ᠥᠷᠭᠡᠨ ᠣᠯᠠᠨ ᠺᠠᠲᠠᠷ ᠴᠠᠭᠳᠠᠭ᠎ᠠ ᠶ᠋ᠢ ᠬᠥᠮᠦᠵᠢᠭᠦᠯᠦᠨ ᠵᠢᠯᠣᠭᠣᠳᠴᠤ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠴᠣᠭᠴᠠ ᠶ᠋ᠢᠨ ᠦᠵᠡᠯ ᠤᠬᠠᠮᠰᠠᠷ ᠢ᠋ ᠤᠯᠠᠮ ᠨᠢᠭᠡ ᠠᠯᠬᠤᠮ ᠪᠠᠲᠤ ᠪᠡᠬᠢ ᠪᠣᠯᠭᠠᠵᠤ ᠂ ᠶᠡᠷᠦᠩᠬᠡᠢ ᠱᠦᠵᠢ ᠰᠢ ᠵᠢᠨ ᠫᠢᠩ ᠦ᠋ᠨ ᠤᠯᠤᠰ ᠲᠥᠷᠥ ᠬᠠᠤᠯᠢ ᠴᠠᠭᠠᠵᠠ ᠶ᠋ᠢᠨ ᠠᠵᠢᠯ ᠤ᠋ᠨ ᠲᠤᠬᠠᠢ ᠴᠢᠬᠤᠯᠠ ᠥᠭᠦᠯᠡᠯᠲᠡ ᠶ᠋ᠢ ᠤᠯᠠᠮ ᠨᠢᠭᠡ ᠠᠯᠬᠤᠮ ᠭᠦᠨᠵᠡᠭᠡᠢ ᠰᠤᠷᠤᠯᠴᠠᠭᠤᠯᠬᠤ ᠶ᠋ᠢᠨ ᠲᠥᠯᠥᠭᠡ ᠂ 5 ᠰᠠᠷ᠎ᠠ ᠶ᠋ᠢᠨ 31 ᠦ᠌ ᠡᠳᠦᠷ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠡᠩᠨᠡᠭᠡ ᠶ᠋ᠢᠨ ᠰᠤᠷᠭᠠᠨ ᠬᠥᠮᠦᠵᠢᠯ ᠢ᠋ ᠴᠡᠭᠴᠡᠯᠡᠬᠦ ᠤᠯᠤᠰ ᠲᠥᠷᠥ ᠶ᠋ᠢᠨ ᠡᠭᠡᠯᠵᠢᠯᠡᠨ ᠪᠣᠯᠪᠠᠰᠤᠷᠠᠭᠤᠯᠬᠤ ᠠᠩᠭᠢ ᠶ᠋ᠢ ᠡᠷᠬᠢᠯᠡᠵᠦ ᠂ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠶ᠋ᠢᠨ ᠪᠦᠬᠦ ᠺᠠᠲᠠᠷ ᠴᠠᠭᠳᠠᠭ᠎ᠠ ᠪᠣᠯᠪᠠᠰᠤᠷᠠᠯ ᠳ᠋ᠤ᠌ ᠣᠷᠣᠯᠴᠠᠪᠠ ᠃
ᠡᠨᠡ ᠤᠳᠠᠭ᠎ᠠ ᠤᠯᠤᠰ ᠲᠥᠷᠥ ᠶ᠋ᠢᠨ ᠡᠭᠡᠯᠵᠢᠯᠡᠨ ᠪᠣᠯᠪᠠᠰᠤᠷᠠᠭᠤᠯᠬᠤ ᠳ᠋ᠠᠭᠠᠨ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠣᠷᠳᠣᠰ ᠬᠣᠲᠠ ᠶ᠋ᠢᠨ ᠨᠠᠮ ᠤ᠋ᠨ ᠰᠤᠷᠭᠠᠭᠤᠯᠢ ᠶ᠋ᠢᠨ ᠤᠯᠤᠰ ᠲᠥᠷᠥ ᠪᠠ ᠬᠠᠤᠯᠢ ᠶ᠋ᠢᠨ ᠤᠬᠠᠭᠠᠨ ᠤ᠋ ᠵᠢᠭᠠᠨ ᠰᠤᠳᠤᠯᠬᠤ ᠬᠡᠯᠲᠡᠰ ᠦ᠋ᠨ ᠡᠷᠬᠢᠯᠡᠭᠴᠢ ᠯᠢᠦ ᠵᠢᠶᠦ᠋ᠨ ᠰᠢᠶᠦ᠋ᠨ ᠢ᠋ ᠤᠷᠢᠵᠤ 《ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠴᠣᠭᠴᠠ ᠶ᠋ᠢᠨ ᠦᠵᠡᠯ ᠤᠬᠠᠮᠰᠠᠷ ᠢ᠋ ᠪᠠᠲᠤ ᠴᠣᠭᠴᠠᠯᠠᠶ᠎ᠠ》 ᠵᠢᠴᠢ 《 ᠶᠡᠷᠦᠩᠬᠡᠢ ᠱᠦᠵᠢ ᠰᠢ ᠵᠢᠨ ᠫᠢᠩ ᠦ᠋ᠨ ᠤᠯᠤᠰ ᠲᠥᠷᠥ ᠬᠠᠤᠯᠢ ᠴᠠᠭᠠᠵᠠ ᠶ᠋ᠢᠨ ᠠᠵᠢᠯ ᠤ᠋ᠨ ᠲᠤᠬᠠᠢ ᠴᠢᠬᠤᠯᠠ ᠥᠭᠦᠯᠡᠮᠵᠢ》 ᠶ᠋ᠢᠨ ᠲᠤᠬᠠᠢ ᠲᠤᠰᠬᠠᠢ ᠰᠡᠳᠦᠪᠲᠦ ᠲᠠᠢᠯᠤᠮᠵᠢ ᠬᠢᠵᠡᠢ᠃ ᠳᠡᠳ᠋ ᠫᠷᠣᠹᠧᠰᠰᠣᠷ ᠯᠢᠦ ᠵᠢᠶᠦ᠋ᠨ ᠰᠢᠶᠠᠩ ᠠᠮᠢᠳᠤ ᠳᠦᠷᠰᠦᠯᠢᠭ ᠦᠭᠡ ᠬᠡᠯᠡ ᠂ ᠨᠡᠪᠲᠡ ᠵᠠᠳᠠᠯᠤᠨ ᠰᠢᠨᠵᠢᠯᠡᠭᠰᠡᠨ ᠢ᠋ᠶ᠋ᠠᠷ ᠂ ᠳᠤᠮᠳᠠᠳᠤ ᠶ᠋ᠢᠨ ᠦᠨᠳᠦᠰᠦᠲᠡᠨ ᠦ᠌ ᠠᠭᠤᠤ ᠶᠡᠬᠡ ᠰᠡᠷᠭᠦᠨ ᠮᠠᠨᠳᠤᠯᠲᠠ ᠶ᠋ᠢ ᠪᠡᠶᠡᠯᠡᠭᠦᠯᠬᠦ ᠳᠡᠭᠡᠳᠦ ᠬᠡᠮᠵᠢᠶᠡᠨ ᠡᠴᠡ ᠂ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠴᠣᠭᠴᠠ ᠪᠣᠯ ᠬᠤᠪᠢ ᠬᠥᠮᠦᠨ ᠦ᠌ ᠠᠰᠢᠭ ᠲᠤᠰᠠ ᠂ ᠦᠨᠳᠦᠰᠦᠲᠡᠨ ᠦ᠌ ᠠᠰᠢᠭ ᠲᠤᠰᠠ ᠂ ᠤᠯᠤᠰ ᠣᠷᠣᠨ ᠤ᠋ ᠠᠰᠢᠭ ᠲᠤᠰᠠ ᠭᠤᠷᠪᠠ ᠶ᠋ᠢᠨ ᠳᠡᠭᠡᠳᠦ ᠬᠡᠮᠵᠢᠶ᠎ᠡ ᠪᠡᠷ ᠨᠢᠭᠡᠳᠦᠯᠲᠡᠢ ᠤᠯᠤᠰ ᠲᠥᠷᠥ ᠶ᠋ᠢᠨ ᠬᠠᠮᠲᠤ ᠶ᠋ᠢᠨ ᠴᠣᠭᠴᠠ ᠂ ᠰᠣᠶᠣᠯ ᠤ᠋ᠨ ᠬᠠᠮᠲᠤ ᠶ᠋ᠢᠨ ᠴᠣᠭᠴᠠ ᠂ ᠠᠰᠢᠭ ᠲᠤᠰᠠ ᠶ᠋ᠢᠨ ᠬᠠᠮᠲᠤ ᠶ᠋ᠢᠨ ᠴᠣᠭᠴᠠ ᠪᠣᠯᠬᠤ ᠶ᠋ᠢ ᠲᠠᠢᠯᠪᠤᠷᠢᠯᠠᠵᠠᠢ ᠃ ᠶᠡᠷᠦᠩᠬᠡᠢ ᠱᠦᠵᠢ ᠰᠢ ᠵᠢᠨ ᠫᠢᠩ ᠦ᠋ᠨ ᠤᠯᠤᠰ ᠲᠥᠷᠥ ᠬᠠᠤᠯᠢ ᠴᠠᠭᠠᠵᠠ ᠶ᠋ᠢᠨ ᠠᠵᠢᠯ ᠤ᠋ᠨ ᠲᠤᠬᠠᠢ ᠴᠢᠬᠤᠯᠠ ᠥᠭᠦᠯᠡᠯᠲᠡ ᠶ᠋ᠢ ᠪᠥᠬᠥ ᠲᠠᠯ᠎ᠠ ᠪᠠᠷ ᠰᠢᠰᠲ᠋ᠧᠮ ᠲᠡᠢ ᠰᠤᠷᠤᠯᠴᠠᠵᠠᠢ ᠃
ᠲᠤᠰ ᠤᠳᠠᠭᠠᠨ ᠤ᠋ ᠤᠯᠤᠰ ᠲᠥᠷᠥ ᠶ᠋ᠢᠨ ᠡᠭᠡᠯᠵᠢᠯᠡᠨ ᠪᠣᠯᠪᠠᠰᠤᠷᠠᠯ ᠢ᠋ᠶ᠋ᠠᠷ ᠳᠠᠮᠵᠢᠨ ᠪᠦᠬᠦ ᠺᠠᠲᠠᠷ ᠴᠠᠭᠳᠠᠭ᠎ᠠ ᠣᠨᠣᠯ ᠤ᠋ᠨ ᠮᠡᠳᠡᠯᠭᠡ ᠶ᠋ᠢ ᠪᠠᠶᠠᠯᠢᠭᠵᠢᠭᠤᠯᠵᠤ ᠂ ᠤᠯᠤᠰ ᠲᠥᠷᠥ ᠶ᠋ᠢᠨ ᠬᠡᠪ ᠪᠣᠯᠪᠠᠰᠤᠷᠠᠯ ᠢ᠋ ᠳᠡᠭᠡᠭᠰᠢᠯᠡᠭᠦᠯᠦᠨ᠎ᠡ᠃ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠴᠣᠭᠴᠠ ᠶ᠋ᠢᠨ ᠦᠵᠡᠯ ᠤᠬᠠᠮᠰᠠᠷ ᠢ᠋ ᠤᠯᠠᠮ ᠨᠢᠭᠡ ᠠᠯᠬᠤᠮ ᠪᠠᠲᠤᠳᠬᠠᠵᠤ ᠂ ᠶᠡᠷᠦᠩᠬᠡᠢ ᠱᠦᠵᠢ ᠰᠢ ᠵᠢᠨ ᠫᠢᠩ ᠦ᠋ᠨ ᠤᠯᠤᠰ ᠲᠥᠷᠥ ᠬᠠᠤᠯᠢ ᠴᠠᠭᠠᠵᠠ ᠶ᠋ᠢᠨ ᠠᠵᠢᠯ ᠤ᠋ᠨ ᠲᠤᠬᠠᠢ ᠴᠢᠬᠤᠯᠠ ᠥᠭᠦᠯᠡᠯᠲᠡ ᠶ᠋ᠢ ᠦᠷᠭᠦᠯᠵᠢᠯᠡᠨ ᠭᠦᠨᠵᠡᠭᠡᠢ ᠰᠤᠷᠤᠯᠴᠠᠵᠤ ᠂ ᠡᠩᠨᠡᠭᠡᠨ ᠦ᠌ ᠰᠤᠷᠭᠠᠨ ᠬᠥᠮᠦᠵᠢᠯ ᠢ᠋ ᠴᠡᠭᠴᠡᠯᠡᠬᠦ ᠡᠯ᠎ᠡ ᠲᠥᠷᠥᠯ ᠦ᠋ᠨ ᠠᠵᠢᠯ ᠢ᠋ ᠨᠡᠩ ᠰᠠᠢᠨ ᠬᠢᠵᠦ ᠂ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠦᠷ᠎ᠡ ᠪᠦᠲᠦᠮᠵᠢ ᠶ᠋ᠢ ᠬᠠᠤᠯᠢ ᠴᠠᠭᠠᠵᠠ ᠪᠣᠯᠭᠠᠨ ᠬᠤᠪᠢᠷᠠᠭᠤᠯᠤᠨ᠎ᠠ ᠃
ᠦᠨᠡᠯᠡᠬᠦ 0ᠦᠨᠡᠯᠡᠯᠲᠡ᠎ᠲᠠᠢ