ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠵᠢᠯ ᠤ᠋ᠨ ᠭᠦᠨᠵᠡᠭᠡᠢᠷᠡᠬᠦ ᠶ᠋ᠢ ᠲᠦᠯᠬᠢᠨ ᠠᠬᠢᠭᠤᠯᠬᠤ ᠶ᠋ᠢᠨ ᠲᠤᠰᠠᠳᠠ 5 ᠰᠠᠷ᠎ᠠ ᠶ᠋ᠢᠨ 17 ᠤ᠋ ᠡᠳᠦᠷ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠰᠢᠭᠦᠭᠴᠢ ᠬᠡᠷᠡᠭ ᠲᠤ ᠴᠢᠭᠯᠡᠭᠦᠯᠦᠨ ᠬᠥᠳᠡᠭᠡ ᠲᠣᠰᠬᠣᠨ ᠳ᠋ᠤ᠌ ᠬᠦᠷᠴᠦ ᠂ ᠣᠯᠠᠨ ᠲᠦᠮᠡᠨ ᠦ᠌ ᠪᠠᠴᠢᠮ ᠶᠠᠭᠠᠷᠠᠯᠲᠠ ᠲᠠᠢ ᠬᠦᠴᠢᠷᠳᠡᠯ ᠲᠡᠢ ᠬᠦᠰᠡᠭᠰᠡᠨ ᠠᠰᠠᠭᠤᠳᠠᠯ ᠢ᠋ ᠦᠨᠡᠨᠬᠦ ᠰᠢᠢᠳᠪᠦᠷᠢᠯᠡᠪᠡ ᠃
ᠡᠵᠡᠨ ᠬᠣᠷᠣᠭ᠎ᠠ ᠬᠤᠰᠢᠭᠤᠨ ᠤ᠋ ᠨᠢᠭᠡᠨ ᠬᠤᠷᠰᠢᠶ᠎ᠠ ᠬᠠᠮᠲᠤ ᠶ᠋ᠢᠨ ᠠᠵᠤ ᠠᠬᠤᠢ ᠶ᠋ᠢᠨ ᠵᠣᠬᠢᠶᠠᠨ ᠪᠠᠢᠭᠤᠯᠤᠯᠲᠠ ᠶ᠋ᠢᠨ ᠪᠦᠷᠢᠯᠳᠦᠬᠦᠨ ᠦ᠌ ᠡᠷᠬᠡ ᠠᠰᠢᠭ ᠲᠤ᠌ ᠬᠠᠯᠳᠠᠭᠰᠠᠨ 11 ᠬᠡᠷᠡᠭ ᠦ᠋ᠨ ᠲᠤᠬᠠᠢ ᠨᠢᠭᠡᠳᠦᠭᠡᠷ ᠰᠢᠭᠦᠯᠲᠡ ᠶ᠋ᠢᠨ ᠰᠢᠭᠦᠨ ᠲᠠᠰᠤᠯᠤᠯᠲᠠ ᠶ᠋ᠢ ᠵᠥᠪᠰᠢᠶᠡᠷᠡᠬᠦ ᠦᠭᠡᠢ ᠡᠴᠡ ᠪᠣᠯᠵᠤ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠳ᠋ᠤ᠌ ᠳᠠᠬᠢᠨ ᠰᠢᠭᠦᠯᠭᠡᠬᠦ ᠪᠡᠷ ᠭᠤᠶᠤᠴᠢᠯᠠᠯ ᠭᠠᠷᠭᠠᠪᠠ ᠃ ᠳᠡᠭᠡᠷ᠎ᠡ ᠳᠤᠷᠠᠳᠤᠭᠰᠠᠨ ᠬᠡᠷᠡᠭ ᠪᠣᠯ ᠣᠯᠠᠨ ᠲᠦᠮᠡᠨ ᠲᠠᠢ ᠬᠣᠯᠪᠣᠭᠳᠠᠭᠰᠠᠨ ᠬᠡᠷᠡᠭ ᠨᠢ ᠨᠡᠢᠭᠡᠮ ᠦ᠋ᠨ ᠬᠠᠮᠲᠤ ᠶ᠋ᠢᠨ ᠥᠮᠴᠢᠯᠡᠯ ᠦ᠋ᠨ ᠨᠡᠭᠦᠯᠭᠡᠬᠦ ᠡᠷᠦᠬᠡ ᠶ᠋ᠢᠨ ᠲᠤᠰ ᠪᠡᠶ᠎ᠡ ᠶ᠋ᠢᠨ ᠠᠰᠢᠭ ᠲᠤᠰᠠ ᠲᠠᠢ ᠬᠣᠯᠪᠣᠭᠳᠠᠵᠤ ᠂ ᠵᠣᠬᠢᠰ ᠥᠬᠡᠢ ᠰᠢᠢᠳᠪᠦᠷᠢᠯᠡᠬᠦ ᠨᠢ ᠣᠯᠠᠨ ᠲᠦᠮᠡᠨ ᠦ᠌ ᠡᠰᠡᠷᠭᠦᠴᠡᠯ ᠢ᠋ ᠡᠭᠦᠰᠬᠡᠵᠦ ᠮᠡᠳᠡᠨ᠎ᠡ ᠃ ᠬᠡᠷᠡᠭ ᠶᠠᠪᠤᠳᠠᠯ ᠤ᠋ᠨ ᠪᠠᠢᠳᠠᠯ ᠢ᠋ ᠭᠦᠨᠵᠡᠭᠡᠢ ᠣᠢᠯᠠᠭᠠᠵᠤ ᠵᠥᠷᠢᠴᠡᠯ ᠢ᠋ ᠵᠣᠬᠢᠰᠲᠠᠢ ᠰᠢᠢᠳᠪᠦᠷᠢᠯᠡᠬᠦ ᠶ᠋ᠢᠨ ᠲᠥᠯᠥᠭᠡ ᠲᠤᠰ ᠲᠥᠷᠥᠯ ᠦ᠋ᠨ ᠬᠡᠷᠡᠭ ᠢ᠋ ᠳᠠᠭᠠᠭᠠᠨ ᠰᠢᠢᠳᠪᠦᠷᠢᠯᠡᠬᠦ ᠰᠢᠭᠦᠭᠴᠢ ᠬᠡᠷᠡᠭ ᠲᠦ᠍ ᠬᠣᠯᠪᠣᠭᠳᠠᠭᠰᠠᠨ ᠲᠣᠰᠬᠣᠨ ᠤ᠋ ᠠᠷᠠᠳ ᠤ᠋ᠨ ᠪᠠᠢᠭ᠎ᠠ ᠭᠠᠵᠠᠷ ᠤ᠋ᠨ ᠲᠣᠰᠣᠨ ᠤ᠋ ᠹᠠᠩ ᠬᠣᠣ ᠬᠤᠷᠰᠢᠶ᠎ᠠ ᠳ᠋ᠤ᠌ ᠬᠦᠷᠴᠦ ᠭᠡᠷᠡᠴᠢᠯᠡᠯᠲᠡ ᠰᠣᠨᠣᠰᠬᠤ ᠬᠤᠷᠠᠯ ᠬᠢᠵᠦ ᠂ ᠬᠣᠶᠠᠷ ᠲᠠᠯ᠎ᠠ ᠶ᠋ᠢᠨ ᠲᠤᠬᠠᠢ ᠶ᠋ᠢᠨ ᠬᠥᠮᠦᠨ ᠦ᠌ ᠰᠠᠨᠠᠯ ᠢ᠋ ᠨᠠᠷᠢᠨ ᠰᠣᠨᠣᠰᠴᠠᠢ ᠃
ᠭᠡᠷᠡᠴᠢᠯᠡᠯᠲᠡ ᠰᠣᠨᠣᠰᠬᠤ ᠬᠤᠷᠠᠯ ᠳᠠᠭᠤᠰᠤᠭᠰᠠᠨ ᠦ᠌ ᠳᠠᠷᠠᠭ᠎ᠠ ᠂ ᠳᠠᠭᠠᠭᠠᠨ ᠰᠢᠢᠳᠪᠦᠷᠢᠯᠡᠬᠦ ᠰᠢᠭᠦᠭᠴᠢ ᠪᠣᠯᠤᠨ ᠲᠣᠰᠬᠣᠨ ᠤ᠋ ᠠᠷᠠᠳ ᠭᠦᠨᠵᠡᠭᠡᠢ ᠬᠠᠷᠢᠯᠴᠠᠵᠤ ᠂ ᠬᠡᠷᠡᠭ ᠡᠭᠦᠰᠦᠭᠰᠡᠨ ᠲᠡᠦᠬᠡ ᠶ᠋ᠢᠨ ᠰᠢᠯᠲᠠᠭᠠᠨ ᠵᠢᠴᠢ ᠦᠷᠭᠦᠯᠵᠢᠯᠡᠭᠰᠡᠨ ᠳᠠᠯᠳᠠ ᠭᠡᠮ ᠢ᠋ ᠤᠯᠠᠮ ᠨᠢᠭᠡ ᠠᠯᠬᠤᠮ ᠣᠢᠯᠠᠭᠠᠪᠠ ᠃ ᠳᠠᠷᠠᠭ᠎ᠠ ᠨᠢ ᠲᠤᠰ ᠬᠡᠷᠡᠭ ᠦ᠋ᠨ ᠬᠠᠤᠯᠢ ᠴᠠᠭᠠᠵᠠ ᠶ᠋ᠢᠨ ᠬᠠᠷᠢᠴᠠᠭ᠎ᠠ ᠵᠡᠷᠭᠡ ᠬᠠᠮᠢᠶ᠎ᠠ ᠪᠦᠬᠦᠢ ᠠᠰᠠᠭᠤᠳᠠᠯ ᠤ᠋ᠨ ᠲᠤᠬᠠᠢ ᠲᠣᠰᠬᠣᠨ ᠤ᠋ ᠠᠷᠠᠳ ᠲᠤ᠌ ᠨᠠᠷᠢᠨ ᠲᠠᠢᠯᠪᠤᠷᠢᠯᠠᠯᠲᠠ ᠬᠢᠭᠰᠡᠨ ᠦ᠌ ᠬᠠᠮᠲᠤ ᠬᠡᠷᠡᠭ ᠲᠦ᠍ ᠬᠣᠯᠪᠣᠭᠳᠠᠭᠰᠠᠨ ᠬᠠᠤᠯᠢ ᠴᠠᠭᠠᠵᠠ ᠶ᠋ᠢᠨ ᠲᠣᠭᠲᠠᠭᠠᠯ ᠢ᠋ ᠲᠠᠢᠯᠪᠤᠷᠢᠯᠠᠪᠠ ᠃ ᠲᠣᠰᠬᠣᠨ ᠤ᠋ ᠠᠷᠠᠳ ᠰᠢᠭᠦᠬᠦ ᠬᠣᠷᠢᠶᠠᠨ ᠤ᠋ ᠥᠩᠭᠡᠷᠡᠭᠰᠡᠨ ᠦ᠌ ᠲᠢᠩᠬᠢᠮ ᠳ᠋ᠦ᠍ ᠰᠠᠭᠤᠵᠤ ᠬᠡᠷᠡᠭ ᠰᠢᠢᠳᠪᠦᠷᠢᠯᠡᠬᠦ ᠠᠷᠭ᠎ᠠ ᠶ᠋ᠢ ᠬᠤᠪᠢᠷᠠᠭᠤᠯᠤᠭᠰᠠᠨ ᠢ᠋ ᠰᠠᠨᠠᠭᠠᠴᠢᠯᠠᠭ᠎ᠠ ᠠ᠋ᠴᠠ ᠪᠠᠨ ᠭᠡᠷ ᠲᠦ᠍ ᠨᠢ ᠬᠦᠷᠴᠦ ᠬᠡᠷᠡᠭ ᠦ᠋ᠨ ᠪᠠᠢᠳᠠᠯ ᠢ᠋ ᠣᠢᠯᠠᠭᠠᠬᠤ ᠠᠵᠢᠯ ᠤ᠋ᠨ ᠠᠷᠭ᠎ᠠ ᠬᠡᠯᠪᠡᠷᠢ ᠶ᠋ᠢ ᠨᠤᠲᠠᠯᠠᠭᠰᠠᠨ ᠪᠠᠢᠨ᠎ᠠ ᠃
ᠳᠠᠷᠠᠭᠠᠴᠢ ᠶ᠋ᠢᠨ ᠠᠯᠬᠤᠮ ᠳ᠋ᠤ᠌ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠴᠢᠳᠠᠮᠠᠭᠠᠢ ᠪᠠᠷ ᠬᠠᠤᠯᠢ ᠪᠠᠷᠢᠬᠤ ᠶ᠋ᠢ ᠦᠷᠭᠦᠯᠵᠢᠯᠡᠨ ᠪᠠᠷᠢᠮᠲᠠᠯᠠᠵᠤ ᠂ ᠬᠡᠷᠡᠭ ᠦ᠋ᠨ ᠴᠢᠨᠠᠷ ᠦᠷ᠎ᠡ ᠪᠦᠲᠦᠮᠵᠢ ᠶ᠋ᠢ ᠬᠦᠴᠦᠲᠡᠢ ᠠᠳᠬᠤᠭᠰᠠᠨ ᠠ᠋ᠴᠠ ᠰᠤᠷᠤᠯᠴᠠᠬᠤ ᠰᠤᠷᠭᠠᠨ ᠬᠥᠮᠦᠵᠢᠯ ᠦ᠋ᠨ ᠦᠷ᠎ᠡ ᠪᠦᠲᠦᠭᠡᠯ ᠢ᠋ ᠠᠷᠠᠳ ᠤ᠋ᠨ ᠲᠥᠯᠥᠭᠡ ᠬᠠᠤᠯᠢ ᠪᠠᠷᠢᠬᠤ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ ᠂ ᠣᠯᠠᠨ ᠲᠦᠮᠡᠨ ᠦ᠌ ᠬᠦᠴᠢᠷ ᠵᠣᠪᠠᠯᠠᠩ ᠢ᠋ ᠰᠢᠢᠳᠪᠦᠷᠢᠯᠡᠵᠦ ᠶᠢᠨ ᠬᠠᠮᠲᠤ ᠰᠢᠭᠦᠬᠦ ᠬᠣᠷᠢᠶᠠᠨ ᠤ᠋ ᠡᠩᠨᠡᠭᠡᠨ ᠦ᠌ ᠰᠢᠨ᠎ᠡ ᠬᠤᠪᠢᠷᠠᠯᠲᠠ ᠂ ᠰᠢᠨ᠎ᠡ ᠪᠠᠢᠳᠠᠯ ᠢ᠋ ᠣᠯᠠᠨ ᠲᠦᠮᠡᠨ ᠳ᠋ᠦ᠍ ᠭᠦᠨᠵᠡᠭᠡᠢ ᠣᠢᠯᠠᠭᠠᠭᠤᠯᠪᠠ ᠃
ᠦᠨᠡᠯᠡᠬᠦ 0ᠦᠨᠡᠯᠡᠯᠲᠡ ᠲᠠᠢ