ᠣᠷᠳᠣᠰ ᠬᠣᠲᠠ ᠶ᠋ᠢᠨ ᠰᠢᠭᠦᠬᠦ ᠬᠣᠷᠢᠶᠠᠨ ᠤ᠋ ᠬᠠᠤᠯᠢ ᠴᠠᠭᠠᠵᠠ ᠶ᠋ᠢᠨ ᠴᠠᠭᠳᠠᠭ᠎ᠠ  ᠠᠷᠠᠳ ᠲᠦᠮᠡᠨ ᠳ᠋ᠦ᠍ ᠦᠢᠯᠡᠴᠢᠯᠡᠵᠦ ᠬᠠᠤᠯᠢ ᠴᠠᠭᠠᠵᠠ ᠶ᠋ᠢᠨ ᠠᠮᠤᠷ ᠲᠦᠪᠰᠢᠨ ᠢ᠋  ᠬᠠᠮᠠᠭᠠᠯᠠᠵᠤ ᠪᠤᠢ
2021.05.24 ᠲᠣᠰ ᠥᠷᠲᠡᠭᠡᠨ᠎ᠦ ᠨᠠᠢᠷᠠᠭᠤᠯᠤᠭᠴᠢ

     5 ᠰᠠᠷ᠎ᠠ ᠶ᠋ᠢᠨ 20 ᠤ᠋ ᠡᠳᠦᠷ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠬᠣᠣᠷᠠᠲᠤ ᠡᠳ᠋ ᠢ᠋ ᠫᠠᠨᠽᠠᠯᠠᠬᠤ ᠂ ᠵᠥᠭᠡᠭᠡᠪᠦᠷᠢᠯᠡᠬᠦ ᠂ ᠦᠢᠯᠡᠳᠬᠦ  ᠬᠡᠷᠡᠭ ᠢ᠋ ᠢᠯᠡ ᠪᠡᠷ ᠰᠢᠭᠦᠨ ᠨᠡᠢᠲᠡᠯᠡᠪᠡ ᠃

 


   

     ᠰᠢᠭᠦᠯᠲᠡ ᠡᠬᠢᠯᠡᠬᠦ  ᠳ᠋ᠦ᠍ ᠨᠢᠭᠡᠨ  ᠵᠢᠷᠦᠬᠡᠨ ᠡᠪᠡᠳᠴᠢᠨ ᠲᠡᠢ ᠨᠠᠰᠤᠲᠠᠨ ᠤ᠋ ᠪᠡᠶ᠎ᠡ ᠨᠢ ᠡᠪ  ᠦᠭᠡᠢᠷᠡᠵᠦ ᠂ ᠬᠠᠤᠯᠢ  ᠴᠠᠭᠠᠵᠠ ᠵᠢᠨ  ᠴᠠᠭᠳᠠᠭ᠎ᠠ ᠡᠷᠡᠰ ᠰᠢᠭᠤᠷᠬᠠᠢ  ᠪᠠᠴᠢᠮ ᠠᠷᠭ᠎ᠠ ᠬᠡᠮᠵᠢᠶ᠎ᠡ ᠠᠪᠴᠤ ᠂ ᠵᠠᠭᠠᠯᠳᠤᠭᠳᠠᠭᠴᠢ ᠶ᠋ᠢᠨ ᠰᠡᠳᠭᠢᠯ ᠰᠠᠨᠠᠭ᠎ᠠ ᠵᠢ ᠲᠠᠢᠪᠤᠰᠢᠷᠠᠭᠤᠯᠪᠠ ᠃ ᠰᠢᠭᠦᠯᠲᠡ ᠬᠢᠬᠦ ᠬᠤᠭᠤᠴᠠᠭᠠᠨ ᠳ᠋ᠤ᠌ ᠨᠠᠰᠤᠲᠠᠨ ᠤ᠋ ᠪᠡᠶ᠎ᠡ ᠮᠠᠬᠠᠪᠣᠳ ᠤ᠋ᠨ ᠪᠠᠢᠳᠠᠯ ᠢ᠋ ᠨᠠᠷᠢᠨ ᠨᠢᠮᠪᠠᠢ ᠠᠩᠬᠠᠷᠴᠤ᠂ 5 ᠴᠠᠭ ᠦᠷᠭᠦᠯᠵᠢᠯᠡᠭᠰᠡᠨ ᠲᠢᠩᠬᠢᠮ ᠦ᠋ᠨ ᠰᠢᠭᠦᠯᠲᠡ ᠳᠠᠭᠤᠰᠤᠭᠰᠠᠨ ᠤ᠋ ᠳᠠᠷᠠᠭ᠎ᠠ ᠬᠠᠤᠯᠢ  ᠴᠠᠭᠠᠵᠠ ᠵᠢᠨ  ᠴᠠᠭᠳᠠᠭ᠎ᠠ  ᠨᠠᠰᠤᠲᠠᠨ ᠳ᠋ᠤ ᠬᠠᠨᠢ ᠪᠣᠯᠵᠤ ᠲᠡᠮᠳᠡᠭᠯᠡᠯ ᠬᠢᠯᠭᠡᠭᠰᠡᠨ ᠪᠥᠭᠡᠳ ᠭᠠᠷ ᠤ᠋ᠨ ᠦᠰᠦᠭ ᠵᠢᠷᠤᠵᠤ ᠨᠤᠲᠠᠯᠠᠨ ᠲᠣᠭᠲᠠᠭᠠᠭᠰᠠᠨ ᠤ᠋ ᠳᠠᠷᠠᠭ᠎ᠠ ᠨᠠᠰᠤᠲᠠᠨ ᠢ᠋  ᠭᠡᠷ ᠲᠤ ᠨᠢ ᠬᠦᠷᠭᠡᠭᠰᠡᠨ ᠪᠠᠢᠨ᠎ᠠ᠃
    ᠨᠠᠰᠤᠲᠠᠨ  ᠴᠤ ᠬᠠᠤᠯᠢ ᠴᠠᠭᠠᠵᠠ ᠵᠢᠨ ᠴᠠᠭᠳᠠᠭ᠎ᠠ ᠳ᠋ᠤ ᠭᠦᠨ ᠲᠠᠯᠠᠷᠭᠬᠠᠯ ᠢ᠋ᠢᠡᠨ ᠳᠡᠪᠰᠢᠭᠦᠯᠦᠭᠰᠡᠨ ᠪᠠᠢᠨ᠎ᠠ᠃
    ᠣᠯᠠᠨ ᠲᠦᠮᠡᠨ ᠦ᠌ ᠠᠰᠢᠭ ᠲᠤᠰᠠ ᠳ᠋ᠤ᠌ ᠪᠠᠭ᠎ᠠ ᠶᠠᠪᠤᠳᠠᠯ ᠭᠡᠵᠦ ᠪᠠᠢᠬᠤ ᠦᠭᠡᠢ ᠂ ᠠᠷᠠᠳ ᠤ᠋ᠨ ᠲᠥᠯᠥᠭᠡ ᠦᠢᠯᠡᠴᠢᠯᠡᠬᠦ ᠳ᠋ᠦ᠍ ᠦᠵᠦᠭᠦᠷ ᠬᠢᠵᠠᠭᠠᠷ ᠭᠡᠵᠦ ᠪᠠᠢᠬᠤ ᠦᠭᠡᠢ ᠃ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡ ᠶ᠋ᠢᠨ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠵᠢᠯ ᠢ᠋ ᠥᠷᠨᠢᠭᠦᠯᠦᠭᠰᠡᠨ ᠡᠴᠡ ᠨᠡᠰᠢ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠬᠠᠤᠯᠢ ᠴᠠᠭᠠᠵᠠ ᠶ᠋ᠢᠨ ᠴᠠᠭᠳᠠᠭ᠎ᠠ ᠶ᠋ᠢᠨ ᠰᠠᠯᠪᠤᠷᠢ ᠠᠩᠭᠢ ︽ ᠨᠠᠮ ᠳ᠋ᠠᠭᠠᠨ ᠦᠨᠡᠨᠴᠢ ᠰᠢᠳᠤᠷᠭᠤ ᠂ ᠠᠷᠠᠳ ᠲᠦᠮᠡᠨ ᠳ᠋ᠦ᠍ ᠦᠢᠯᠡᠴᠢᠯᠡᠬᠦ ᠂ ᠬᠠᠤᠯᠢ ᠶ᠋ᠢ ᠲᠥᠪ ᠭᠣᠣᠯᠴᠢ ᠪᠠᠷ ᠬᠡᠷᠡᠭᠵᠢᠭᠦᠯᠬᠦ ᠂ ᠰᠠᠬᠢᠯᠭ᠎ᠠ ᠪᠠᠲᠤ ᠶ᠋ᠢ ᠴᠢᠩᠭ᠎ᠠ ᠰᠠᠬᠢᠬᠤ ︾ ᠠᠷᠪᠠᠨ ᠵᠢᠷᠭᠤᠭᠠᠨ ᠦᠰᠦᠭ ᠦ᠋ᠨ ᠴᠢᠭᠯᠡᠯᠲᠡ ᠶ᠋ᠢ ᠡᠷᠡᠰ ᠬᠡᠷᠡᠭᠵᠢᠭᠦᠯᠵᠦ ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠬᠦ ᠂ ᠬᠠᠤᠯᠢ ᠶ᠋ᠢ ᠴᠢᠩᠭ᠎ᠠ ᠨᠢᠮᠪᠠᠢ ᠬᠡᠷᠡᠭᠵᠢᠭᠦᠯᠬᠦ  ᠪᠠᠭ᠎ᠠ ᠶᠠᠪᠤᠳᠠᠯ ᠤ᠋ᠨ ᠳᠤᠮᠳᠠ ᠪᠦᠬᠦ ᠰᠡᠳᠬᠢᠯ ᠪᠦᠬᠦ ᠵᠣᠷᠢᠭ ᠢ᠋ᠶ᠋ᠠᠷ ᠠᠷᠠᠳ ᠲᠦᠮᠡᠨ ᠳ᠋ᠦ᠍ ᠦᠢᠯᠡᠴᠢᠯᠡᠬᠦ ᠦᠨᠳᠦᠰᠦᠨ ᠵᠣᠷᠢᠯᠲᠠ ᠶ᠋ᠢ ᠦᠢᠯᠡᠳᠦᠯᠭᠡᠵᠢᠭᠦᠯᠪᠡ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )