ᠭᠡᠷ ᠲᠦ᠍ ᠨᠢ ᠬᠦᠷᠴᠦ ᠬᠡᠷᠡᠭ ᠪᠣᠯᠭᠠᠨ ᠲᠡᠮᠳᠡᠭᠯᠡᠵᠦ ᠬᠥᠮᠦᠨ ᠶ᠋ᠢᠨ ᠰᠡᠳᠬᠢᠯ ᠢ᠋ ᠳᠤᠯᠠᠭᠠᠴᠠᠭᠤᠯᠤᠨ ᠬᠠᠤᠯᠢ ᠴᠠᠭᠠᠵᠠ ᠶ᠋ᠢᠨ ᠦᠢᠯᠡᠴᠢᠯᠡᠭᠡ ᠲᠠᠢ ᠣᠢᠷᠠᠲᠤᠭᠤᠯᠬᠤ
2021.05.24 ᠲᠣᠰ ᠥᠷᠲᠡᠭᠡᠨ ᠦ ᠨᠠᠢᠷᠠᠭᠤᠯᠤᠭᠴᠢ

     ᠲᠤᠬᠠᠢ ᠶ᠋ᠢᠨ ᠬᠥᠮᠦᠨ ᠦ᠌ ᠵᠠᠷᠭᠤᠯᠳᠤᠬᠤ ᠳ᠋ᠤ᠌ ᠳᠥᠭᠥᠮ ᠦᠵᠡᠭᠦᠯᠵᠦ ᠂ ᠬᠠᠤᠯᠢ ᠪᠠᠷᠢᠬᠤ ᠳ᠋ᠠᠭᠠᠨ ᠠᠷᠠᠳ ᠲᠦᠮᠡᠨ ᠳᠤ ᠳᠥᠭᠥᠮ ᠦᠵᠡᠭᠦᠯᠬᠦ ᠰᠢᠨ᠎ᠡ ᠠᠷᠭ᠎ᠠ ᠵᠠᠮ ᠢ᠋ ᠲᠠᠰᠤᠷᠠᠯᠲᠠ ᠦᠭᠡᠢ ᠥᠷᠭᠡᠵᠢᠭᠦᠯᠬᠦ ᠶ᠋ᠢᠨ ᠲᠥᠯᠥᠭᠡ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠭᠡᠷ ᠲᠦ᠍ ᠨᠢ ᠬᠦᠷᠴᠦ ᠬᠡᠷᠡᠭ ᠪᠣᠯᠭᠠᠨ ᠳᠠᠩᠰᠠᠯᠠᠬᠤ ᠰᠢᠨ᠎ᠡ ᠬᠡᠪ ᠵᠠᠭᠪᠤᠷ ᠢ᠋ ᠡᠬᠢᠯᠡᠨ ᠨᠡᠭᠡᠭᠡᠵᠦ ᠂ ᠪᠠᠭᠤᠷᠠᠢᠴᠤᠤᠯ ᠤ᠋ᠨ ᠵᠠᠷᠭᠤ ᠶ᠋ᠢᠨ ᠬᠦᠴᠢᠷ ᠠᠰᠠᠭᠤᠳᠠᠯ ᠢ᠋ ᠬᠦᠴᠦᠯᠡᠨ ᠰᠢᠢᠳᠪᠦᠷᠢᠯᠡᠵᠦ ᠬᠡᠷᠡᠭ ᠪᠣᠯᠭᠠᠨ ᠳᠠᠩᠰᠠᠯᠠᠬᠤ ᠵᠠᠷᠭᠤ ᠶ᠋ᠢᠨ ᠦᠢᠯᠡᠴᠢᠯᠡᠭᠡ ᠶ᠋ᠢ ᠪᠡᠶᠡᠯᠡᠭᠦᠯᠪᠡ ᠃

 

 

     ᠹᠠᠨ ᠣᠪᠣᠭᠲᠤ ᠶ᠋ᠢᠨ ᠠᠬ᠎ᠠ ᠨᠢ ᠰᠣᠩᠭᠣᠭᠤᠯᠢ ᠶ᠋ᠢᠨ ᠦᠢᠯᠡᠴᠢᠯᠡᠭᠡᠨ ᠦ᠌ ᠲᠥᠪ ᠲᠦ᠍ ᠬᠦᠷᠴᠦ ᠬᠡᠷᠡᠭ ᠦ᠋ᠨ ᠭᠠᠳᠠᠨᠠᠬᠢ ᠬᠥᠮᠦᠨ ᠡᠴᠡ ᠣᠨᠳᠣᠣ ᠰᠠᠨᠠᠯ ᠳᠤᠷᠠᠳᠤᠭᠰᠠᠨ ᠵᠠᠭᠠᠯᠳᠤᠯᠭ᠎ᠠ ᠬᠢᠭᠰᠡᠨ ᠵᠡᠷᠭᠡ ᠬᠣᠯᠪᠣᠭᠳᠠᠯ ᠪᠦᠬᠦᠢ ᠤᠴᠢᠷ ᠢ᠋ ᠬᠦᠯᠢᠶᠡᠨ ᠠᠪᠬᠤ ᠶᠠᠪᠤᠴᠠ ᠳ᠋ᠠᠭᠠᠨ ᠹᠠᠨ ᠣᠪᠣᠭᠲᠤ ᠨᠢ ᠬᠣᠶᠠᠳᠤᠭᠠᠷ ᠳᠡᠰ ᠦ᠋ᠨ ᠵᠡᠮᠳᠡᠭᠴᠦᠳ ᠦ᠋ᠨ ᠣᠶᠤᠨ ᠮᠡᠳᠡᠷᠡᠯ ᠦ᠋ᠨ ᠡᠪᠡᠳᠴᠢᠨ ᠲᠡᠢ ᠬᠦᠨᠳᠦ ᠵᠡᠮᠳᠡᠭ ᠬᠥᠮᠦᠨ ᠦ᠌ ᠠᠵᠢᠯᠯᠠᠭ᠎ᠠ ᠨᠢ ᠲᠡᠭᠦᠨ ᠦ᠌ ᠠᠬ᠎ᠠ ᠳ᠋ᠠᠭᠠᠨ ᠨᠠᠢᠳᠠᠵᠤ ᠵᠠᠭᠠᠯᠳᠤᠯᠭ᠎ᠠ ᠬᠢᠯᠭᠡᠬᠦ ᠪᠡᠷ ᠪᠣᠯᠪᠠ᠃ ᠹᠠᠨ ᠣᠪᠣᠭᠲᠤ ᠶ᠋ᠢᠨ ᠠᠬ᠎ᠠ ᠨᠢ ᠲᠡᠭᠦᠨ ᠳ᠋ᠦ᠍ ᠡᠷᠬᠡ ᠣᠯᠭᠣᠭᠰᠠᠨ ᠥᠬᠡᠢ ᠲᠤᠯᠠ ᠬᠡᠷᠡᠭ ᠪᠣᠯᠭᠠᠨ ᠳᠠᠩᠰᠠᠯᠠᠵᠤ ᠥᠭᠬᠦ ᠥᠬᠡᠢ ᠪᠠᠢᠪᠠ ᠃

     ᠹᠠᠨ ᠣᠪᠣᠭᠲᠤ ᠶ᠋ᠢᠨ ᠣᠨᠴᠠᠭᠠᠢ ᠪᠠᠢᠳᠠᠯ ᠳᠤ ᠲᠣᠬᠢᠷᠠᠭᠤᠯᠤᠨ᠂ ᠣᠯᠠᠨ ᠲᠦᠮᠡᠨ ᠦ᠌ ᠵᠠᠷᠭᠤ ᠬᠢᠬᠦ ᠳ᠋ᠦ᠍ ᠳᠥᠭᠥᠮ ᠦᠵᠡᠭᠦᠯᠬᠦ ᠶ᠋ᠢᠨ ᠲᠤᠰᠠᠳᠠ ᠲᠤᠬᠠᠢ ᠶ᠋ᠢᠨ ᠬᠥᠮᠦᠨ ᠦ᠌ 《ᠪᠠᠴᠢᠮ ᠬᠦᠴᠢᠷᠳᠡᠯ ᠦ᠋ᠨ ᠬᠦᠰᠡᠯ ᠡᠷᠡᠮᠡᠯᠵᠡᠯ 》ᠠᠰᠠᠭᠤᠳᠠᠯ ᠢ᠋ ᠰᠢᠢᠳᠪᠦᠷᠢᠯᠡᠬᠦ ᠪᠡᠷ ᠪᠣᠯᠵᠠᠢ᠃ 5 ᠰᠠᠷ᠎ᠠ ᠶ᠋ᠢᠨ 17 ᠤ᠋ ᠦᠳᠡ ᠶ᠋ᠢᠨ ᠬᠣᠢᠨ᠎ᠠ ᠬᠡᠷᠡᠭ ᠪᠣᠯᠭᠠᠨ ᠳᠠᠩᠰᠠᠯᠠᠭᠰᠠᠨ ᠬᠠᠤᠯᠢ ᠶ᠋ᠢᠨ ᠲᠤᠰᠢᠶᠠᠯᠲᠠᠨ ᠬᠡᠷᠡᠭ ᠪᠣᠯᠭᠠᠨ ᠳᠠᠩᠰᠠᠯᠠᠬᠤ ᠳ᠋ᠤ᠌ ᠬᠡᠷᠡᠭᠰᠡᠬᠦ ᠡᠯ᠎ᠡ ᠲᠥᠷᠥᠯ ᠦ᠋ᠨ ᠮᠠᠲ᠋ᠧᠷᠢᠶᠠᠯ ᠢᠶᠠᠨ ᠠᠪᠴᠤ᠂ ᠮᠠᠰᠢᠨ ᠲᠡᠷᠭᠡᠨ ᠳ᠋ᠦ᠍ ᠰᠠᠭᠤᠵᠤ ᠹᠠᠨ ᠣᠪᠣᠭᠲᠤ ᠶ᠋ᠢᠨ ᠭᠡᠷ ᠲᠦ᠍ ᠢᠷᠡᠵᠦ ᠵᠠᠷᠭᠤ ᠬᠢᠬᠦ ᠳ᠋ᠦ᠍ ᠮᠡᠳᠡᠬᠦ ᠵᠦᠢᠯ ᠂ ᠲᠤᠬᠠᠢ ᠶ᠋ᠢᠨ ᠬᠥᠮᠦᠨ ᠦ᠌ ᠡᠷᠬᠡ ᠡᠭᠦᠷᠭᠡ ᠂ ᠵᠠᠷᠭᠤ ᠶ᠋ᠢᠨ ᠠᠶᠤᠯ ᠲᠦᠭᠰᠢᠭᠦᠷᠢ ᠂ ᠨᠠᠷᠢᠨ ᠮᠡᠳᠡᠭᠦᠯᠬᠦ ᠵᠡᠷᠭᠡ 《ᠭᠤᠷᠪᠠᠨ ᠵᠦᠢᠯ ᠦ᠋ᠨ ᠲᠣᠭᠲᠠᠭᠠᠯ》 ᠢ᠋ ᠴᠢᠩᠭ᠎ᠠ ᠬᠡᠷᠡᠭᠵᠢᠭᠦᠯᠬᠦ ᠬᠡᠷᠡᠭᠲᠡᠢ ᠭᠡᠵᠦ ᠲᠣᠭᠲᠠᠭᠠᠵᠠᠢ᠃ ᠡᠳᠦᠷ ᠳᠣᠳᠣᠮ ᠤ᠋ᠨ ᠵᠠᠷᠭᠤ ᠶ᠋ᠢᠨ ᠤᠴᠢᠷ ᠶᠠᠪᠤᠳᠠᠯ ᠢ᠋ ᠰᠢᠢᠳᠪᠦᠷᠢᠯᠡᠬᠦ ᠳ᠋ᠦ᠍ ᠳᠥᠭᠥᠮ ᠦᠭᠡᠢ ᠡᠴᠡ ᠪᠣᠯᠵᠤ ᠬᠡᠷᠡᠭ ᠪᠣᠯᠭᠠᠬᠤ ᠰᠢᠭᠦᠭᠴᠢ ᠶ᠋ᠢᠨ ᠵᠢᠯᠣᠭᠣᠳᠤᠯᠭ᠎ᠠ ᠳᠣᠣᠷ᠎ᠠ ᠹᠠᠨ ᠣᠪᠣᠭᠲᠤ ᠠᠬ᠎ᠠ ᠨᠢ ᠡᠷᠬᠡ ᠣᠯᠭᠣᠬᠤ ᠨᠠᠢᠳᠠᠯᠭ᠎ᠠ ᠶ᠋ᠢᠨ ᠪᠢᠴᠢᠭ ᠪᠢᠴᠢᠵᠦ ᠥᠭᠪᠡ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠬᠠᠤᠯᠢ ᠴᠠᠭᠠᠵᠠ ᠪᠠᠷ ᠠᠪᠤᠷᠠᠨ ᠲᠤᠰᠠᠯᠠᠬᠤ ᠲᠥᠷᠥ ᠶ᠋ᠢᠨ ᠪᠣᠳᠣᠯᠭ᠎ᠠ ᠶᠣᠰᠣᠭᠠᠷ ᠹᠠᠨ ᠣᠪᠣᠭᠲᠤ ᠳ᠋ᠤ᠌ ᠬᠠᠤᠯᠢ ᠶᠣᠰᠣᠭᠠᠷ ᠵᠠᠷᠭᠤ ᠶ᠋ᠢᠨ ᠰᠦᠢᠳᠬᠡᠯ ᠢ᠋ ᠬᠣᠢᠰᠢᠯᠠᠭᠤᠯᠤᠨ ᠬᠠᠰᠤᠵᠤ ᠬᠡᠯᠲᠦᠷᠢᠭᠦᠯᠬᠦ ᠭᠠᠷ ᠭᠦᠢᠴᠡᠳᠬᠡᠯ ᠬᠢᠵᠦ ᠥᠭᠴᠡᠢ᠃ ᠨᠠᠷᠢᠨ ᠬᠢᠨᠠᠮᠠᠭᠠᠢ ᠬᠠᠤᠯᠢ ᠴᠠᠭᠠᠵᠠ ᠶᠢᠨ ᠠᠰᠠᠭᠤᠯᠲᠠ ᠬᠠᠷᠢᠭᠤᠯᠵᠤ ᠪᠠᠢᠭ᠎ᠠ ᠫᠠᠨ ᠣᠪᠣᠭᠲᠤ ᠵᠢᠴᠢ ᠲᠡᠭᠦᠨ ᠦ᠌ ᠠᠬ᠎ᠠ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠭᠡᠷ ᠲᠤᠨᠢ ᠬᠦᠷᠴᠦ ᠬᠡᠷᠡᠭ ᠪᠣᠯᠭᠠᠨ ᠳᠠᠩᠰᠠᠯᠠᠭᠰᠠᠨ ᠳ᠋ᠤ᠌ ᠣᠯᠠᠨ ᠲᠦᠮᠡᠨ ᠳ᠋ᠦ᠍ ᠳᠥᠭᠥᠮ ᠦᠵᠡᠭᠦᠯᠬᠦ ᠠᠷᠭ᠎ᠠ ᠬᠡᠮᠵᠢᠶ᠎ᠡ ᠳ᠋ᠦ᠍ ᠳᠠᠬᠢᠨ ᠳᠠᠪᠲᠠᠨ ᠲᠠᠯᠠᠷᠬᠠᠵᠤ ᠪᠠᠢᠬᠤ ᠪᠠᠨ ᠢᠯᠡᠳᠬᠡᠪᠡ ᠃

     ᠬᠡᠷᠡᠭ ᠪᠣᠯᠭᠠᠨ ᠳᠠᠩᠰᠠᠯᠠᠬᠤ ᠪᠣᠯ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠡᠩᠨᠡᠭᠡᠨ ᠦ᠌ ᠰᠤᠷᠭᠠᠨ ᠬᠥᠮᠦᠵᠢᠯ ᠢ᠋ ᠴᠡᠭᠴᠡᠯᠡᠭᠰᠡᠨ ᠦᠷ᠎ᠡ ᠪᠦᠲᠦᠭᠡᠯ ᠢ᠋ ᠵᠠᠷᠭᠤ ᠶ᠋ᠢᠨ ᠦᠢᠯᠡᠴᠢᠯᠡᠭᠡ ᠶ᠋ᠢ ᠰᠢᠯᠢᠳᠡᠭᠵᠢᠭᠦᠯᠬᠦ ᠶ᠋ᠢᠨ ᠬᠤᠷᠢᠶᠠᠩᠭᠤᠢ ᠳᠦᠷᠢ ᠪᠣᠯᠤᠨ᠎ᠠ᠃ ᠬᠣᠢᠰᠢᠳᠠ ᠶ᠋ᠢᠨ ᠠᠵᠢᠯ ᠳᠤᠮᠳᠠ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ《ᠪᠢ ᠣᠯᠠᠨ ᠲᠦᠮᠡᠨ ᠳ᠋ᠦ᠍ ᠪᠣᠳᠠᠲᠤ ᠶᠠᠪᠤᠳᠠᠯ ᠬᠢᠵᠦ ᠥᠭᠬᠦ》ᠠᠵᠢᠯ ᠢ᠋ ᠦᠷᠭᠦᠯᠵᠢᠯᠡᠨ ᠰᠤᠷᠭᠠᠨ ᠬᠥᠮᠦᠵᠢᠭᠦᠯᠵᠦ ᠴᠡᠭᠴᠡᠯᠡᠬᠦ ᠴᠢᠬᠤᠯᠠ ᠠᠭᠤᠯᠭ᠎ᠠ ᠪᠣᠯᠭᠠᠵᠤ ᠰᠤᠷᠭᠠᠨ ᠬᠥᠮᠦᠵᠢᠭᠦᠯᠵᠦ ᠴᠡᠭᠴᠡᠯᠡᠬᠦ ᠪᠦᠬᠦ ᠶᠠᠪᠤᠴᠠ ᠳ᠋ᠤ᠌ ᠲᠤᠤᠱᠯᠠᠭᠤᠯᠵᠤ ᠰᠤᠷᠤᠯᠭ᠎ᠠ ᠶ᠋ᠢᠨ ᠦᠷ᠎ᠡ ᠪᠦᠲᠦᠮᠵᠢ ᠶ᠋ᠢ ᠠᠵᠢᠯ ᠤ᠋ᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ ᠂ ᠠᠷᠠᠳ ᠣᠯᠠᠨ ᠤ᠋ ᠬᠦᠷᠲᠡᠮᠵᠢ ᠶ᠋ᠢᠨ ᠲᠥᠷᠥᠭᠳᠡᠯ ᠂ ᠵᠣᠯ ᠵᠢᠷᠭᠠᠯ ᠤ᠋ᠨ ᠲᠥᠷᠥᠭᠳᠡᠯ ᠂ ᠠᠮᠤᠷ ᠲᠦᠪᠰᠢᠨ ᠦ᠌ ᠲᠥᠷᠥᠭᠳᠡᠯ ᠢ᠋ ᠲᠠᠰᠤᠷᠠᠯᠲᠠ ᠦᠭᠡᠢ ᠨᠡᠮᠡᠭᠳᠡᠭᠦᠯᠦᠨ᠎ᠡ ᠃
 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )