5 ᠰᠠᠷ᠎ᠠ ᠶ᠋ᠢᠨ 18 ᠤ᠋ ᠡᠳᠦᠷ ᠠᠷᠠᠳ ᠤ᠋ᠨ ᠳᠡᠭᠡᠳᠦ ᠰᠢᠭᠦᠬᠦ ᠬᠣᠷᠢᠶᠠᠨ ᠤ᠋ ᠵᠣᠬᠢᠶᠠᠨ ᠪᠠᠢᠭᠤᠯᠬᠤ ᠬᠦᠴᠦᠨ ᠢ᠋ ᠳᠡᠭᠡᠭᠰᠢᠯᠡᠭᠦᠯᠬᠦ ᠢᠨᠵᠸᠨ᠋ᠸᠷᠢᠩ ᠦ᠋ᠨ ᠰᠣᠯᠪᠢᠯᠴᠠᠯ ᠢ᠋ ᠰᠤᠷᠤᠯᠴᠠᠬᠤ ᠳᠤᠭᠤᠢᠯᠠᠩ ᠤ᠋ᠨ ᠳᠠᠷᠤᠭ᠎ᠠ ᠬᠤᠸᠠᠩ ᠠᠢ ᠪᠣᠯᠤᠨ ᠨᠢᠭᠡ ᠳᠤᠭᠤᠢᠯᠠᠩ ᠤ᠋ᠨ ᠬᠢᠨ ᠥᠪᠡᠷᠲᠡᠭᠡᠨ ᠵᠠᠰᠠᠬᠤ ᠣᠷᠣᠨ ᠤ᠋ ᠳᠡᠭᠡᠳᠦ ᠵᠡᠷᠭᠡ ᠶ᠋ᠢᠨ ᠰᠢᠭᠦᠬᠦ ᠬᠣᠷᠢᠶᠠᠨ ᠤ᠋ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠪᠠᠷ᠎ᠠ ᠪᠣᠯᠤᠯᠴᠠᠨ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠳ᠋ᠤ᠌ ᠬᠦᠷᠴᠦ ᠦᠨᠳᠦᠰᠦᠨ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠶ᠋ᠢᠨ ᠬᠦᠴᠦᠨ ᠢ᠋ ᠳᠡᠭᠡᠭᠰᠢᠯᠡᠭᠦᠯᠬᠦ ᠢᠨᠵᠧᠨᠧᠷᠢᠩ ᠦ᠋ᠨ ᠰᠣᠯᠪᠢᠴᠠᠨ ᠰᠤᠷᠤᠯᠴᠠᠬᠤ ᠪᠠᠢᠴᠠᠭᠠᠨ ᠰᠤᠳᠤᠯᠬᠤ ᠠᠵᠢᠯ ᠢ᠋ ᠥᠷᠨᠢᠭᠦᠯᠵᠦ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠳ᠋ᠦ᠍ ᠪᠠᠷ᠎ᠠ ᠪᠣᠯᠵᠤ ᠪᠠᠢᠴᠠᠭᠠᠨ ᠰᠤᠳᠤᠯᠤᠯᠲᠠ ᠬᠢᠭᠰᠡᠨ ᠪᠠᠢᠨ᠎ᠠ᠃
ᠪᠠᠢᠴᠠᠭᠠᠨ ᠰᠤᠳᠤᠯᠬᠤ ᠳᠤᠭᠤᠢᠯᠠᠩ ᠤ᠋ᠨ ᠬᠢᠨ ᠣᠷᠳᠣᠰ ᠬᠣᠲᠠ ᠶ᠋ᠢᠨ ᠰᠢᠭᠦᠬᠦ ᠬᠣᠷᠢᠶᠠᠨ ᠤ᠋ ᠡᠩᠨᠡᠭᠡ ᠶ᠋ᠢᠨ ᠰᠤᠷᠭᠠᠨ ᠬᠥᠮᠦᠵᠢᠯ ᠢ᠋ ᠴᠡᠭᠴᠡᠯᠡᠬᠦ ᠠᠵᠢᠯ ᠤ᠋ᠨ ᠪᠠᠢᠳᠠᠯ ᠢ᠋ ᠲᠤᠬᠠᠢ ᠶ᠋ᠢᠨ ᠭᠠᠵᠠᠷ ᠲᠤᠨᠢ ᠰᠢᠨᠵᠢᠯᠡᠨ ᠪᠠᠢᠴᠠᠭᠠᠵᠤ ᠂ ᠡᠩᠨᠡᠭᠡᠨ ᠦ᠌ ᠰᠤᠷᠭᠠᠨ ᠬᠥᠮᠦᠵᠢᠯ ᠢ᠋ ᠴᠡᠭᠴᠡᠯᠡᠬᠦ ᠦᠵᠡᠭᠦᠯᠦᠯᠭᠡ ᠶ᠋ᠢᠨ ᠲᠣᠭᠣᠷᠢᠭ ᠂ ᠰᠢᠭᠦᠭᠴᠢ ᠲᠤᠰᠢᠶᠠᠯᠲᠠᠨ ᠤ᠋ ᠰᠣᠶᠣᠯ ᠤ᠋ᠨ ᠬᠡᠷᠡᠮ ᠂ ᠬᠠᠤᠯᠢ ᠳᠦᠷᠢᠮ ᠦ᠋ᠨ ᠬᠣᠩᠭᠢᠯ ᠂ ᠰᠡᠷᠡᠮᠵᠢᠯᠡᠭᠦᠯᠬᠦ ᠬᠥᠮᠦᠵᠢᠯ ᠦ᠋ᠨ ᠬᠣᠩᠭᠢᠯ ᠂ ᠨᠣᠮ ᠤ᠋ᠨ ᠰᠠᠩ ᠂ ᠨᠠᠮ ᠤ᠋ᠨ ᠲᠡᠦᠬᠡ ᠶ᠋ᠢᠨ ᠤᠷᠲᠤ ᠬᠣᠩᠭᠢᠯ ᠂ ᠵᠠᠷᠭᠤ ᠶ᠋ᠢᠨ ᠦᠢᠯᠡᠴᠢᠯᠡᠭᠡᠨ ᠦ᠌ ᠲᠥᠪ ᠵᠡᠷᠭᠡ ᠭᠠᠵᠠᠷ ᠢ᠋ ᠲᠣᠭᠣᠷᠢᠨ ᠦᠵᠡᠵᠦ ᠂ ᠨᠠᠮ ᠤ᠋ᠨ ᠪᠠᠢᠭᠤᠯᠤᠯᠲᠠ ᠶ᠋ᠢᠨ ᠠᠵᠢᠯ ᠤ᠋ᠨ ᠤᠬᠠᠭᠤᠯᠭ᠎ᠠ ᠶ᠋ᠢᠨ ᠬᠠᠭᠤᠳᠠᠰᠤ《ᠬᠠᠤᠯᠢ ᠴᠠᠭᠠᠵᠠ ᠰᠦᠯᠳᠡ ᠨᠢ ᠨᠠᠮ ᠤ᠋ᠨ ᠲᠤᠭ ᠤ᠋ᠨ ᠳᠣᠣᠷ᠎ᠠ ᠭᠢᠯᠪᠠᠭ᠎ᠠ ᠰᠠᠴᠤᠷᠠᠭᠰᠠᠨ》 ᠢ᠋ ᠨᠠᠷᠢᠨ ᠣᠢᠯᠠᠭᠠᠵᠠᠢ ᠃
ᠶᠠᠷᠢᠯᠴᠠᠬᠤ ᠬᠤᠷᠠᠯ ᠳᠡᠭᠡᠷ᠎ᠡ ᠂ ᠯᠢ ᠵᠢᠩ ᠭᠦᠸᠧ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠵᠣᠬᠢᠶᠠᠨ ᠪᠠᠢᠭᠤᠯᠬᠤ ᠴᠢᠳᠠᠪᠤᠷᠢ ᠶ᠋ᠢ ᠳᠡᠭᠡᠭᠰᠢᠯᠡᠭᠦᠯᠬᠦ ᠢᠨᠵᠧᠨᠧᠷᠢᠩ ᠢ᠋ ᠬᠡᠷᠡᠭᠵᠢᠭᠦᠯᠦᠭᠰᠡᠨ ᠪᠠᠢᠳᠠᠯ ᠵᠢᠴᠢ《ᠣᠶᠤᠨᠴᠢ ᠨᠠᠮ ᠤ᠋ᠨ ᠪᠠᠢᠭᠤᠯᠤᠯᠲᠠ》 ᠶ᠋ᠢᠨ ᠠᠵᠢᠯ ᠢ᠋ ᠥᠷᠨᠢᠭᠦᠯᠦᠭᠰᠡᠨ ᠪᠠᠢᠳᠠᠯ ᠢ᠋ ᠬᠠᠷᠢᠭᠤ ᠮᠡᠳᠡᠭᠦᠯᠵᠡᠢ ᠃ ᠬᠡᠰᠡᠭ ᠨᠠᠮ ᠤ᠋ᠨ ᠡᠭᠦᠷ ᠦ᠋ᠨ ᠱᠦᠵᠢ ᠨᠠᠷ ᠤ᠋ᠨ ᠲᠥᠯᠥᠭᠡᠯᠡᠭᠴᠢᠳ ᠲᠤᠷᠰᠢᠯᠭ᠎ᠠ ᠰᠣᠯᠢᠯᠴᠠᠵᠤ ᠂ ᠬᠤᠷᠠᠯ ᠳ᠋ᠤ᠌ ᠣᠷᠣᠯᠴᠠᠭᠰᠠᠳ ᠨᠠᠮ ᠤ᠋ᠨ ᠵᠣᠬᠢᠶᠠᠨ ᠪᠠᠢᠭᠤᠯᠤᠯᠲᠠ ᠶ᠋ᠢᠨ ᠵᠣᠬᠢᠶᠠᠨ ᠪᠠᠢᠭᠤᠯᠬᠤ ᠬᠦᠴᠦᠨ ᠢ᠋ ᠳᠡᠭᠡᠭᠰᠢᠯᠡᠭᠦᠯᠬᠦ ᠲᠣᠭᠣᠷᠢᠨ ᠳ᠋ᠤ᠌ ᠰᠤᠳᠤᠯᠤᠨ ᠶᠠᠷᠢᠯᠴᠠᠵᠠᠢ ᠃
ᠬᠤᠸᠠᠩ ᠠᠢ ᠾᠧ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠪᠠᠢᠭᠤᠯᠤᠯᠲᠠ ᠶ᠋ᠢᠨ ᠠᠵᠢᠯ ᠢ᠋ ᠳᠡᠭᠡᠳᠦ ᠬᠡᠮᠵᠢᠶ᠎ᠡ ᠪᠡᠷ ᠦᠨᠡᠯᠡᠵᠦ ᠂ ᠦᠨᠳᠦᠰᠦᠨ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠶ᠋ᠢᠨ ᠬᠦᠴᠦᠨ ᠢ᠋ ᠳᠡᠭᠡᠭᠰᠢᠯᠡᠭᠦᠯᠬᠦ ᠢᠨᠵᠧᠨᠧᠷᠢᠩ ᠢ᠋ ᠳᠡᠭᠡᠳᠦ ᠵᠡᠷᠭᠡ ᠶ᠋ᠢᠨ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠣᠯᠤᠭᠰᠠᠨ ᠤ᠋ ᠬᠤᠪᠢ ᠳ᠋ᠤ᠌ ᠳᠣᠣᠷᠠᠲᠤ ᠱᠠᠲᠤᠨ ᠤ᠋ ᠰᠢᠭᠦᠬᠦ ᠬᠣᠷᠢᠶ᠎ᠠ ᠶ᠋ᠢᠨ ᠨᠠᠮ ᠤ᠋ᠨ ᠪᠠᠢᠭᠤᠯᠤᠯᠲᠠ ᠶ᠋ᠢ ᠵᠢᠯᠣᠭᠣᠳᠬᠤ ᠠᠵᠢᠯ ᠳ᠋ᠤ᠌ ᠬᠦᠴᠦᠲᠡᠢ ᠭᠠᠷᠳᠠᠴᠠ ᠪᠣᠯᠭᠠᠨ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠨᠢ ᠨᠠᠮ ᠤ᠋ᠨ ᠪᠠᠢᠭᠤᠯᠤᠯᠲᠠ ᠶ᠋ᠢᠨ ᠠᠵᠢᠯ ᠢ᠋ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ ᠂ ᠯᠠᠪᠳᠠᠭᠤᠨ ᠪᠣᠳᠠᠲᠠᠢ ᠂ ᠪᠠᠶᠠᠯᠢᠭ ᠠᠭᠤᠷ ᠠᠮᠢᠰᠬᠤᠯ ᠢ᠋ ᠪᠦᠷᠢᠯᠳᠦᠭᠦᠯᠬᠦ ᠪᠣᠯᠤᠨ᠎ᠠ ᠭᠡᠵᠦ ᠵᠢᠭᠠᠵᠤ ᠭᠠᠷᠭᠠᠪᠠ ᠃
ᠳᠠᠷᠠᠭᠠᠴᠢ ᠶ᠋ᠢᠨ ᠠᠯᠬᠤᠮ ᠳ᠋ᠤ᠌ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠲᠤᠰ ᠤᠳᠠᠭᠠᠨ ᠤ᠋ ᠪᠠᠢᠴᠠᠭᠠᠨ ᠰᠤᠳᠤᠯᠤᠯᠲᠠ ᠪᠠᠷ ᠲᠣᠬᠢᠶᠠᠯ ᠪᠣᠯᠭᠠᠵᠤ ᠂ ᠭᠤᠷᠪᠠᠨ ᠵᠢᠯ ᠦ᠋ᠨ ᠵᠣᠬᠢᠶᠠᠨ ᠪᠠᠢᠭᠤᠯᠤᠯᠲᠠ ᠶ᠋ᠢᠨ ᠬᠦᠴᠦᠨ ᠢ᠋ ᠦᠷᠭᠦᠯᠵᠢᠯᠡᠨ ᠪᠡᠬᠢᠵᠢᠭᠦᠯᠵᠦ ᠂ ᠢᠨᠵᠧᠨᠧᠷᠢᠩ ᠦ᠋ᠨ ᠦᠷ᠎ᠡ ᠪᠦᠲᠦᠭᠡᠯ ᠢ᠋ ᠰᠡᠳᠬᠢᠯ ᠨᠢᠭᠡᠳᠦᠨ ᠬᠦᠴᠦ ᠪᠡᠨ ᠲᠥᠪᠯᠡᠷᠡᠭᠦᠯᠦᠨ ᠂ ᠦᠨᠳᠦᠰᠦᠲᠡᠨ ᠦ᠌ ᠣᠨᠴᠠᠯᠢᠭ ᠲᠠᠢ ᠰᠢᠭᠦᠬᠦ ᠬᠣᠷᠢᠶᠠᠨ ᠤ᠋ ᠨᠠᠮ ᠤ᠋ᠨ ᠪᠠᠢᠭᠤᠯᠤᠯᠲᠠ ᠶ᠋ᠢᠨ ᠨᠡᠷᠡᠲᠦ ᠲᠡᠮᠳᠡᠭ ᠢ᠋ ᠡᠭᠦᠳᠬᠦ ᠪᠡᠷ ᠰᠢᠭᠦᠨ ᠲᠠᠰᠤᠯᠬᠤ ᠭᠦᠢᠴᠡᠳᠬᠡᠬᠦ ᠪᠡᠷ ᠭᠣᠣᠯ ᠪᠣᠯᠭᠠᠭᠰᠠᠨ ᠡᠯ᠎ᠡ ᠵᠦᠢᠯ ᠦ᠋ᠨ ᠠᠵᠢᠯ ᠢ᠋ ᠰᠢᠨ᠎ᠡ ᠱᠠᠲᠤᠨ ᠳ᠋ᠤ᠌ ᠭᠠᠷᠭᠠᠵᠤ ᠂ ᠰᠢᠨ᠎ᠡ ᠠᠮᠵᠢᠯᠲᠠ ᠪᠦᠲᠦᠮᠵᠢ ᠣᠯᠬᠤ ᠳ᠋ᠤ᠌ ᠤᠯᠤᠰ ᠲᠥᠷᠥ ᠶ᠋ᠢᠨ ᠪᠠᠲᠤᠯᠠᠭ᠎ᠠ ᠪᠠ ᠵᠣᠬᠢᠶᠠᠨ ᠪᠠᠢᠭᠤᠯᠤᠯᠲᠠ ᠶ᠋ᠢᠨ ᠪᠠᠲᠤᠯᠠᠭ᠎ᠠ ᠬᠠᠩᠭᠠᠨ ᠰᠢᠯᠢᠳᠡᠭ ᠬᠢᠷᠢ ᠪᠦᠲᠦᠮᠵᠢ ᠪᠡᠷ ᠨᠠᠮ ᠪᠠᠢᠭᠤᠯᠤᠭᠳᠠᠭᠰᠠᠨ 100 ᠵᠢᠯ ᠦ᠋ᠨ ᠣᠢ ᠶ᠋ᠢ ᠪᠡᠯᠡᠭᠯᠡᠵᠡᠢ ᠃
ᠦᠨᠡᠯᠡᠬᠦ 0ᠦᠨᠡᠯᠡᠯᠲᠡ᠎ᠲᠠᠢ