦᠯᠦ ᠪᠣᠳᠣᠯᠬᠢᠯᠠᠪᠠᠰᠤ ᠨᠢᠭᠡ ᠦᠶ᠎ᠡ ᠴᠦ᠍ ᠦᠯᠦ ᠪᠣᠳᠣᠯᠬᠢᠯᠠᠮᠤᠢ ᠪᠦᠬᠦ ᠲᠠᠯ᠎ᠠ ᠶ᠋ᠢ ᠪᠣᠳᠣᠯᠬᠢᠯᠠᠬᠤ ᠦᠭᠡᠢ ᠬᠥᠮᠦᠨ ᠨᠢᠭᠡ ᠭᠠᠵᠠᠷ ᠴᠤ ᠣᠯᠬᠤ ᠦᠭᠡᠢ ᠃

     ᠰᠤᠷᠤᠯᠴᠠᠯᠭ᠎ᠠ ᠬᠥᠮᠦᠵᠢᠯ ᠦ᠋ᠨ ᠵᠠᠩᠭᠢᠯᠠᠭ᠎ᠠ ᠶ᠋ᠢᠨ ᠴᠠᠭ ᠪᠠᠴᠢᠮ ᠂ ᠡᠭᠦᠷᠭᠡ ᠬᠦᠨᠳᠦ ᠪᠠᠢᠴᠠᠭᠠᠬᠤ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠡᠬᠢᠯᠡᠬᠦ ᠡᠴᠡ ᠪᠡᠨ ᠠᠪᠤᠭᠠᠳ 《ᠥᠨᠳᠥᠷ ᠡᠬᠢᠯᠡᠯᠲᠡ ᠂ ᠥᠨᠳᠥᠷ ᠪᠠᠷᠢᠮᠵᠢᠶ᠎ᠠ ᠱᠠᠭᠠᠷᠳᠠᠯᠭ᠎ᠠ᠂ ᠥᠨᠳᠥᠷ ᠶᠠᠰᠤ ᠴᠢᠨᠠᠷ ᠢ ᠨᠠᠢᠳᠠᠪᠤᠷᠢᠵᠢᠭᠤᠯᠬᠤ》ᠦᠨᠳᠦᠰᠦᠨ ᠰᠡᠳᠬᠢᠴᠡ ᠶ᠋ᠢ ᠲᠣᠭᠲᠠᠭᠠᠨ《ᠱᠤᠭᠤᠮ ᠲᠣᠳᠣᠷᠬᠠᠢ》᠂ 《ᠱᠤᠭᠤᠮ ᠲᠣᠳᠣᠷᠬᠠᠢ》᠂ 《ᠥᠩᠭᠡ ᠪᠣᠳᠣᠭ ᠨᠢ ᠲᠣᠳᠣᠷᠬᠠᠢ》 ᠲᠥᠯᠥᠪᠵᠢᠭᠦᠯᠭᠡ ᠶ᠋ᠢᠨ ᠵᠢᠷᠤᠭ ᠢ᠋ ᠵᠢᠷᠤᠭᠯᠠᠵᠠᠢ᠃

     ᠨᠢᠭᠡᠳᠦᠭᠡᠷ ᠪᠦᠯᠦᠭ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡ ᠶ᠋ᠢᠨ ᠰᠤᠷᠭᠠᠨ ᠬᠥᠮᠦᠵᠢᠯ ᠦ᠋ᠨ ᠵᠠᠰᠠᠨ ᠴᠡᠭᠴᠡᠯᠡᠬᠦ ᠰᠤᠷᠤᠯᠴᠠᠯᠭ᠎ᠠ ᠰᠤᠷᠭᠠᠨ ᠬᠥᠮᠦᠵᠢᠯ ᠦ᠋ᠨ ᠭᠣᠭᠴᠣᠭ᠎ᠠ ᠶ᠋ᠢᠨ ᠠᠵᠢᠯ ᠤ᠋ᠨ ᠶᠠᠪᠤᠴᠠ ᠵᠢᠴᠢ ᠠᠵᠢᠯ ᠤ᠋ᠨ ᠵᠢᠯᠣᠭᠣᠳᠤᠮᠵᠢ ᠱᠠᠭᠠᠷᠳᠠᠯᠭ᠎ᠠ ᠶᠣᠰᠣᠭᠠᠷ ᠂ ᠡᠩᠨᠡᠭᠡᠨ ᠦ᠌ ᠰᠤᠷᠭᠠᠨ ᠬᠥᠮᠦᠵᠢᠯ ᠢ᠋ ᠴᠡᠭᠴᠡᠯᠡᠬᠦ ᠤᠳᠤᠷᠢᠳᠬᠤ ᠳᠤᠭᠤᠢᠯᠠᠩ ᠤᠷᠢᠳ ᠬᠣᠵᠢᠳ 3 ᠤᠳᠠᠭ᠎ᠠ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠰᠤᠷᠤᠯᠴᠠᠯᠭ᠎ᠠ ᠰᠤᠷᠭᠠᠨ ᠬᠥᠮᠦᠵᠢᠯ ᠦ᠋ᠨ ᠲᠥᠰᠦᠯ ᠳ᠋ᠦ᠍ ᠲᠤᠰᠬᠠᠢ ᠰᠡᠳᠦᠪᠲᠦ ᠰᠤᠳᠤᠯᠭᠠᠨ ᠬᠢᠪᠡ ᠃ ᠲᠣᠭᠲᠠᠭᠰᠠᠨ ᠬᠥᠳᠡᠯᠭᠡᠭᠡᠨ ᠦ᠌ ᠤᠭ ᠴᠢᠨᠠᠷ ᠂ ᠥᠪᠡᠷᠲᠡᠭᠡᠨ ᠰᠣᠩᠭᠣᠬᠤ ᠬᠥᠳᠡᠯᠭᠡᠭᠡᠨ ᠦ᠌ ᠣᠨᠴᠠᠯᠢᠭ ᠢ᠋ᠶ᠋ᠠᠨ ᠳᠣᠪᠣᠢᠯᠭᠠᠬᠤ ᠵᠠᠷᠴᠢᠮ ᠢ᠋ᠶ᠋ᠠᠷ ᠡᠯ᠎ᠡ ᠱᠠᠲᠤᠨ ᠤ᠋ ᠨᠠᠮ ᠤ᠋ᠨ ᠬᠣᠷᠢᠶᠠᠨ ᠤ᠋ ᠠᠵᠢᠯ ᠤ᠋ᠨ ᠪᠠᠢᠷᠢᠯᠠᠭᠤᠯᠤᠯᠲᠠ ᠲᠠᠢ ᠤᠶᠠᠯᠳᠤᠭᠤᠯᠵᠤ ᠂ ᠤᠯᠤᠰ ᠲᠥᠷᠥ ᠶ᠋ᠢᠨ ᠬᠥᠮᠦᠵᠢᠯ ᠂ ᠨᠠᠮ ᠤ᠋ᠨ ᠲᠡᠦᠬᠡ ᠶ᠋ᠢᠨ ᠬᠥᠮᠦᠵᠢᠯ ᠂ ᠰᠡᠷᠡᠮᠵᠢ ᠶ᠋ᠢᠨ ᠬᠥᠮᠦᠵᠢᠯ ᠂ ᠪᠠᠭᠠᠲᠤᠷ ᠵᠢᠱ᠌ᠢᠶᠡᠴᠢᠳ ᠦ᠋ᠨ ᠬᠥᠮᠦᠵᠢᠯ ᠵᠡᠷᠭᠡ ᠳᠥᠷᠪᠡᠨ ᠭᠣᠣᠯᠳᠠᠯᠭ᠎ᠠ ᠲᠠᠢ ᠰᠤᠷᠤᠯᠴᠠᠯᠭ᠎ᠠ ᠬᠥᠮᠦᠵᠢᠯ ᠦ᠋ᠨ ᠡᠭᠦᠷᠭᠡ ᠶ᠋ᠢ ᠪᠠᠲᠤᠳᠬᠠᠵᠤ ᠂《 ᠣᠷᠳᠣᠰ ᠬᠣᠲᠠ ᠶ᠋ᠢᠨ ᠰᠢᠭᠦᠬᠦ ᠬᠣᠷᠢᠶᠠᠨ ᠤ᠋ ᠡᠩᠨᠡᠭᠡᠨ ᠦ᠌ ᠰᠤᠷᠭᠠᠨ ᠬᠥᠮᠦᠵᠢᠯ ᠢ᠋ ᠴᠡᠭᠴᠡᠯᠡᠬᠦ᠂ᠦᠨᠳᠦᠰᠦ ᠪᠡᠨ ᠴᠢᠩᠭᠠᠳᠬᠠᠵᠤ ᠂ ᠬᠡᠪ ᠢ᠋ᠶ᠋ᠡᠨ ᠰᠠᠬᠢᠬᠤ 》ᠰᠤᠷᠤᠯᠴᠠᠯᠭ᠎ᠠ ᠬᠥᠮᠦᠵᠢᠯ ᠢ᠋ ᠲᠤᠭᠤᠷᠪᠢᠨ ᠲᠣᠭᠲᠠᠭᠠᠪᠠ ᠃

     ᠪᠣᠳᠣᠯᠭ᠎ᠠ ᠲᠣᠭᠲᠠᠭᠠᠭᠰᠠᠨ ᠤ᠋ ᠳᠠᠷᠠᠭ᠎ᠠ ᠬᠡᠷᠡᠭᠵᠢᠭᠦᠯᠦᠨ᠎ᠡ ᠃ 3 ᠰᠠᠷ᠎ᠠ ᠶ᠋ᠢᠨ 12 ᠤ᠋ ᠡᠳᠦᠷ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠦᠬᠦ ᠬᠣᠲᠠ ᠶ᠋ᠢᠨ ᠰᠢᠭᠦᠬᠦ ᠬᠣᠷᠢᠶ᠎ᠠ ᠶ᠋ᠢᠨ ᠡᠩᠨᠡᠭᠡᠨ ᠦ᠌ ᠰᠤᠷᠭᠠᠨ ᠬᠥᠮᠦᠵᠢᠯ ᠢ᠋ ᠴᠡᠭᠴᠡᠯᠡᠬᠦ ᠪᠣᠯᠪᠠᠰᠤᠷᠠᠯ ᠤ᠋ᠨ ᠬᠤᠷᠠᠯ ᠬᠢᠵᠦ ᠂ ᠭᠣᠣᠯᠳᠠᠭᠤ ᠰᠤᠷᠤᠯᠴᠠᠯᠭ᠎ᠠ ᠰᠤᠷᠭᠠᠨ ᠬᠥᠮᠦᠵᠢᠯ ᠦ᠋ᠨ ᠭᠣᠭᠴᠣᠭ᠎ᠠ ᠶ᠋ᠢᠨ ᠡᠯ᠎ᠡ ᠲᠥᠷᠥᠯ ᠦ᠋ᠨ ᠠᠵᠢᠯ ᠳ᠋ᠤ᠌ ᠪᠠᠢᠷᠢᠯᠠᠭᠤᠯᠤᠯᠲᠠ ᠬᠢᠪᠡ ᠃ ᠬᠤᠷᠠᠯ ᠬᠤᠷᠠᠯᠳᠤᠭᠤᠯᠬᠤ ᠮᠥᠷᠲᠡᠭᠡᠨ ᠪᠠᠰᠠ ᠪᠣᠯᠪᠠᠰᠤᠷᠠᠭᠤᠯᠬᠤ ᠬᠤᠷᠠᠯ ᠬᠢᠬᠦ ᠵᠠᠷᠴᠢᠮ ᠶᠣᠰᠣᠭᠠᠷ ᠰᠤᠷᠤᠯᠴᠠᠯᠭ᠎ᠠ ᠰᠤᠷᠭᠠᠨ ᠬᠥᠮᠦᠵᠢᠯ ᠦ᠋ᠨ 22 ᠵᠦᠢᠯ ᠦ᠋ᠨ ᠶᠡᠷᠦᠩᠬᠡᠢ ᠡᠭᠦᠷᠭᠡ ᠪᠣᠯᠤᠨ 33 ᠵᠦᠢᠯ ᠦ᠋ᠨ ᠪᠣᠳᠠᠲᠠᠢ ᠠᠵᠢᠯ ᠤ᠋ᠨ ᠠᠷᠭ᠎ᠠ ᠬᠡᠮᠵᠢᠶ᠎ᠡ ᠶ᠋ᠢ ᠳᠠᠮᠵᠢᠭᠤᠯᠤᠨ ᠤᠯᠠᠮᠵᠢᠯᠠᠬᠤ ᠪᠠᠢᠷᠢᠯᠠᠭᠤᠯᠤᠯᠲᠠ ᠬᠢᠵᠦ ᠂ ᠬᠤᠷᠠᠯ ᠳᠡᠭᠡᠷ᠎ᠡ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠡᠩᠨᠡᠭᠡ ᠶ᠋ᠢᠨ ᠰᠤᠷᠭᠠᠨ ᠬᠥᠮᠦᠵᠢᠯ ᠢ᠋ ᠴᠡᠭᠴᠡᠯᠡᠬᠦ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠵᠢᠴᠢ ᠬᠠᠮᠢᠶ᠎ᠠ ᠪᠥᠬᠥᠢ ᠠᠵᠢᠯᠲᠠᠨ ᠤ᠋ ᠪᠠᠢᠷᠢᠯᠠᠭᠤᠯᠤᠯᠲᠠ ᠶ᠋ᠢ 《ᠰᠢᠭᠤᠳ ᠬᠦᠷᠭᠡᠬᠦ》 ᠪᠣᠯᠭᠠᠨ ᠥᠷᠭᠡᠳᠬᠡᠪᠡ᠃ ᠳᠠᠷᠠᠭ᠎ᠠ ᠨᠢ 3 ᠰᠠᠷ᠎ᠠ ᠶ᠋ᠢᠨ 19 ᠦ᠌ ᠡᠳᠦᠷ ᠪᠠᠰᠠ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠡᠩᠨᠡᠭᠡ ᠶ᠋ᠢᠨ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢ ᠠᠬᠢᠭᠤᠯᠬᠤ ᠬᠤᠷᠠᠯ 3 ᠳ᠋ᠤᠭᠠᠷ ᠰᠠᠷ᠎ᠠ ᠶ᠋ᠢᠨ 22 ᠤ᠋ ᠡᠳᠦᠷ ᠬᠤᠷᠠᠯᠳᠤᠨ᠎ᠠ ᠃

      ᠭᠦᠨᠵᠡᠭᠡᠢ ᠰᠤᠷᠤᠯᠴᠠᠵᠤ ᠵᠠᠩᠭᠢᠯᠠᠭ᠎ᠠ ᠶ᠋ᠢᠨ ᠭᠣᠭᠴᠣᠭ᠎ᠠ ᠶ᠋ᠢ ᠠᠳᠬᠤᠨ ᠬᠦᠴᠦᠲᠡᠢ ᠲᠦᠯᠬᠢᠨ ᠠᠬᠢᠭᠤᠯᠤᠶ᠎ᠠ︕

     《ᠳᠡᠭᠡᠷᠡᠬᠢ ᠶ᠋ᠢ ᠳᠠᠢᠴᠢᠯᠠᠨ ᠳᠣᠭᠣᠭᠰᠢ ᠰᠤᠷᠭᠠᠭᠤᠯᠢ ᠂ ᠪᠠᠢᠭᠤᠯᠤᠯᠭ᠎ᠠ ᠶ᠋ᠢᠨ ᠨᠠᠮ ᠤ᠋ᠨ ᠡᠭᠦᠷ ᠲᠥᠪᠯᠡᠷᠡᠭᠦᠯᠦᠨ ᠰᠤᠷᠭᠠᠭᠤᠯᠢ ᠪᠠᠢᠭᠤᠯᠬᠤ ᠂ ᠲᠤᠰᠬᠠᠢ ᠰᠡᠳᠦᠪᠲᠦ ᠶᠠᠷᠢᠯᠴᠠᠨ ᠰᠤᠳᠤᠯᠬᠤ ᠂ ᠥᠷᠭᠡᠨ ᠢ᠋ᠶ᠋ᠡᠷ ᠤᠬᠤᠭᠤᠯᠬᠤ ᠂ ᠰᠢᠨ᠎ᠡ ᠶ᠋ᠢ ᠪᠦᠲᠦᠭᠡᠬᠦ ᠬᠡᠯᠪᠡᠷᠢ ᠶ᠋ᠢᠨ ᠤᠬᠠᠭᠠᠨ ᠂ ᠲᠡᠷᠢᠭᠦᠨ ᠦ᠌ ᠰᠤᠷᠭᠠᠭᠤᠯᠢ ᠪᠠᠢᠭᠤᠯᠬᠤ ᠂ ᠪᠤᠷᠤᠭᠤ ᠲᠠᠯ᠎ᠠ ᠶ᠋ᠢᠨ ᠰᠡᠷᠡᠮᠵᠢᠯᠡᠭᠦᠯᠦᠯ ᠦ᠋ᠨ ᠤᠬᠠᠭᠠᠨ ᠢ ᠰᠤᠷᠤᠯᠴᠠᠨ᠎ᠠ》 ᠃

     ᠰᠤᠷᠬᠤ ᠪᠣᠯ ᠰᠠᠭᠤᠷᠢ ᠮᠥᠨ ᠃ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ 8 ᠵᠦᠢᠯ ᠦ᠋ᠨ ᠰᠤᠷᠤᠯᠴᠠᠬᠤ ᠠᠷᠭ᠎ᠠ ᠶ᠋ᠢ ᠪᠠᠶᠠᠯᠢᠭᠵᠢᠭᠤᠯᠵᠤ ᠦᠨᠡᠨ ᠪᠣᠳᠠᠲᠠᠢ ᠰᠤᠷᠤᠯᠴᠠᠬᠤ ᠤᠬᠠᠭᠠᠨ ᠢ᠋ ᠵᠣᠬᠢᠰᠲᠠᠢ ᠲᠣᠬᠢᠷᠠᠭᠤᠯᠤᠨ᠎ᠠ 《ᠰᠤᠷᠬᠤ》 ᠳ᠋ᠤ᠌ ᠠᠩᠬᠠᠷᠤᠯ ᠢ᠋ᠶ᠋ᠠᠨ ᠲᠥᠪᠯᠡᠷᠡᠭᠦᠯᠵᠦ ᠂ ᠤᠯᠤᠰ ᠲᠥᠷᠥ ᠶ᠋ᠢᠨ ᠦᠨᠡᠨᠴᠢ ᠰᠢᠳᠤᠷᠭᠤ ᠶ᠋ᠢ ᠠᠬᠢᠭᠤᠯᠵᠤ ᠰᠠᠬᠢᠯᠭ᠎ᠠ ᠪᠠᠲᠤ ᠣᠪᠣᠷ ᠰᠤᠷᠲᠠᠯ ᠢ᠋ᠶ᠋ᠠᠨ ᠤᠯᠠᠮ ᠨᠢᠭᠡ ᠠᠯᠬᠤᠮ ᠰᠠᠢᠵᠢᠷᠠᠭᠤᠯᠵᠤ ᠂ ᠬᠡᠪ ᠴᠢᠨᠠᠷ ᠤ᠋ᠨ ᠴᠢᠳᠠᠪᠤᠷᠢ ᠪᠠᠨ ᠤᠯᠠᠮ ᠨᠢᠭᠡ ᠠᠯᠬᠤᠮ ᠨᠡᠮᠡᠭᠳᠡᠭᠦᠯᠵᠦ ᠂ ᠬᠠᠤᠯᠢ ᠴᠠᠭᠠᠵᠠ ᠶ᠋ᠢᠨ ᠣᠯᠠᠨ ᠨᠡᠢᠲᠡ ᠶ᠋ᠢ ᠢᠲᠡᠭᠡᠭᠦᠯᠬᠦ ᠬᠦᠴᠦᠨ ᠢ᠋ᠶ᠋ᠡᠨ ᠤᠯᠠᠮ ᠨᠢᠭᠡ ᠠᠯᠬᠤᠮ ᠳᠡᠭᠡᠭᠰᠢᠯᠡᠭᠦᠯᠪᠡ ᠃

     3 ᠰᠠᠷ᠎ᠠ ᠶ᠋ᠢᠨ 12 ᠤ᠋ ᠡᠳᠦᠷ ᠤᠳᠤᠷᠢᠳᠬᠤ ᠪᠠᠭ ᠡᠴᠡ ᠳᠡᠭᠡᠭᠰᠢᠬᠢ ᠨᠢ ᠳᠣᠣᠷᠠᠲᠤ ᠱᠠᠲᠤᠨ ᠤ᠋ ᠡᠯ᠎ᠡ ᠰᠠᠯᠠᠭ᠎ᠠ ᠮᠥᠴᠢᠷ᠂ ᠬᠠᠮᠲᠤᠷᠠᠨ ᠵᠥᠪᠯᠡᠬᠦ ᠲᠢᠩᠬᠢᠮ ᠨᠢ ᠠᠩᠭᠢ ᠶ᠋ᠢᠨ ᠰᠤᠷᠭᠠᠨ ᠬᠥᠮᠦᠵᠢᠯ ᠢ᠋ ᠴᠡᠭᠴᠡᠯᠡᠬᠦ ᠨᠢᠭᠡᠳᠦᠭᠡᠷ ᠬᠢᠴᠢᠶᠡᠯ ᠢ᠋ ᠡᠬᠢᠯᠡᠨ ᠭᠠᠷᠠᠭ ᠤ᠋ᠨ ᠨᠢᠭᠡᠨ ᠡᠴᠡ ᠭᠠᠷᠠᠭ ᠤ᠋ᠨ ᠵᠢᠷᠭᠤᠭᠠᠨ ᠪᠣᠯᠲᠠᠯᠠᠬᠢ 《ᠥᠷᠯᠥᠭᠡ ᠤᠩᠰᠢᠭᠰᠠᠨ ᠰᠥᠨᠢ ᠶ᠋ᠢᠨ ᠰᠤᠷᠤᠯᠴᠠᠯᠭ᠎ᠠ + ᠲᠥᠪᠯᠡᠷᠡᠭᠦᠯᠦᠨ ᠰᠤᠳᠤᠯᠤᠨ ᠶᠠᠷᠢᠯᠴᠠᠬᠤ》ᠰᠤᠷᠤᠯᠴᠠᠯᠭ᠎ᠠ ᠶ᠋ᠢᠨ ᠬᠡᠪ ᠵᠠᠭᠪᠤᠷ ᠢ᠋ ᠡᠬᠢᠯᠡᠭᠦᠯᠵᠡᠢ᠃

     《ᠥᠷᠯᠥᠭᠡ ᠶ᠋ᠢᠨ ᠤᠩᠰᠢᠬᠤ》 ᠤᠭ ᠵᠣᠬᠢᠶᠠᠯ ᠨᠢ ᠴᠠᠭ ᠤ᠋ᠨ ᠪᠠᠢᠳᠠᠯ ᠤᠯᠤᠰ ᠲᠥᠷᠥ ᠂ ᠬᠠᠤᠯᠢ ᠴᠠᠭᠠᠵᠠ ᠬᠠᠤᠯᠢ ᠲᠣᠭᠲᠠᠭᠠᠯ ᠂ ᠰᠤᠷᠭᠠᠨ ᠬᠥᠮᠦᠵᠢᠯ ᠦ᠋ᠨ ᠴᠡᠭᠴᠡᠯᠡᠯᠲᠡ ᠂ ᠨᠠᠮ ᠤ᠋ᠨ ᠲᠡᠦᠬᠡ᠂ ᠨᠠᠮ ᠤ᠋ᠨ ᠳᠦᠷᠢᠮ ᠵᠡᠷᠭᠡ ᠠᠭᠤᠯᠭ᠎ᠠ ᠪᠠᠷ ᠭᠣᠣᠯ ᠪᠣᠯᠭᠠᠨ ᠲᠤᠰ ᠲᠤᠰ ᠨᠢᠭᠡ ᠬᠥᠮᠦᠨ ᠳᠠᠭᠠᠭᠤᠯᠤᠨ ᠰᠤᠷᠤᠯᠴᠠᠬᠤ ᠂ ᠬᠠᠮᠲᠤ ᠪᠠᠷ ᠤᠩᠰᠢᠬᠤ ᠵᠡᠷᠭᠡ ᠬᠡᠯᠪᠡᠷᠢ ᠪᠡᠷ ᠰᠤᠷᠤᠯᠴᠠᠬᠤ ᠠᠭᠤᠯᠭ᠎ᠠ ᠶ᠋ᠢᠨ ᠤᠳᠬ᠎ᠠ ᠠᠭᠤᠯᠭ᠎ᠠ ᠶ᠋ᠢ ᠨᠢᠭᠡ ᠴᠦ᠍ ᠣᠷᠬᠢᠭᠳᠠᠭᠤᠯᠬᠤ ᠦᠭᠡᠢ᠂ ᠰᠤᠷᠤᠯᠴᠠᠯᠭ᠎ᠠ ᠬᠥᠮᠦᠵᠢᠯ ᠨᠢᠭᠡ ᠴᠦ᠍ ᠬᠣᠴᠣᠷᠬᠤ ᠦᠭᠡᠢ ᠪᠠᠢᠬᠤ ᠶ᠋ᠢ ᠪᠠᠲᠤᠯᠠᠨ᠎ᠠ᠃《 ᠰᠥᠨᠢ ᠶ᠋ᠢᠨ ᠰᠤᠳᠤᠯᠤᠯ 》  ᠤ᠋ᠨ ᠦᠨᠳᠦᠰᠦᠯᠡᠯ ᠰᠥᠨᠢ ᠶ᠋ᠢᠨ ᠨᠠᠮ ᠵᠢᠮ ᠣᠷᠴᠢᠨ ᠲᠣᠭᠣᠷᠢᠨ ᠢ᠋ ᠰᠠᠢᠲᠤᠷ ᠠᠰᠢᠭᠯᠠᠵᠤ ᠡᠳᠦᠷ ᠪᠦᠷᠢ ᠶ᠋ᠢᠨ ᠰᠤᠷᠤᠯᠴᠠᠬᠤ ᠠᠭᠤᠯᠭ᠎ᠠ ᠶ᠋ᠢ ᠡᠷᠭᠢᠴᠡᠭᠦᠯᠦᠨ ᠂ ᠰᠢᠨ᠎ᠡ ᠮᠡᠳᠡᠯᠭᠡ ᠰᠢᠨ᠎ᠡ ᠠᠭᠤᠯᠭ᠎ᠠ ᠶ᠋ᠢ ᠡᠷᠭᠢᠴᠡᠭᠦᠯᠦᠨ  ᠪᠣᠳᠤᠨ᠎ᠠ ᠃《ᠰᠤᠳᠤᠯᠤᠨ ᠶᠠᠷᠢᠯᠴᠠᠬᠤ》  ᠳ᠋ᠤ᠌ ᠰᠤᠷᠤᠯᠴᠠᠵᠤ ᠪᠠᠢᠭ᠎ᠠ ᠨᠢ ᠰᠡᠳᠬᠢᠨ ᠪᠣᠳᠣᠭᠰᠠᠨ ᠢ᠋ᠶ᠋ᠠᠷ ᠢ᠋ᠶ᠋ᠠᠨ ᠰᠤᠷᠤᠯᠴᠠᠵᠤ ᠂ ᠣᠢᠯᠠᠭᠠᠵᠤ ᠂ ᠬᠠᠷᠢᠯᠴᠠᠨ ᠰᠣᠯᠢᠯᠴᠠᠨ ᠂ ᠠᠰᠠᠭᠤᠳᠠᠯ ᠢ᠋ ᠬᠠᠮᠲᠤ ᠪᠠᠷ ᠰᠤᠳᠤᠯᠤᠨ ᠶᠠᠷᠢᠯᠴᠠᠪᠠ ᠃

     ᠤᠯᠤᠰ ᠲᠥᠷᠥ ᠶ᠋ᠢᠨ ᠦᠨᠡᠨᠴᠢ ᠰᠢᠳᠤᠷᠭᠤ ᠤᠭ ᠴᠢᠨᠠᠷ ᠢ᠋ᠶ᠋ᠠᠨ ᠪᠠᠲᠤ ᠪᠡᠬᠢ  ᠪᠣᠯᠭᠠᠨ᠎ᠠ ᠃ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠤᠯᠤᠰ ᠲᠥᠷᠥ ᠶ᠋ᠢᠨ ᠡᠭᠡᠯᠵᠢᠯᠡᠨ ᠪᠣᠯᠪᠠᠰᠤᠷᠠᠯ ᠬᠢᠬᠦ ᠵᠢᠴᠢ ᠨᠠᠮ ᠤ᠋ᠨ ᠭᠡᠰᠢᠭᠦᠨ ᠦ᠌ ᠪᠣᠯᠪᠠᠰᠤᠷᠠᠯ ᠬᠦᠷᠲᠡᠭᠡᠬᠦ ᠠᠵᠢᠯ ᠢ᠋ ᠥᠷᠨᠢᠭᠦᠯᠦᠨ᠎ᠡ᠃ ᠰᠢ ᠵᠢᠨ ᠫᠢᠩ ᠦ᠋ᠨ ᠬᠠᠤᠯᠢ ᠪᠠᠷ ᠵᠠᠰᠠᠬᠤ ᠦᠵᠡᠯ ᠰᠠᠨᠠᠭᠠᠨ ᠤ᠋ ᠲᠤᠰᠬᠠᠢ ᠰᠡᠳᠦᠪᠲᠦ ᠪᠣᠯᠪᠠᠰᠤᠷᠠᠯ ᠤ᠋ᠨ ᠠᠩᠭᠢ ᠂ ᠪᠦᠬᠦ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠬᠠᠤᠯᠢ ᠴᠠᠭᠠᠵᠠ ᠶ᠋ᠢᠨ ᠲᠤᠰᠠᠯᠠᠭᠴᠢᠳ ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠬᠥᠮᠦᠵᠢᠯ ᠵᠢᠴᠢ ᠶᠡᠷᠦᠩᠬᠡᠢᠯᠡᠭᠰᠡᠨ ᠬᠡᠪ ᠴᠢᠨᠠᠷ ᠢ᠋ ᠳᠡᠭᠡᠭᠰᠢᠯᠡᠭᠦᠯᠬᠦ ᠪᠣᠯᠪᠠᠰᠤᠷᠠᠯ ᠤ᠋ᠨ ᠠᠩᠭᠢ ᠂ ᠬᠣᠷᠢᠶᠠᠨ ᠳᠠᠷᠤᠭ᠎ᠠ ᠶ᠋ᠢᠨ ᠲᠠᠢᠯᠤᠮᠵᠢ ᠶ᠋ᠢᠨ ᠬᠢᠴᠢᠶᠡᠯ ᠥᠷᠨᠢᠭᠦᠯᠵᠦ ᠂ ᠶᠠᠨ ᠠᠨ ᠤ᠋ ᠰᠤᠷᠲᠠᠯ ᠴᠡᠭᠴᠡᠯᠡᠬᠦ ᠲᠤᠰᠬᠠᠢ ᠰᠡᠳᠦᠪᠲᠦ ᠲᠠᠢᠯᠤᠮᠵᠢ ᠶ᠋ᠢ ᠵᠣᠬᠢᠶᠠᠨ ᠪᠠᠢᠭᠤᠯᠵᠤ ᠂ ᠪᠦᠬᠦ  ᠺᠠᠲᠠᠷ ᠴᠠᠭᠳᠠᠭ᠎ᠠ ᠶ᠋ᠢ ᠵᠣᠬᠢᠶᠠᠨ ᠪᠠᠢᠭᠤᠯᠵᠤ《 ᠨᠠᠮ ᠪᠠᠢᠭᠤᠯᠬᠤ ᠠᠭᠤᠤ ᠶᠡᠬᠡ ᠬᠥᠮᠦᠵᠢᠯ》 ᠶ᠋ᠢ ᠦᠵᠡᠪᠡ᠃ ᠰᠤᠷᠤᠯᠴᠠᠬᠤ ᠠᠭᠤᠯᠭ᠎ᠠ ᠪᠣᠯᠤᠨ ᠬᠡᠯᠪᠡᠷᠢ ᠶ᠋ᠢ ᠤᠯᠠᠮ ᠪᠠᠶᠠᠯᠢᠭᠵᠢᠭᠤᠯᠪᠠ ᠃

     ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠢ᠋ ᠴᠢᠩᠭᠠᠳᠭᠠᠨ᠎ᠠ᠃ ᠨᠠᠮ ᠤ᠋ᠨ ᠰᠤᠷᠭᠠᠭᠤᠯᠢ ᠶ᠋ᠢᠨ ᠫᠷᠣᠹᠧᠰᠰᠣᠷ ᠢ᠋ ᠤᠷᠢᠵᠤ ᠵᠠᠭᠤᠨ ᠣᠨ ᠤ᠋ ᠨᠠᠮ ᠤ᠋ᠨ ᠲᠡᠦᠬᠡ ᠶ᠋ᠢ  ᠶᠠᠷᠢᠭᠤᠯᠤᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠣᠨᠣᠯ ᠰᠤᠷᠤᠯᠴᠠᠬᠤ ᠲᠥᠪ ᠦ᠋ᠨ ᠳᠤᠭᠤᠢᠯᠠᠩ ᠤ᠋ᠨ ᠨᠠᠮ ᠤ᠋ᠨ ᠲᠡᠦᠬᠡ ᠶ᠋ᠢ ᠰᠤᠷᠤᠯᠴᠠᠬᠤ ᠲᠤᠰᠬᠠᠢ ᠰᠡᠳᠦᠪᠲᠦ ᠰᠤᠷᠤᠯᠴᠠᠯᠭ᠎ᠠ ᠶ᠋ᠢᠨ ᠬᠤᠷᠠᠯ  ᠬᠤᠷᠠᠯᠳᠤᠨ᠎ᠠ᠂ ᠤᠯᠤᠰ ᠲᠥᠷᠥ ᠶ᠋ᠢᠨ ᠠᠮᠢᠳᠤᠷᠠᠯ ᠤ᠋ᠨ ᠣᠷᠳᠣᠨ ᠢ᠋ ᠲᠣᠭᠣᠷᠢᠨ ᠦᠵᠡᠬᠦ ᠂ ᠠᠯᠪᠠᠨ ᠤ᠋ ᠲᠠᠯ᠎ᠠ ᠶ᠋ᠢᠨ ᠸᠢᠴᠠᠲ ᠤ᠋ᠨ ᠣᠯᠠᠨ ᠨᠡᠢᠲᠡ ᠳᠤ 《ᠨᠠᠮ ᠤ᠋ᠨ ᠲᠡᠦᠬᠡ ᠶ᠋ᠢᠨ ᠦᠯᠢᠭᠡᠷ 100 ᠶᠠᠷᠢᠶ᠎ᠠ 》ᠭᠡᠬᠦ ᠵᠡᠷᠭᠡ ᠲᠤᠰᠬᠠᠢ ᠪᠤᠯᠤᠩ ᠢ᠋ᠶ᠋ᠠᠷ ᠨᠠᠮ ᠤ᠋ᠨ ᠲᠡᠦᠬᠡ ᠶ᠋ᠢᠨ ᠮᠡᠳᠡᠯᠭᠡ ᠶ᠋ᠢᠨ ᠤᠷᠤᠯᠳᠤᠭᠠᠨ ᠂ ᠲᠤᠰᠬᠠᠢ ᠰᠡᠳᠦᠪᠲᠦ ᠮᠡᠳᠡᠯᠭᠡ ᠶ᠋ᠢᠨ ᠰᠢᠯᠭᠠᠯᠲᠠ ᠬᠢᠵᠡᠢ᠃ ᠰᠤᠷᠤᠯᠴᠠᠬᠤ ᠦᠷ᠎ᠡ ᠪᠦᠲᠦᠮᠵᠢ ᠶ᠋ᠢ ᠤᠯᠠᠮ ᠨᠢᠭᠡ ᠠᠯᠬᠤᠮ ᠰᠢᠯᠭᠠᠬᠤ ᠪᠠ  ᠳᠡᠭᠡᠭᠰᠢᠯᠡᠭᠦᠯᠦᠨ᠎ᠡ ᠃

      ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠤᠯᠤᠰ ᠲᠥᠷᠥ ᠬᠠᠤᠯᠢ ᠴᠠᠭᠠᠵᠠ ᠶ᠋ᠢᠨ ᠠᠵᠢᠯ ᠤ᠋ᠨ ᠴᠢᠬᠤᠯᠠ ᠥᠭᠦᠯᠡᠯᠲᠡ ᠵᠡᠷᠭᠡ ᠰᠢᠷᠢᠰ ᠶᠠᠷᠢᠶ᠎ᠠ ᠂ ᠨᠠᠮ ᠤ᠋ᠨ ᠲᠡᠦᠬᠡ ᠶ᠋ᠢᠨ ᠮᠡᠳᠡᠯᠭᠡ ᠂ ᠨᠠᠮ ᠤ᠋ᠨ ᠰᠠᠬᠢᠯᠭ᠎ᠠ ᠪᠠᠲᠤ ᠨᠠᠮ ᠤ᠋ᠨ ᠳᠦᠷᠢᠮ ᠵᠡᠷᠭᠡ ᠠᠭᠤᠯᠭ᠎ᠠ ᠶ᠋ᠢ ᠵᠠᠪᠠᠯ ᠰᠤᠷᠬᠤ ᠪᠢᠴᠢᠭ᠌ ᠦ᠋ᠨ ᠭᠠᠷᠴᠠᠭ ᠲᠤ᠌ ᠣᠷᠣᠭᠤᠯᠵᠤ ᠂ 《 ᠰᠤᠷᠤᠯᠴᠠᠯᠭ᠎ᠠ ᠬᠥᠮᠦᠵᠢᠯ ᠦ᠋ᠨ ᠲᠣᠬᠢᠷᠠᠭᠤᠯᠤᠯᠲᠠ ᠶ᠋ᠢᠨ ᠬᠦᠰᠦᠨᠦᠭ 》  ᠢ᠋ ᠡᠮᠬᠢᠳᠬᠡᠨ ᠨᠠᠢᠷᠠᠭᠤᠯᠤᠭᠰᠠᠨ 《 ᠡᠩᠨᠡᠭᠡᠨ ᠦ᠌ ᠰᠤᠷᠭᠠᠨ ᠬᠥᠮᠦᠵᠢᠯ ᠢ᠋ ᠴᠡᠭᠴᠡᠯᠡᠬᠦ ᠰᠤᠷᠤᠯᠴᠠᠯᠭ᠎ᠠ ᠶ᠋ᠢᠨ ᠮᠠᠲ᠋ᠧᠷᠢᠶᠠᠯ 》  ᠢ᠋ 8 ᠬᠤᠭᠤᠴᠠᠭ᠎ᠠ ᠂ 1130 ᠭᠠᠷᠤᠢ ᠦᠰᠦᠭ ᠪᠢᠴᠢᠭ ᠢ᠋ᠶ᠋ᠡᠷ ᠨᠠᠢᠷᠠᠭᠤᠯᠤᠭᠰᠠᠨ 《 ᠰᠤᠷᠤᠯᠴᠠᠯᠭ᠎ᠠ ᠶ᠋ᠢᠨ ᠬᠢᠲᠠᠳ ᠦᠰᠦᠭ 》  ᠢ᠋ ᠡᠮᠬᠢᠳᠬᠡᠨ ᠬᠡᠪᠯᠡᠪᠡ ᠃

     ᠰᠦᠯᠵᠢᠶᠡᠨ ᠳᠡᠭᠡᠷ᠎ᠡ ᠪᠠ ᠰᠦᠯᠵᠢᠶᠡᠨ ᠡᠴᠡ ᠭᠠᠳᠠᠨ᠎ᠠ 《ᠬᠣᠶᠠᠷ ᠪᠢᠴᠢᠯ ᠨᠢᠭᠡ ᠦᠵᠦᠭᠦᠷ》ᠢ᠋ᠶ᠋ᠡᠷ ᠡᠩᠨᠡᠭᠡᠨ ᠦ᠌ ᠰᠤᠷᠭᠠᠨ ᠬᠥᠮᠦᠵᠢᠯ ᠴᠡᠭᠴᠡᠯᠡᠯᠲᠡ ᠪᠣᠯᠭᠠᠭᠰᠠᠨ ᠡᠷᠴᠢᠮᠲᠡᠢ ᠤᠬᠠᠭᠤᠯᠭ᠎ᠠ ᠶ᠋ᠢᠨ ᠰᠠᠭᠤᠷᠢᠨ ᠭᠠᠵᠠᠷ ᠂ ᠸᠢᠴᠠᠲ ᠤ᠋ᠨ ᠣᠯᠠᠨ ᠨᠡᠢᠲᠡ ᠶ᠋ᠢᠨ ᠨᠣᠮᠧᠷ ᠪᠠ ᠳᠣᠲᠣᠷ᠎ᠠ ᠭᠠᠳᠠᠨᠠᠬᠢ ᠰᠦᠯᠵᠢᠶ᠎ᠡ ᠳᠡᠭᠡᠷ᠎ᠡ《ᠡᠩᠨᠡᠭᠡᠨ ᠦ᠌ ᠰᠤᠷᠭᠠᠨ ᠬᠥᠮᠦᠵᠢᠯ ᠢ᠋ ᠴᠡᠭᠴᠡᠯᠡᠬᠦ 》 ᠲᠤᠰᠬᠠᠢ ᠪᠤᠯᠤᠩ ᠨᠡᠭᠡᠭᠡᠵᠦ《 ᠰᠤᠷᠭᠠᠨ ᠬᠥᠮᠦᠵᠢᠯ ᠢ᠋ ᠴᠡᠭᠴᠡᠯᠡᠬᠦ ᠦᠶᠡᠰ》《 ᠰᠤᠷᠭᠠᠨ ᠬᠥᠮᠦᠵᠢᠯ ᠢ᠋ ᠣᠯᠠᠨ ᠢ᠋ᠶ᠋ᠠᠷ ᠢ᠋ᠶ᠋ᠠᠨ ᠶᠠᠷᠢᠯᠴᠠᠨ᠎ᠠ》 《 ᠪᠢ ᠣᠯᠠᠨ ᠲᠦᠮᠡᠨ ᠳ᠋ᠦ᠍ ᠪᠣᠳᠠᠲᠠᠢ ᠶᠠᠪᠤᠳᠠᠯ ᠬᠢᠵᠦ ᠥᠭᠬᠦᠶ᠎ᠡ》 ᠵᠡᠷᠭᠡ ᠰᠢᠷᠢᠰ ᠮᠡᠳᠡᠭᠡᠯᠡᠯ ᠢ᠋ ᠨᠡᠢᠲᠡᠯᠡᠭᠰᠡᠨ ᠪᠠᠢᠨ᠎ᠠ᠃ ᠬᠣᠲᠠ ᠶ᠋ᠢᠨ ᠨᠠᠮ ᠤ᠋ᠨ ᠬᠣᠷᠢᠶ᠎ᠠ ᠳ᠋ᠤ᠌ 55 ᠬᠤᠭᠤᠴᠠᠭᠠᠲᠤ ᠲᠤᠰᠬᠠᠢ ᠰᠡᠳᠬᠦᠯ ᠢ᠋ 25 ᠬᠤᠭᠤᠴᠠᠭ᠎ᠠ ᠮᠡᠳᠡᠭᠦᠯᠦᠨ᠂ 60 ᠭᠠᠷᠤᠢ ᠬᠤᠪᠢ ᠳᠡᠭᠡᠳᠦ ᠱᠠᠲᠤᠨ ᠤ᠋ ᠰᠢᠭᠦᠬᠦ ᠬᠣᠷᠢᠶᠠᠨ ᠳ᠋ᠤ᠌ ᠮᠡᠳᠡᠭᠡ ᠵᠠᠬᠢᠶ᠎ᠠ ᠬᠦᠷᠭᠡᠪᠡ ᠃ᠵᠠᠷᠭᠤ ᠶ᠋ᠢᠨ ᠦᠢᠯᠡᠴᠢᠯᠡᠭᠡᠨ ᠦ᠌ ᠲᠥᠪ ᠂ ᠰᠢᠭᠦᠨ ᠲᠠᠰᠤᠯᠬᠤ ᠶᠡᠬᠡ ᠠᠰᠠᠷ ᠂ ᠠᠵᠢᠯᠯᠠᠬᠤ ᠭᠠᠵᠠᠷ ᠵᠡᠷᠭᠡ ᠢᠯᠡ ᠲᠣᠳᠣ ᠪᠠᠢᠷᠢᠨ ᠳ᠋ᠤ᠌ ᠵᠠᠷᠯᠠᠯ ᠨᠠᠭᠠᠭᠰᠠᠨ ᠂ ᠤᠬᠠᠭᠤᠯᠭ᠎ᠠ ᠶ᠋ᠢᠨ ᠬᠡᠪ ᠵᠠᠭᠪᠤᠷ ᠤ᠋ᠨ ᠦᠵᠡᠭᠦᠯᠦᠭᠡ ᠶ᠋ᠢ ᠳᠡᠯᠭᠡᠨ ᠦᠵᠡᠭᠦᠯᠬᠦ ᠲᠠᠯᠪᠢᠭᠤᠷ ᠲᠠᠯᠪᠢᠵᠤ ᠠᠯᠪᠠᠨ ᠠᠰᠠᠷ ᠤ᠋ᠨ ᠶᠡᠬᠡ ᠲᠢᠩᠬᠢᠮ ᠦ᠋ᠨ ᠢᠯᠡ ᠪᠠᠢᠷᠢ LED ᠡᠯᠧᠺᠲ᠋ᠷᠣᠨ ᠳᠡᠯᠭᠡᠴᠡ ᠂ ᠴᠠᠬᠢᠯᠭᠠᠨ ᠱᠠᠲᠤ ᠶ᠋ᠢᠨ ᠲᠧᠯᠸᠢᠰ ᠵᠡᠷᠭᠡ ᠵᠠᠭᠤᠴᠢ ᠶ᠋ᠢᠨ ᠳᠠᠪᠲᠠᠨ ᠨᠡᠪᠲᠡᠷᠡᠭᠦᠯᠬᠦ ᠡᠩᠨᠡᠭᠡᠨ ᠦ᠌ ᠰᠤᠷᠭᠠᠨ ᠬᠥᠮᠦᠵᠢᠯ ᠢ᠋ ᠴᠡᠭᠴᠡᠯᠡᠬᠦ ᠬᠠᠮᠢᠶ᠎ᠠ ᠪᠦᠬᠦᠢ ᠬᠠᠷᠠᠭᠠᠨ ᠳᠠᠪᠲᠠᠮᠵᠢ ᠡᠴᠡ ᠠᠷᠪᠢᠨ ᠰᠤᠷᠤᠯᠴᠠᠬᠤ ᠠᠭᠤᠷ ᠠᠮᠢᠰᠬᠤᠯ ᠢ᠋ ᠪᠣᠢ ᠪᠣᠯᠭᠠᠪᠠ ᠃

     ᠰᠤᠷᠤᠯᠴᠠᠬᠤ ᠰᠤᠷᠭᠠᠨ ᠬᠥᠮᠦᠵᠢᠯ ᠢ᠋ ᠥᠷᠨᠢᠭᠦᠯᠦᠭᠰᠡᠨ ᠡᠴᠡ ᠨᠡᠰᠢ ᠰᠤᠷᠤᠯᠴᠠᠬᠤ ᠲᠥᠯᠥᠪᠯᠡᠭᠡ ᠪᠠ ᠰᠤᠷᠤᠯᠴᠠᠯᠭ᠎ᠠ ᠶ᠋ᠢᠨ ᠨᠠᠷᠢᠨ ᠳᠠᠩᠰᠠ ᠶ᠋ᠢ ᠬᠠᠷᠢᠴᠠᠭᠤᠯᠤᠨ ᠲᠥᠷᠥᠯ ᠬᠤᠪᠢᠶᠠᠨ ᠵᠣᠬᠢᠶᠠᠨ ᠪᠠᠢᠭᠤᠯᠵᠤ ᠂ ᠰᠤᠷᠤᠯᠴᠠᠬᠤ ᠰᠤᠷᠭᠠᠨ ᠬᠥᠮᠦᠵᠢᠯ ᠦ᠋ᠨ ᠠᠵᠢᠯᠯᠠᠭ᠎ᠠ ᠶ᠋ᠢ ᠥᠷᠨᠢᠭᠦᠯᠪᠡ ᠃ ᠰᠤᠷᠤᠯᠴᠠᠯᠭ᠎ᠠ ᠬᠥᠮᠦᠵᠢᠯ ᠦ᠋ᠨ ᠪᠦᠬᠦ ᠬᠦᠷᠢᠶᠡᠯᠡᠩ ᠂ ᠡᠯ᠎ᠡ ᠰᠠᠯᠠᠭ᠎ᠠ ᠮᠥᠴᠢᠷ ᠂ ᠡᠯ᠎ᠡ ᠨᠠᠮ ᠤ᠋ᠨ ᠡᠭᠦᠷ᠂ ᠡᠯ᠎ᠡ ᠲᠥᠷᠥᠯ ᠦ᠋ᠨ ᠰᠤᠷᠤᠯᠴᠠᠯᠭ᠎ᠠ ᠶ᠋ᠢ ᠨᠡᠢᠲᠡ 500 ᠢᠯᠡᠭᠦᠦ ᠤᠳᠠᠭ᠎ᠠ ᠵᠣᠬᠢᠶᠠᠨ ᠪᠠᠢᠭᠤᠯᠵᠤ ᠂ 4000 ᠭᠠᠷᠤᠢ ᠬᠥᠮᠦᠨ ᠬᠠᠮᠤᠷᠤᠭᠰᠠᠨ ᠪᠠᠢᠨ᠎ᠠ ᠃ ᠰᠢᠮᠳᠠᠭᠤᠯᠤᠨ ᠪᠠᠢᠴᠠᠭᠠᠬᠤ ᠶ᠋ᠢ ᠴᠢᠩᠭᠠᠷᠠᠭᠤᠯᠬᠤ ᠳ᠋ᠤ᠌ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠬᠦ ᠂ ᠰᠤᠭᠤᠴᠢᠨ ᠪᠠᠢᠴᠠᠭᠠᠬᠤ ᠰᠠᠯᠠᠭ᠎ᠠ ᠮᠥᠴᠢᠷ ᠦ᠋ᠨ ᠰᠤᠷᠤᠯᠴᠠᠯᠭ᠎ᠠ ᠶ᠋ᠢᠨ ᠲᠡᠮᠳᠡᠭᠯᠡᠯ ᠵᠡᠷᠭᠡ ᠠᠷᠭ᠎ᠠ ᠮᠠᠶᠢᠭ ᠢ᠋ᠶ᠋ᠠᠷ ᠳᠠᠮᠵᠢᠭᠤᠯᠤᠨ ᠂ ᠰᠤᠷᠤᠯᠴᠠᠯᠭ᠎ᠠ ᠬᠥᠮᠦᠵᠢᠯ ᠢ᠋ 《ᠪᠦᠬᠦ ᠠᠵᠢᠯᠲᠠᠨ ᠣᠷᠣᠯᠴᠠᠬᠤ ᠂ ᠪᠦᠬᠦ ᠬᠦᠷᠢᠶ᠎ᠡ ᠶ᠋ᠢ ᠬᠠᠮᠤᠷᠬᠤ》  ᠶ᠋ᠢ ᠪᠠᠲᠤᠯᠠᠪᠠ ᠃

     ᠰᠤᠷᠤᠯᠴᠠᠬᠤ ᠠᠵᠢᠯ ᠤ᠋ᠨ《ᠬᠣᠶᠠᠷ ᠳᠠᠪᠬᠤᠷᠯᠢᠭ》ᠪᠣᠯᠬᠤ ᠶ᠋ᠢ ᠰᠡᠷᠭᠡᠢᠯᠡᠬᠦ ᠶ᠋ᠢᠨ ᠲᠤᠰᠠᠳᠠ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠰᠤᠷᠤᠯᠴᠠᠯᠭ᠎ᠠ ᠰᠤᠷᠭᠠᠨ ᠬᠥᠮᠦᠵᠢᠯ ᠢ᠋ ᠬᠢᠨᠠᠨ ᠭᠦᠢᠴᠡᠳᠬᠡᠬᠦ ᠠᠵᠢᠯ ᠤ᠋ᠨ ᠶᠡᠬᠡ ᠲᠠᠯ᠎ᠠ ᠲᠠᠢ ᠤᠶᠠᠯᠳᠤᠭᠤᠯᠬᠤ ᠶ᠋ᠢ ᠪᠠᠷᠢᠮᠲᠠᠯᠠᠵᠤ ᠂ ᠬᠠᠷᠢᠯᠴᠠᠨ ᠠᠬᠢᠭᠤᠯᠵᠤ ᠬᠠᠮᠲᠤᠪᠠᠷ ᠠᠰᠢᠭ ᠬᠦᠷᠲᠡᠬᠦ ᠶ᠋ᠢ ᠠᠬᠢᠭᠤᠯᠪᠠ ᠃ 《 ᠪᠢ ᠣᠯᠠᠨ ᠲᠦᠮᠡᠨ ᠳ᠋ᠦ᠍ ᠪᠣᠳᠠᠲᠤ ᠶᠠᠪᠤᠳᠠᠯ ᠪᠦᠲᠦᠭᠡᠵᠦ ᠥᠭᠬᠦ 》 ᠦᠢᠯᠡᠳᠦᠯᠭᠡ ᠶ᠋ᠢᠨ ᠠᠵᠢᠯᠯᠠᠭ᠎ᠠ ᠶ᠋ᠢᠨ ᠲᠥᠰᠦᠯ  ᠢ᠋ ᠲᠣᠭᠲᠠᠭᠠᠨ᠂ ᠬᠡᠪᠯᠡᠨ ᠲᠠᠷᠬᠠᠭᠠᠵᠤ 《 ᠪᠢ ᠣᠯᠠᠨ ᠲᠦᠮᠡᠨ ᠳ᠋ᠦ᠍ ᠪᠣᠳᠠᠲᠤ ᠶᠠᠪᠤᠳᠠᠯ ᠬᠢᠵᠦ ᠥᠭᠬᠦ 》 ᠰᠢᠷᠢᠰ ᠠᠵᠢᠯᠯᠠᠭ᠎ᠠ ᠶ᠋ᠢ ᠵᠣᠬᠢᠶᠠᠨ ᠪᠠᠢᠭᠤᠯᠤᠨ ᠥᠷᠨᠢᠭᠦᠯᠦᠨ᠎ᠡ ᠃

     ᠨᠠᠮ ᠤ᠋ᠨ ᠡᠭᠦᠷ ᠢ᠋ᠶ᠋ᠡᠷ ᠨᠢᠭᠡᠴᠡ ᠪᠣᠯᠭᠠᠨ ᠯᠧᠢ ᠹᠧᠩ ᠡᠴᠡ ᠰᠤᠷᠤᠯᠴᠠᠬᠤ ᠳᠤᠭᠤᠢᠯᠠᠩ11 ᠪᠠᠢᠭᠤᠯᠤᠨ ᠰᠠᠢᠨ ᠳᠤᠷ᠎ᠠ ᠶ᠋ᠢᠨ ᠦᠢᠯᠡᠴᠢᠯᠡᠭᠡᠨ ᠦ᠌ ᠠᠵᠢᠯᠯᠠᠭ᠎ᠠ 13 ᠤᠳᠠᠭ᠎ᠠ ᠥᠷᠨᠢᠭᠦᠯᠵᠦ ᠂ 10 ᠭᠠᠷᠤᠢ ᠬᠦᠴᠢᠷᠳᠡᠯ ᠲᠡᠢ ᠰᠤᠷᠤᠭᠴᠢᠳ ᠢ᠋ ᠬᠠᠪᠰᠤᠷᠤᠨ ᠂ 20 ᠭᠠᠷᠤᠢ ᠲᠤᠬᠠᠢ ᠶ᠋ᠢᠨ ᠬᠥᠮᠦᠨ ᠳ᠋ᠦ᠍ ᠳᠠᠬᠢᠨᠲᠠ ᠬᠠᠤᠯᠢ ᠴᠠᠭᠠᠵᠠ ᠶ᠋ᠢᠨ ᠯᠠᠪᠯᠠᠯᠲᠠ ᠬᠠᠩᠭᠠᠪᠠ ᠃

     ᠨᠠᠮ ᠤ᠋ᠨ ᠭᠡᠰᠢᠭᠦᠨ ᠺᠠᠲᠠᠷ ᠴᠠᠭᠳᠠᠭ᠎ᠠ ᠨᠠᠷ ᠬᠥᠳᠡᠭᠡ ᠲᠣᠰᠬᠣᠨ ᠂ ᠨᠡᠢᠭᠡᠮ ᠲᠣᠭᠣᠷᠢᠭ ᠂ ᠰᠤᠷᠭᠠᠭᠤᠯᠢ ᠵᠡᠷᠭᠡ ᠭᠠᠵᠠᠷ ᠢ᠋ᠶ᠋ᠠᠷ ᠭᠦᠨᠵᠡᠭᠡᠢᠷᠡᠵᠦ ᠂ ᠲᠤᠰᠬᠠᠢ ᠰᠡᠳᠦᠪᠲᠦ ᠲᠠᠢᠯᠤᠮᠵᠢ ᠬᠢᠬᠦ ᠂ ᠤᠬᠠᠭᠤᠯᠭ᠎ᠠ ᠶ᠋ᠢᠨ ᠬᠠᠭᠤᠳᠠᠰᠤ ᠳᠠᠮᠵᠢᠭᠤᠯᠬᠤ ᠂ ᠠᠰᠠᠭᠤᠨ ᠯᠠᠪᠯᠠᠬᠤ ᠵᠡᠷᠭᠡ ᠬᠡᠯᠪᠡᠷᠢ ᠪᠡᠷ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠢᠪᠡ ᠃ᠠᠵᠢᠯᠯᠠᠭ᠎ᠠ ᠶ᠋ᠢᠨ ᠳᠤᠮᠳᠠ ᠰᠢᠭᠦᠭᠴᠢ ᠨᠢ ᠳᠥᠭᠥᠮ ᠬᠢᠯᠪᠠᠷ ᠣᠢᠯᠠᠭᠠᠮᠵᠢᠲᠠᠢ ᠦᠭᠡ ᠬᠡᠯᠡ ᠪᠡᠷ 《 ᠢᠷᠭᠡᠨ ᠦ᠌ ᠬᠠᠤᠯᠢ ᠶ᠋ᠢᠨ  ᠪᠢᠴᠢᠭ᠌》 ᠦ᠋ᠨ ᠳᠣᠲᠣᠷ᠎ᠠ ᠰᠢᠨ᠎ᠡ ᠪᠡᠷ ᠨᠡᠮᠡᠭᠳᠡᠭᠰᠡᠨ ᠡᠯ᠎ᠡ ᠲᠥᠷᠥᠯ ᠦ᠋ᠨ ᠵᠤᠷᠪᠤᠰ ᠢ᠋ ᠣᠢᠯᠠᠭᠠᠬᠤ ᠪᠣᠯᠤᠨ᠎ᠠ᠃ ᠥᠨᠳᠥᠷ ᠣᠭᠲᠠᠷᠭᠤᠢ ᠡᠴᠡ ᠶᠠᠭᠤᠮ᠎ᠠ ᠰᠢᠳᠡᠬᠦ᠂ ᠨᠠᠰᠤᠲᠠᠨ ᠢ᠋ᠶ᠋ᠠᠨ ᠠᠰᠠᠷᠠᠨ ᠲᠡᠵᠢᠭᠡᠬᠦ᠂ ᠭᠠᠵᠠᠷ  ᠰᠢᠷᠤᠢ ᠶ᠋ᠢᠨ ᠵᠢᠭᠤᠷᠠᠯᠳᠤᠭᠠᠨ ᠵᠡᠷᠭᠡ ᠬᠠᠤᠯᠢ ᠴᠠᠭᠠᠵᠠ ᠶ᠋ᠢᠨ ᠠᠰᠠᠭᠤᠳᠠᠯ ᠳ᠋ᠤ᠌ ᠬᠠᠷᠢᠭᠤᠯᠲᠠ ᠥᠭᠴᠦ᠂ ᠢᠷᠭᠡᠨ ᠦ᠌ ᠬᠠᠤᠯᠢ ᠶ᠋ᠢᠨ ᠪᠢᠴᠢᠭ᠌ ᠢ᠋ ᠠᠷᠠᠳ ᠤ᠋ᠨ ᠰᠡᠳᠬᠢᠯ ᠳ᠋ᠦ᠍ ᠭᠦᠨ ᠬᠠᠳᠠᠩᠰᠢᠭᠤᠯᠵᠠᠢ᠃

     《ᠣᠳᠣ ᠶᠠᠭ ᠬᠠᠪᠤᠷ ᠤ᠋ᠨ ᠲᠠᠷᠢᠶᠠᠯᠠᠭ᠎ᠠ ᠵᠣᠭᠣᠰ ᠵᠠᠷᠤᠬᠤ ᠦᠶ᠎ᠡ ᠳ᠋ᠦ᠍ ᠲᠠᠨ ᠤ᠋ ᠲᠤᠰᠠᠯᠠᠮᠵᠢ ᠲᠠᠨᠢ ᠴᠠᠭ ᠲᠤ᠌ ᠪᠠᠨ ᠢᠷᠡᠵᠡᠢ᠂ ᠮᠠᠰᠢ ᠲᠠᠯᠠᠷᠬᠠᠵᠤ ᠪᠠᠢᠨ᠎ᠠ》 ᠃

     《ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠮᠠᠨ ᠢ᠋ ᠬᠠᠯᠠᠮᠵᠢᠯᠠᠨ ᠳᠡᠮᠵᠢᠭᠰᠡᠨ ᠳ᠋ᠦ᠍ ᠲᠠᠯᠠᠷᠬᠠᠵᠤ ᠪᠠᠢᠨ᠎ᠠ ᠁》

     ᠵᠠᠷᠢᠮ ᠨᠠᠮ ᠤ᠋ᠨ ᠡᠭᠦᠷ ᠬᠦᠴᠢᠷᠲᠡᠢ ᠡᠷᠦᠬᠡ ᠶᠢᠨ ᠭᠡᠷ ᠲᠦ᠍ ᠬᠦᠷᠴᠦ ᠲᠣᠬᠤᠨᠢᠭᠤᠯᠤᠨ ᠬᠡᠷᠡᠭ ᠦ᠋ᠨ ᠠᠬᠢᠴᠠ ᠶ᠋ᠢᠨ ᠪᠠᠢᠳᠠᠯ ᠂ ᠠᠮᠢᠳᠤᠷᠠᠯ ᠤ᠋ᠨ ᠪᠠᠢᠳᠠᠯ ᠪᠣᠯᠤᠨ ᠲᠤᠯᠭᠠᠷᠠᠵᠤ ᠪᠠᠢᠭ᠎ᠠ ᠬᠦᠴᠢᠷᠳᠡᠯ ᠢ᠋ ᠣᠢᠯᠠᠭᠠᠭᠰᠠᠨ ᠤ᠋ ᠬᠠᠮᠲᠤ ᠲᠣᠬᠣᠨᠢᠭᠤᠯᠬᠤ ᠪᠣᠳᠠᠰ ᠪᠣᠯᠤᠨ ᠲᠣᠬᠣᠨᠢᠭᠤᠯᠬᠤ ᠮᠥᠩᠭᠥ ᠬᠦᠷᠭᠡᠵᠦ ᠲᠤᠬᠠᠢ ᠶ᠋ᠢᠨ ᠬᠥᠮᠦᠨ ᠦ᠌ ᠬᠦᠴᠢᠷᠳᠡᠯ ᠢ᠋ ᠰᠢᠢᠳᠪᠦᠷᠢᠯᠡᠵᠡᠢ᠃

     ᠨᠠᠢ᠍ᠮᠠᠳᠤᠭᠠᠷ ᠨᠠᠮ ᠤ᠋ᠨ ᠡᠭᠦᠷ ᠡᠴᠡ ᠣᠷᠳᠣᠰ ᠬᠣᠲᠠ ᠶ᠋ᠢᠨ ᠬᠣᠶᠠᠳᠤᠭᠠᠷ ᠳᠤᠮᠳᠠᠳᠤ ᠰᠤᠷᠭᠠᠭᠤᠯᠢ ᠶ᠋ᠢᠨ 6 ᠶᠠᠳᠠᠭᠤ ᠬᠦᠴᠢᠷᠳᠡᠯᠲᠡᠢ ᠰᠤᠷᠤᠭᠴᠢᠳ ᠲᠤ᠌ 3300 ᠲᠥᠭᠥᠷᠢᠭ ᠦ᠋ᠨ ᠲᠤᠰᠠᠯᠠᠮᠵᠢ ᠶ᠋ᠢᠨ ᠮᠥᠩᠭᠥ ᠲᠤᠰᠠᠯᠠᠵᠠᠢ᠃ᠣᠳᠣᠬᠠᠨ ᠤ᠋ ᠶᠠᠭ ᠥᠷᠨᠢᠭᠦᠯᠵᠦ ᠪᠠᠢᠭ᠎ᠠ ᠵᠥᠷᠢᠴᠡᠯ ᠵᠢᠭᠤᠷᠠᠯᠳᠤᠭᠠᠨ ᠢ᠋ ᠪᠠᠢᠴᠠᠭᠠᠨ ᠰᠢᠢᠳᠪᠦᠷᠢᠯᠡᠬᠦ ᠠᠵᠢᠯ ᠲᠠᠢ ᠤᠶᠠᠯᠳᠤᠭᠤᠯᠤᠨ ᠂ ᠣᠯᠠᠨ ᠲᠦᠮᠡᠨ ᠦ᠌ ᠵᠦᠢ ᠵᠣᠬᠢᠰᠲᠠᠢ ᠬᠦᠰᠡᠯ ᠱᠠᠭᠠᠷᠳᠠᠯᠭ᠎ᠠ ᠶ᠋ᠢ ᠭᠣᠣᠯᠳᠠᠯᠭ᠎ᠠ ᠪᠣᠯᠭᠠᠨ ᠂ ᠤᠳᠤᠷᠢᠳᠤᠯᠭ᠎ᠠ ᠬᠡᠷᠡᠭ ᠳᠠᠭᠠᠭᠠᠴᠢᠯᠠᠨ ᠵᠠᠬᠢᠳᠠᠯ ᠰᠤᠷᠪᠤᠯᠵᠢᠯᠠᠭ᠎ᠠ ᠬᠦᠯᠢᠶᠡᠨ ᠠᠪᠬᠤ ᠳᠦᠷᠢᠮ ᠢ᠋ ᠭᠦᠨᠵᠡᠭᠡᠢ ᠪᠠᠷᠢᠮᠲᠠᠯᠠᠵᠤ ᠂ ᠵᠥᠷᠢᠴᠡᠯ ᠢ᠋ ᠠᠷᠢᠯᠭᠠᠬᠤ ᠠᠵᠢᠯ ᠢ᠋ ᠥᠷᠨᠢᠭᠦᠯᠵᠦ ᠂ ᠣᠯᠠᠨ ᠲᠦᠮᠡᠨ ᠳ᠋ᠦ᠍ ᠦᠨᠡᠨ ᠬᠦ᠌ ᠪᠣᠳᠠᠲᠤ ᠶᠠᠪᠤᠳᠠᠯ ᠬᠢᠵᠦ ᠥᠭᠬᠦ ᠬᠦᠴᠢᠷᠳᠡᠯ ᠢ᠋ ᠰᠢᠢᠳᠪᠦᠷᠢᠯᠡᠪᠡ ᠃ ᠴᠦᠨ ᠵᠢᠶᠠᠩ ᠡᠵᠡᠩᠨᠡᠯᠲᠡ ᠶ᠋ᠢᠨ ᠣᠷᠴᠢᠨ ᠲᠣᠭᠣᠷᠢᠨ ᠤ᠋ ᠲᠤᠬᠠᠢ ᠶᠢᠨ ᠠᠵᠤ ᠠᠬᠤᠢᠯᠠᠯ ᠪᠣᠯᠤᠨ ᠠᠵᠤ ᠠᠬᠤᠢᠯᠠᠯᠲᠠᠳ ᠤ᠋ᠨ ᠰᠡᠷᠡᠯᠲᠡ ᠬᠠᠮᠤᠭ ᠠ᠋ᠴᠠ ᠰᠣᠷᠭᠣᠭ ᠪᠠᠢᠳᠠᠭ ᠃ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠢ᠋ ᠢᠳᠡᠪᠬᠢᠲᠡᠢ ᠪᠣᠢ ᠪᠣᠯᠭᠠᠬᠤ ᠨᠢ ᠠᠵᠤ ᠠᠬᠤᠢ ᠶ᠋ᠢᠨ ᠨᠢᠭᠡᠴᠡ ᠨᠦ᠍ᠭᠦᠳ ᠲᠦ᠍ ᠠᠢᠯᠴᠢᠯᠠᠬᠤ ᠂ ᠦᠢᠯᠡᠴᠢᠯᠡᠭᠡᠨ ᠦ᠌ ᠬᠥᠭᠵᠢᠯᠲᠡ ᠪᠠᠷ ᠳᠠᠮᠵᠢᠨ ᠰᠤᠷᠪᠤᠯᠵᠢᠯᠠᠭ᠎ᠠ ᠬᠢᠬᠦ ᠂ ᠲᠣᠮᠣ ᠰᠢᠨᠵᠢᠯᠡᠭᠡ ᠰᠤᠳᠤᠯᠭ᠎ᠠ ᠪᠠᠷ ᠬᠥᠳᠡᠯᠮᠦᠷᠢ ᠶ᠋ᠢᠨ ᠬᠥᠯᠥᠰᠥ ᠣᠯᠭᠣᠮᠵᠢ ᠂ ᠦᠢᠯᠡᠳᠪᠦᠷᠢᠯᠡᠯ ᠦ᠋ᠨ ᠰᠢᠷᠬᠠᠲᠤᠯ ᠤ᠋ᠨ ᠳᠠᠭᠠᠳᠬᠠᠯ ᠵᠡᠷᠭᠡ ᠬᠠᠯᠠᠮᠰᠢᠯ ᠠᠰᠠᠭᠤᠳᠠᠯ ᠤ᠋ᠨ ᠲᠣᠭᠣᠷᠢᠨ ᠳ᠋ᠤ᠌ ᠬᠠᠤᠯᠢ ᠲᠣᠭᠲᠠᠭᠠᠮᠵᠢ ᠶ᠋ᠢᠨ ᠪᠠᠩᠬᠢ ᠳ᠋ᠤ᠌ ᠭᠦᠨᠵᠡᠭᠡᠢᠷᠡᠨ ᠬᠣᠲᠠ ᠶ᠋ᠢᠨ ᠠᠵᠤ ᠦᠢᠯᠡᠳᠪᠦᠷᠢ ᠶ᠋ᠢᠨ ᠪᠠᠩᠬᠢ ᠠ᠋ᠴᠠ ᠳᠤᠷᠠᠳᠤᠭᠰᠠᠨ ᠪᠠᠷᠢᠴᠠᠭᠠᠯᠠᠬᠤ ᠡᠳ᠋ ᠬᠥᠷᠥᠩᠭᠡ ᠶ᠋ᠢᠨ ᠦᠨ᠎ᠡ ᠪᠠᠭᠤᠷᠠᠭᠤᠯᠬᠤ ᠂ ᠭᠦᠢᠴᠡᠳᠬᠡᠬᠦ ᠶ᠋ᠢ ᠨᠢ ᠰᠡᠷᠭᠦᠭᠡᠬᠦ ᠠᠰᠠᠭᠤᠳᠠᠯ ᠂ ᠭᠠᠢᠯᠢ ᠰᠦᠢᠳᠬᠡᠯ ᠦ᠋ᠨ ᠳᠠᠷᠤᠭᠠᠰᠤ ᠶ᠋ᠢᠨ ᠪᠠᠢᠳᠠᠯ ᠢ᠋ ᠬᠢᠨᠠᠨ ᠲᠠᠰᠤᠯᠤᠯᠲᠠ ᠶ᠋ᠢᠨ ᠪᠢᠴᠢᠭ᠌ ᠳᠡᠭᠡᠷ᠎ᠡ ᠢᠯᠡᠳᠬᠡᠵᠦ ᠴᠢᠳᠠᠬᠤ ᠡᠰᠡᠬᠦ ᠵᠡᠷᠭᠡ ᠠᠰᠠᠭᠤᠳᠠᠯ ᠳ᠋ᠤ᠌ ᠴᠢᠭᠯᠡᠭᠦᠯᠦᠨ ᠨᠠᠷᠢᠨ ᠲᠣᠳᠣᠷᠬᠠᠢ ᠬᠠᠷᠢᠭᠤᠯᠲᠠ ᠥᠭᠪᠡ ᠃ 《 ᠠᠵᠤ ᠠᠬᠤᠢᠯᠠᠯ ᠳ᠋ᠤ᠌ ᠬᠣᠯᠪᠣᠭᠳᠠᠭᠰᠠᠨ ᠢᠷᠭᠡᠨ ᠦ᠌ ᠬᠡᠷᠡᠭ ᠂ ᠬᠤᠳᠠᠯᠳᠤᠭᠠᠨ ᠤ᠋ ᠬᠡᠷᠡᠭ ᠢ᠋ ᠬᠠᠤᠯᠢ ᠶᠣᠰᠣᠭᠠᠷ ᠳᠦᠷᠢᠮᠵᠢᠭᠦᠯᠬᠦ ᠶ᠋ᠢ ᠰᠢᠭᠦᠨ ᠰᠢᠢᠳᠪᠦᠷᠢᠯᠡᠬᠦ ᠠᠵᠢᠯ ᠡᠷᠬᠢᠯᠡᠬᠦ ᠠᠵᠢᠯ ᠢ᠋ ᠴᠢᠨᠠᠭᠰᠢᠳᠠ ᠬᠠᠤᠯᠢ ᠶ᠋ᠢᠨ ᠦᠢᠯᠡ ᠶᠠᠪᠤᠴᠠ ᠶ᠋ᠢ ᠰᠠᠢᠵᠢᠷᠠᠭᠤᠯᠬᠤ ᠲᠤᠬᠠᠢ ᠵᠢᠭᠠᠪᠤᠷᠢᠯᠠᠬᠤ ᠰᠠᠨᠠᠯ 》  ᠢ᠋ ᠪᠣᠯᠪᠠᠰᠤᠷᠠᠭᠤᠯᠵᠤ ᠂ ᠴᠢᠨᠠᠭᠰᠢᠳᠠ ᠠᠵᠢᠯ ᠤ᠋ᠨ  ᠵᠠᠷᠴᠢᠮ ᠢ᠋ ᠪᠣᠯᠪᠠᠰᠤᠷᠠᠩᠭᠤᠢ ᠪᠣᠯᠭᠠᠵᠤ ᠂ ᠴᠢᠨᠠᠷ ᠰᠠᠢᠲᠠᠢ ᠬᠠᠤᠯᠢ ᠴᠠᠭᠠᠵᠠ ᠦᠢᠯᠡᠴᠢᠯᠡᠭᠡ ᠪᠠ ᠠᠵᠤ ᠠᠬᠤᠢ ᠶ᠋ᠢᠨ ᠬᠥᠭᠵᠢᠯᠲᠡ ᠶ᠋ᠢᠨ ᠶᠡᠬᠡ ᠲᠠᠯ᠎ᠠ ᠲᠠᠢ ᠬᠠᠮᠲᠤᠪᠠᠷ ᠪᠠᠳᠠᠷᠠᠭᠤᠯᠤᠨ᠎ᠠ ᠃

     ᠤᠷᠲᠤ ᠬᠤᠭᠤᠴᠠᠭ᠎ᠠ ᠪᠠᠷ ᠴᠢᠷᠮᠠᠢᠨ ᠰᠤᠷᠤᠯᠴᠠᠵᠤ ᠤᠳᠠᠭᠠᠨ ᠳᠠᠭᠠᠭᠠᠮᠠᠭᠠᠢ ᠴᠢᠷᠮᠠᠢᠨ ᠠᠵᠢᠯᠯᠠᠬᠤ ᠪᠣᠯ ᠠᠮᠵᠢᠯᠲᠠ ᠣᠯᠬᠤ ᠶ᠋ᠢᠨ ᠲᠥᠯᠥᠭᠡ ᠶᠤᠮ ᠃ ᠰᠤᠷᠤᠯᠴᠠᠯᠭ᠎ᠠ ᠬᠥᠮᠦᠵᠢᠯ ᠦ᠋ᠨ ᠲᠠᠯ᠎ᠠ ᠪᠠᠷ ᠶᠡᠷᠦᠩᠬᠡᠢ ᠱᠦᠵᠢ ᠰᠢ ᠵᠢᠨ ᠫᠢᠩ ᠦ᠋ᠨ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡᠨ ᠦ᠌ ᠪᠠᠢᠭᠤᠯᠤᠯᠲᠠ ᠶ᠋ᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠂ ᠰᠤᠷᠭᠠᠯ ᠦᠭᠡ ᠶ᠋ᠢᠨ ᠵᠣᠷᠢᠭ ᠰᠠᠨᠠᠭ᠎ᠠ ᠶ᠋ᠢ ᠦᠨᠳᠦᠰᠦᠯᠡᠨ ᠪᠦᠬᠦ ᠬᠦᠷᠢᠶ᠎ᠡ ᠬᠡᠪᠴᠢᠶᠡᠨ ᠳ᠋ᠦ᠍ ᠭᠦᠨᠵᠡᠭᠡᠢ ᠰᠤᠷᠤᠯᠴᠠᠵᠤ ᠂ ᠯᠠᠪᠳᠠᠭᠤᠨ ᠪᠠᠲᠤᠲᠠᠢ ᠬᠢᠵᠦ ᠂ 《ᠭᠠᠵᠠᠷ ᠪᠣᠯᠭᠠᠨ ᠳ᠋ᠤ᠌ ᠰᠤᠷᠤᠯᠴᠠᠵᠤ ᠂ ᠴᠠᠭ ᠢᠮᠠᠭᠲᠠ ᠰᠤᠷᠤᠯᠴᠠᠵᠤ ᠂ ᠬᠥᠮᠦᠨ ᠪᠦᠬᠦᠨ ᠰᠤᠷᠤᠯᠴᠠᠯᠭ᠎ᠠ ᠶ᠋ᠢ ᠬᠠᠢᠷᠠᠯᠠᠬᠤ 》 ᠨᠢ ᠬᠡᠪ ᠰᠤᠷᠲᠠᠯ ᠪᠣᠯᠵᠤ ᠪᠠᠢᠨ᠎ᠠ ᠃ ᠳᠠᠷᠠᠭᠠᠴᠢ ᠶ᠋ᠢᠨ ᠠᠯᠬᠤᠮ ᠳ᠋ᠤ᠌ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠰᠤᠷᠤᠯᠴᠠᠯᠭ᠎ᠠ ᠰᠤᠷᠭᠠᠨ ᠬᠥᠮᠦᠵᠢᠯ ᠢ᠋ ᠡᠩᠨᠡᠭᠡᠨ ᠦ᠌ ᠰᠤᠷᠭᠠᠨ ᠬᠥᠮᠦᠵᠢᠯ ᠳ᠋ᠦ᠍ ᠲᠤᠤᠱᠯᠠᠭᠤᠯᠬᠤ ᠶ᠋ᠢ ᠢᠮᠠᠭᠲᠠ ᠭᠤᠢᠪᠢᠰᠢ ᠦᠭᠡᠢ ᠪᠠᠷᠢᠮᠲᠠᠯᠠᠵᠤ ᠂ ᠬᠠᠷᠢᠭᠤᠴᠠᠯᠭ᠎ᠠ ᠡᠭᠦᠷᠭᠡᠯᠡᠬᠦ ᠶ᠋ᠢ ᠴᠢᠩᠭᠠᠳᠬᠠᠵᠤ ᠂ ᠠᠵᠢᠯ ᠤ᠋ᠨ ᠦᠷ᠎ᠡ ᠪᠦᠲᠦᠮᠵᠢ ᠶ᠋ᠢ ᠠᠷᠠᠳ ᠤ᠋ᠨ ᠲᠥᠯᠥᠭᠡ ᠬᠠᠤᠯᠢ ᠬᠡᠷᠡᠭᠵᠢᠭᠦᠯᠬᠦ ᠂ ᠲᠥᠪ ᠭᠣᠣᠯᠴᠢ ᠪᠠᠷ ᠬᠠᠤᠯᠢ ᠬᠡᠷᠡᠭᠵᠢᠭᠦᠯᠬᠦ᠂ ᠠᠮᠢᠳᠤ ᠦᠢᠯᠡᠳᠦᠯᠭᠡ ᠪᠣᠯᠭᠠᠨ ᠬᠤᠪᠢᠷᠠᠭᠤᠯᠬᠤ ᠶ᠋ᠢ ᠪᠠᠷᠢᠮᠲᠠᠯᠠᠵᠤ ᠂ ᠰᠢᠯᠢᠳᠡᠭ ᠬᠢᠷᠢ ᠪᠦᠲᠦᠮᠵᠢ ᠪᠡᠷ ᠨᠠᠮ ᠪᠠᠢᠭᠤᠯᠤᠭᠳᠠᠭᠰᠠᠨ 100 ᠵᠢᠯ ᠦ᠋ᠨ ᠣᠢ ᠶ᠋ᠢ ᠤᠭᠲᠤᠨ᠎ᠠ ᠃

 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )