ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠢᠷᠭᠡᠨ ᠦ᠌ ᠬᠡᠷᠡᠭ ᠦ᠋ᠨ ᠰᠢᠭᠦᠨ ᠲᠠᠰᠤᠯᠤᠯᠲᠠ ᠶ᠋ᠢᠨ ᠬᠣᠶᠠᠳᠤᠭᠠᠷ ᠲᠢᠩᠬᠢᠮ ᠬᠠᠮᠲᠤᠷᠠᠭᠰᠠᠨ ᠣᠷᠳᠣᠰ ᠬᠣᠲᠠ ᠶ᠋ᠢᠨ ᠳᠤᠮᠳᠠ ᠪᠠᠭ᠎ᠠ ᠠᠵᠤ ᠠᠬᠤᠢᠯᠠᠯ ᠤ᠋ᠨ ᠬᠣᠯᠪᠣᠭᠠᠲᠤ ᠬᠤᠷᠠᠯ ᠂ ᠣᠷᠳᠣᠰ ᠬᠣᠲᠠ ᠶ᠋ᠢᠨ ᠳᠤᠮᠳᠠ ᠪᠠᠭ᠎ᠠ ᠠᠵᠤ ᠠᠬᠤᠢᠯᠠᠯ ᠤ᠋ᠨ ᠣᠯᠠᠨ ᠨᠡᠢᠲᠡ ᠶ᠋ᠢᠨ ᠦᠢᠯᠡᠴᠢᠯᠡᠭᠡᠨ ᠦ᠌ ᠲᠠᠪᠴᠠᠩ ᠬᠢᠶ᠎ᠡ ᠪᠠᠭᠰᠢ ᠲᠣᠭᠣᠷᠢᠭ ᠲᠤ᠌ 《 ᠠᠵᠤ ᠠᠬᠤᠢᠯᠠᠯ ᠳ᠋ᠤ᠌ ᠬᠠᠤᠯᠢ ᠬᠦᠷᠭᠡᠵᠦ ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠰᠢᠯᠢᠳᠡᠭᠵᠢᠭᠦᠯᠬᠦ》 ᠭᠣᠣᠯ ᠰᠡᠳᠦᠪᠲᠦ ᠶᠠᠷᠢᠯᠴᠠᠬᠤ ᠬᠤᠷᠠᠯ ᠡᠷᠬᠢᠯᠡᠪᠡ ᠃ ᠠᠵᠤ ᠠᠬᠤᠢᠯᠠᠯ ᠤ᠋ᠨ ᠲᠥᠯᠥᠭᠡᠯᠡᠭᠴᠢ ᠂ ᠲᠠᠪᠴᠠᠩ ᠤ᠋ᠨ ᠬᠠᠷᠢᠭᠤᠴᠠᠯᠭᠠᠲᠠᠳ ᠵᠡᠷᠭᠡ 16 ᠬᠥᠮᠦᠨ ᠬᠤᠷᠠᠯ ᠳ᠋ᠤ᠌ ᠣᠷᠣᠯᠴᠠᠵᠠᠢ ᠃
ᠬᠤᠷᠠᠯ ᠳ᠋ᠤ᠌ ᠣᠷᠣᠯᠴᠠᠭᠰᠠᠨ ᠠᠵᠤ ᠠᠬᠤᠢᠯᠠᠯ ᠤ᠋ᠨ ᠬᠥᠳᠡᠯᠮᠦᠷᠢᠴᠢᠨ ᠬᠥᠷᠥᠩᠭᠡᠲᠡᠨ ᠦ᠌ ᠵᠢᠭᠤᠷᠠᠯᠳᠤᠭᠠᠨ ᠂ ᠠᠵᠤ ᠠᠬᠤᠢᠯᠠᠯ ᠤ᠋ᠨ ᠡᠵᠡᠩᠨᠡᠯᠲᠡ ᠶ᠋ᠢᠨ ᠳᠤᠮᠳᠠ ᠲᠣᠬᠢᠶᠠᠯᠳᠤᠭᠰᠠᠨ ᠠᠰᠠᠭᠤᠳᠠᠯ ᠂ ᠠᠵᠤ ᠠᠬᠤᠢᠯᠠᠯ ᠤ᠋ᠨ ᠵᠢᠭᠡᠯᠡᠯᠭᠡ ᠵᠡᠷᠭᠡ ᠬᠠᠤᠯᠢ ᠴᠠᠭᠠᠵᠠ ᠶ᠋ᠢᠨ ᠠᠰᠠᠭᠤᠳᠠᠯ ᠳ᠋ᠤ᠌ ᠠᠰᠠᠭᠤᠯᠲᠠ ᠲᠠᠯᠪᠢᠪᠠ ᠃ ᠬᠤᠷᠠᠯ ᠳ᠋ᠤ᠌ ᠣᠷᠣᠯᠴᠠᠭᠰᠠᠨ ᠠᠵᠤ ᠠᠬᠤᠢᠯᠠᠯ ᠶᠠᠷᠢᠯᠴᠠᠯᠭ᠎ᠠ ᠪᠠᠷ ᠳᠠᠮᠵᠢᠨ ᠰᠢᠭᠦᠬᠦ ᠬᠣᠷᠢᠶᠠᠨ ᠤ᠋ ᠠᠵᠢᠯ ᠢ᠋ ᠤᠯᠠᠮ ᠨᠢᠭᠡ ᠠᠯᠬᠤᠮ ᠣᠢᠯᠠᠭᠠᠬᠤ ᠪᠠ ᠮᠡᠳᠡᠷᠡᠬᠦ ᠲᠤᠬᠠᠢ᠂ ᠬᠣᠢᠰᠢᠳᠠ ᠬᠡᠷᠬᠢᠨ ᠬᠠᠤᠯᠢ ᠶ᠋ᠢ ᠮᠡᠳᠡᠬᠦ ᠂ ᠬᠠᠤᠯᠢ ᠶ᠋ᠢ ᠣᠢᠯᠠᠭᠠᠬᠤ ᠂ ᠬᠠᠤᠯᠢ ᠶ᠋ᠢ ᠰᠠᠬᠢᠬᠤ ᠶᠠᠷᠢᠯᠴᠠᠬᠤ ᠬᠤᠷᠠᠯ ᠢ᠋ ᠦᠷᠭᠦᠯᠵᠢ ᠬᠢᠬᠦ ᠶ᠋ᠢ ᠨᠡᠩ ᠴᠢᠨᠠᠭᠰᠢᠳᠠ ᠣᠢᠯᠠᠭᠠᠬᠤ ᠶ᠋ᠢ ᠬᠦᠰᠡᠵᠦ ᠪᠠᠢᠨ᠎ᠠ ᠃
ᠳᠠᠷᠠᠭᠠᠴᠢ ᠶ᠋ᠢᠨ ᠠᠯᠬᠤᠮ ᠳ᠋ᠤ᠌᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠥᠩᠭᠡᠷᠡᠭᠰᠡᠨ ᠲᠡᠢ ᠪᠡᠨ ᠠᠳᠠᠯᠢ ᠪᠠᠷ ᠠᠵᠤ ᠠᠬᠤᠢᠯᠠᠯ ᠤ᠋ᠨ ᠬᠥᠭᠵᠢᠯᠲᠡ ᠶ᠋ᠢ ᠬᠠᠯᠠᠮᠵᠢᠯᠠᠨ ᠳᠠᠮᠵᠢᠵᠤ ᠂ ᠴᠢᠷᠮᠠᠢᠨ ᠠᠵᠤ ᠠᠬᠤᠢᠯᠠᠯ ᠳ᠋ᠤ᠌ ᠨᠡᠩ ᠣᠨᠣᠪᠴᠢᠲᠠᠢ ᠬᠠᠤᠯᠢ ᠴᠠᠭᠠᠵᠠ ᠶ᠋ᠢᠨ ᠦᠢᠯᠡᠴᠢᠯᠡᠭᠡ ᠬᠠᠩᠭᠠᠵᠤ ᠂ ᠡᠩᠨᠡᠭᠡᠨ ᠦ᠌ ᠰᠤᠷᠭᠠᠨ ᠬᠥᠮᠦᠵᠢᠯ ᠢ᠋ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ᠋ᠶ᠋ᠡᠨ ᠬᠠᠤᠯᠢ ᠴᠠᠭᠠᠵᠠ ᠠᠷᠠᠳ ᠤ᠋ᠨ ᠲᠥᠯᠥᠭᠡ ᠪᠠᠢᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ ᠂ ᠠᠷᠠᠳ ᠣᠯᠠᠨ ᠤ᠋ 《 ᠬᠦᠴᠢᠷ ᠵᠣᠪᠠᠭᠤᠷᠢ ᠶ᠋ᠢᠨ 》 ᠠᠰᠠᠭᠤᠳᠠᠯ ᠢ᠋ ᠬᠦᠴᠦᠯᠡᠨ ᠰᠢᠢᠳᠪᠦᠷᠢᠯᠡᠨ᠎ᠡ ᠃
ᠦᠨᠡᠯᠡᠬᠦ 0ᠦᠨᠡᠯᠡᠯᠲᠡ᠎ᠲᠠᠢ