ᠪᠦᠬᠦ ᠤᠯᠤᠰ ᠤ᠋ᠨ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡ ᠶ᠋ᠢᠨ ᠰᠤᠷᠭᠠᠨ ᠬᠥᠮᠦᠵᠢᠯ ᠢ᠋ ᠴᠡᠭᠴᠡᠯᠡᠬᠦ ᠠᠵᠢᠯ ᠢ᠋ ᠨᠠᠷᠢᠨ ᠬᠢᠨᠠᠮᠠᠭᠠᠢ ᠰᠠᠢᠲᠤᠷ ᠬᠢᠬᠦ ᠶ᠋ᠢᠨ ᠲᠥᠯᠥᠭᠡ ᠲᠥᠪ ᠦ᠋ᠨ ᠳᠥᠷᠪᠡᠳᠦᠭᠡᠷ ᠬᠢᠨᠠᠨ ᠵᠢᠯᠣᠭᠣᠳᠬᠤ ᠳᠤᠭᠤᠢᠯᠠᠩ ᠣᠷᠳᠣᠰ ᠬᠣᠲᠠ ᠳ᠋ᠤ᠌ ᠭᠦᠨᠵᠡᠭᠡᠢᠷᠡᠵᠦ ᠬᠢᠨᠠᠨ ᠵᠢᠯᠣᠭᠣᠳᠴᠤ ᠬᠠᠷᠢᠭᠤ ᠲᠤᠰᠬᠠᠬᠤ ᠴᠡᠭᠴᠡᠯᠡᠨ ᠰᠠᠢᠵᠢᠷᠠᠭᠤᠯᠬᠤ ᠠᠵᠢᠯ ᠢ᠋ ᠦᠷᠭᠦᠯᠵᠢᠯᠡᠨ ᠬᠦᠴᠦᠲᠡᠢ ᠪᠠᠢᠴᠠᠭᠠᠨ ᠵᠠᠯᠠᠷᠠᠭᠤᠯᠵᠤ ᠴᠡᠭᠴᠡᠯᠡᠨ ᠰᠠᠢᠵᠢᠷᠠᠭᠤᠯᠬᠤ ᠠᠵᠢᠯ ᠢ᠋ ᠪᠥᠬᠥ ᠬᠦᠴᠦᠨ ᠢ᠋ᠶ᠋ᠡᠷ ᠲᠦᠯᠬᠢᠨ ᠠᠬᠢᠭᠤᠯᠵᠤ ᠂ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠵᠢᠯ ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ ᠶ᠋ᠢ ᠭᠦᠨᠵᠡᠭᠡᠢ ᠲᠦᠯᠬᠢᠨ ᠠᠬᠢᠭᠤᠯᠬᠤ ᠶ᠋ᠢᠨ ᠲᠥᠯᠥᠭᠡ 5 ᠰᠠᠷ᠎ᠠ ᠶ᠋ᠢᠨ 31 ᠦ᠌ ᠡᠳᠦᠷ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠣᠨᠣᠯ ᠰᠤᠷᠤᠯᠴᠠᠬᠤ ᠭᠣᠣᠯ ᠳᠤᠭᠤᠢᠯᠠᠩ ᠵᠠᠰᠠᠨ ᠴᠡᠭᠴᠡᠯᠡᠬᠦ ᠲᠥᠪ ᠦ᠋ᠨ ᠬᠢᠨᠠᠨ ᠵᠢᠯᠣᠭᠣᠳᠬᠤ ᠳᠤᠭᠤᠢᠯᠠᠩ ᠤ᠋ᠨ ᠲᠤᠰᠬᠠᠭᠰᠠᠨ ᠠᠰᠠᠭᠤᠳᠠᠯ ᠢ᠋ ᠴᠡᠭᠴᠡᠯᠡᠨ ᠵᠠᠰᠠᠵᠤ ᠨᠠᠢᠳᠠᠪᠤᠷᠢᠵᠢᠭᠤᠯᠬᠤ ᠠᠵᠢᠯ ᠢ᠋ ᠬᠤᠷᠠᠯᠳᠤᠭᠤᠯᠪᠠ ᠃ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠤᠷᠠᠯ ᠡᠷᠬᠢᠯᠡᠵᠦ ᠂ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ ᠪᠦᠷᠢᠯᠳᠦᠬᠦᠨ ᠬᠤᠷᠠᠯ ᠳ᠋ᠤ᠌ ᠣᠷᠣᠯᠴᠠᠵᠠᠢ ᠃
ᠬᠤᠷᠠᠯ ᠳᠡᠭᠡᠷ᠎ᠡ 《 ᠰᠢ ᠵᠢᠨ ᠫᠢᠩ ᠦ᠋ᠨ ᠬᠠᠤᠯᠢ ᠪᠠᠷ ᠵᠠᠰᠠᠬᠤ ᠦᠵᠡᠯ ᠰᠠᠨᠠᠭ᠎ᠠ ᠶ᠋ᠢᠨ ᠠᠶᠠᠯᠠᠯ ᠢ᠋ ᠳᠠᠭᠠᠭᠤᠯᠬᠤ ᠬᠠᠤᠯᠢ ᠪᠠᠷ ᠵᠠᠰᠠᠬᠤ ᠳᠤᠮᠳᠠᠳᠤ ᠤᠯᠤᠰ ᠢ᠋ ᠶᠡᠬᠡᠪᠡᠷ ᠤᠷᠤᠭᠰᠢᠯᠠᠶ᠎ᠠ 》 《 ᠮᠣᠷᠠᠯ ᠴᠢᠳᠠᠪᠤᠷᠢ ᠬᠣᠣᠰᠯᠠᠭᠰᠠᠨ ᠥᠨᠳᠥᠷ ᠬᠡᠪ ᠴᠢᠨᠠᠷ ᠬᠠᠤᠯᠢ ᠪᠠᠷ ᠵᠠᠰᠠᠬᠤ ᠨᠢᠭᠡᠨ ᠡᠩᠨᠡᠭᠡ ᠶ᠋ᠢ ᠪᠠᠢᠭᠤᠯᠬᠤ 》 ᠵᠡᠷᠭᠡ ᠠᠭᠤᠯᠭ᠎ᠠ ᠶ᠋ᠢ ᠲᠥᠪᠯᠡᠷᠡᠭᠦᠯᠦᠨ ᠰᠤᠷᠤᠯᠴᠠᠵᠤ ᠂ ᠲᠥᠪ ᠦ᠋ᠨ ᠳᠥᠷᠪᠡᠳᠦᠭᠡᠷ ᠬᠢᠨᠠᠨ ᠵᠢᠯᠣᠭᠣᠳᠬᠤ ᠳᠤᠭᠤᠢᠯᠠᠩ ᠤ᠋ᠨ ᠳᠤᠷᠠᠳᠤᠭᠰᠠᠨ ᠬᠠᠷᠢᠭᠤ ᠲᠤᠰᠬᠠᠭᠰᠠᠨ ᠰᠠᠨᠠᠯ ᠶᠣᠰᠣᠭᠠᠷ ᠤᠳᠤᠷᠢᠳᠬᠤ ᠪᠠᠭ ᠤ᠋ᠨ ᠪᠦᠷᠢᠯᠳᠦᠬᠦᠨ ᠢ᠋ ᠭᠦᠨᠵᠡᠭᠡᠢ ᠰᠤᠳᠤᠯᠤᠨ ᠶᠠᠷᠢᠯᠴᠠᠵᠤ ᠰᠣᠯᠢᠯᠴᠠᠪᠠ ᠃
ᠬᠤᠷᠠᠯ ᠠ᠋ᠴᠠ ᠂ ᠶᠡᠷᠦᠩᠬᠡᠢ ᠱᠦᠵᠢ ᠰᠢ ᠵᠢᠨ ᠫᠢᠩ ᠦ᠋ᠨ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡᠨ ᠦ᠌ ᠪᠠᠢᠭᠤᠯᠤᠯᠲᠠ ᠶ᠋ᠢᠨ ᠲᠤᠬᠠᠢ ᠴᠢᠬᠤᠯᠠ ᠥᠭᠦᠯᠡᠯᠲᠡ ᠶ᠋ᠢ ᠬᠢᠨᠠᠮᠠᠭᠠᠢ ᠰᠤᠷᠤᠯᠴᠠᠭᠰᠠᠨ ᠰᠠᠭᠤᠷᠢᠨ ᠳᠡᠭᠡᠷ᠎ᠡ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶ᠋ᠢ ᠲᠥᠪ ᠦ᠋ᠨ ᠬᠢᠨᠠᠨ ᠵᠢᠯᠣᠭᠣᠳᠬᠤ ᠳᠤᠭᠤᠢᠯᠠᠩ ᠤ᠋ᠨ ᠱᠠᠭᠠᠷᠳᠠᠯᠭ᠎ᠠ ᠪᠠᠢᠷᠢᠯᠠᠭᠤᠯᠤᠯᠲᠠ ᠲᠠᠢ ᠨᠢᠭᠡᠳᠬᠡᠵᠦ ᠂ ᠰᠤᠷᠭᠠᠨ ᠬᠥᠮᠦᠵᠢᠯ ᠦ᠋ᠨ ᠴᠡᠭᠴᠡᠯᠡᠯᠲᠡ ᠪᠠ ᠡᠭᠦᠷᠭᠡ ᠲᠤᠰᠢᠶᠠᠯ ᠢ᠋ᠶ᠋ᠠᠨ ᠭᠦᠢᠴᠡᠳᠬᠡᠬᠦ ᠶ᠋ᠢ ᠬᠠᠷᠢᠯᠴᠠᠨ ᠤᠶᠠᠯᠳᠤᠭᠤᠯᠬᠤ ᠬᠡᠷᠡᠭᠲᠡᠢ ᠃
ᠨᠢᠭᠡ ᠳ᠋ᠦ᠍ ᠂ ᠦᠵᠡᠯ ᠰᠠᠨᠠᠭ᠎ᠠ ᠪᠠᠨ ᠨᠢᠭᠡᠳᠬᠡᠵᠦ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ ᠃ ᠰᠤᠷᠤᠯᠴᠠᠯᠭ᠎ᠠ ᠬᠥᠮᠦᠵᠢᠯ ᠢ᠋ ᠡᠩᠨᠡᠭᠡ ᠶ᠋ᠢᠨ ᠬᠥᠮᠦᠵᠢᠯ ᠪᠣᠯᠭᠠᠨ ᠲᠤᠤᠱᠯᠠᠭᠤᠯᠬᠤ ᠶ᠋ᠢ ᠢᠮᠠᠭᠲᠠ ᠪᠠᠷᠢᠮᠲᠠᠯᠠᠵᠤ ᠂ ᠨᠠᠮ ᠤ᠋ᠨ ᠲᠡᠦᠬᠡ ᠰᠤᠷᠤᠯᠴᠠᠬᠤ ᠰᠤᠷᠭᠠᠨ ᠬᠥᠮᠦᠵᠢᠯ ᠥᠷᠨᠢᠭᠦᠯᠬᠦ ᠶ᠋ᠢ ᠦᠷᠭᠦᠯᠵᠢᠯᠡᠨ ᠳᠣᠪᠣᠢᠮ᠎ᠠ ᠪᠠᠢᠷᠢᠨ ᠳ᠋ᠤ᠌ ᠲᠠᠯᠪᠢᠵᠤ ᠂ ᠰᠢ ᠵᠢᠨ ᠫᠢᠩ ᠦ᠋ᠨ ᠬᠠᠤᠯᠢ ᠪᠠᠷ ᠵᠠᠰᠠᠬᠤ ᠦᠵᠡᠯ ᠰᠠᠨᠠᠭᠠᠨ ᠤ᠋ ᠭᠦᠨᠵᠡᠭᠡᠢ ᠠᠭᠤᠯᠤᠭᠳᠠᠬᠤᠨ ᠂ ᠤᠯᠤᠰ ᠲᠥᠷᠥ ᠶ᠋ᠢᠨ ᠮᠠᠭᠠᠳᠯᠠᠬᠤ ᠴᠢᠳᠠᠪᠤᠷᠢ ᠂ ᠤᠯᠤᠰ ᠲᠥᠷᠥ ᠶ᠋ᠢᠨ ᠣᠢᠯᠠᠭᠠᠬᠤ ᠴᠢᠳᠠᠪᠤᠷᠢ ᠂ ᠤᠯᠤᠰ ᠲᠥᠷᠥ ᠶ᠋ᠢᠨ ᠬᠡᠷᠡᠭᠵᠢᠭᠦᠯᠬᠦ ᠬᠦᠴᠦᠨ ᠢ᠋ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ ᠃ ᠤᠯᠤᠰ ᠲᠥᠷᠥ ᠶ᠋ᠢᠨ ᠣᠨᠣᠯ ᠤ᠋ᠨ ᠰᠤᠷᠤᠯᠴᠠᠯᠭ᠎ᠠ ᠬᠥᠮᠦᠵᠢᠯ ᠢ᠋ ᠴᠢᠩᠭᠠᠳᠬᠠᠵᠤ ᠥᠷᠭᠡᠨ ᠣᠯᠠᠨ ᠺᠠᠲᠠᠷ ᠴᠠᠭᠳᠠᠭ᠎ᠠ ᠶ᠋ᠢ ᠵᠢᠯᠣᠭᠣᠳᠤᠨ 《ᠳᠥᠷᠪᠡᠨ ᠤᠬᠠᠮᠰᠠᠷ》 ᠢ᠋ᠶ᠋ᠠᠨ ᠴᠢᠩᠭᠠᠷᠠᠭᠤᠯᠵᠤ ᠂ 《ᠳᠥᠷᠪᠡᠨ ᠢᠲᠡᠭᠡᠯ》 ᠢ᠋ᠶ᠋ᠡᠨ ᠪᠠᠲᠤᠳᠬᠠᠵᠤ ᠂ 《ᠬᠣᠶᠠᠷ ᠢ᠋ ᠬᠠᠮᠠᠭᠠᠯᠠᠬᠤ》 ᠶ᠋ᠢ ᠪᠡᠶᠡᠯᠡᠭᠦᠯᠵᠦ ᠂ ᠦᠨᠡᠨᠴᠢ ᠰᠢᠳᠤᠷᠭᠤ ᠂ ᠠᠷᠢᠭᠤᠨ ᠴᠢᠬᠡᠴᠢ ᠂ ᠤᠯᠤᠰ ᠲᠥᠷᠥ ᠶ᠋ᠢᠨ ᠤᠭ ᠴᠢᠨᠠᠷ ᠢ᠋ᠶ᠋ᠠᠨ ᠡᠭᠦᠷᠭᠡᠯᠡᠬᠦ ᠦᠵᠡᠯ ᠰᠠᠨᠠᠭᠠᠨ ᠤ᠋ ᠰᠠᠭᠤᠷᠢ ᠶ᠋ᠢ ᠪᠠᠲᠤ ᠲᠠᠯᠪᠢᠬᠤ ᠬᠡᠷᠡᠭᠲᠡᠢ ᠃
ᠬᠤᠶᠠᠷ ᠲᠤ᠂ ᠭᠣᠣᠯ ᠴᠣᠭᠴᠠ ᠶ᠋ᠢᠨ ᠬᠠᠷᠢᠭᠤᠴᠠᠯᠭ᠎ᠠ ᠶ᠋ᠢ ᠴᠢᠨᠠᠭᠰᠢᠳᠠ ᠴᠢᠩᠭ᠎ᠠ ᠠᠳᠭᠤᠨ᠎ᠠ᠃ ᠲᠥᠪ ᠦ᠋ᠨ ᠳᠥᠷᠪᠡᠳᠦᠭᠡᠷ ᠬᠢᠨᠠᠨ ᠵᠢᠯᠣᠭᠣᠳᠬᠤ ᠳᠤᠭᠤᠢᠯᠠᠩ ᠤ᠋ᠨ ᠳᠤᠷᠠᠳᠤᠭᠰᠠᠨ 《 9 ᠵᠦᠢᠯ ᠢ᠋ ᠬᠢᠨᠠᠨ ᠵᠢᠯᠣᠭᠣᠳᠬᠤ ᠰᠠᠨᠠᠯ》 ᠪᠠ ᠣᠷᠳᠣᠰ ᠬᠣᠲᠠ ᠳ᠋ᠤ᠌ ᠭᠦᠨᠵᠡᠭᠡᠢᠷᠡᠨ ᠬᠢᠨᠠᠨ ᠵᠢᠯᠣᠭᠣᠳᠴᠤ ᠳᠤᠷᠠᠳᠤᠭᠰᠠᠨ ᠬᠠᠷᠢᠭᠤ ᠲᠤᠰᠬᠠᠭᠰᠠᠨ ᠠᠰᠠᠭᠤᠳᠠᠯ ᠢ᠋ 《ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠪᠦᠬᠦ ᠤᠯᠤᠰ ᠤ᠋ᠨ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡ ᠶ᠋ᠢᠨ ᠰᠤᠷᠭᠠᠨ ᠬᠥᠮᠦᠵᠢᠯ ᠢ᠋ ᠴᠡᠭᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ ᠲᠤᠬᠠᠢ ᠲᠥᠪ ᠬᠣᠷᠢᠶ᠎ᠠ ᠶ᠋ᠢᠨ ᠳᠥᠷᠪᠡᠳᠦᠭᠡᠷ ᠬᠢᠨᠠᠨ ᠵᠢᠯᠣᠭᠣᠳᠬᠤ ᠳᠤᠭᠤᠢᠯᠠᠩ ᠤ᠋ᠨ ᠳᠣᠷᠣᠭᠰᠢ ᠪᠠᠭᠤᠯᠭᠠᠵᠤ ᠬᠢᠨᠠᠨ ᠵᠢᠯᠣᠭᠣᠳᠴᠤ ᠬᠠᠷᠢᠭᠤ ᠲᠤᠰᠬᠠᠬᠤ ᠠᠰᠠᠭᠤᠳᠠᠯ ᠢ᠋ ᠰᠠᠢᠲᠤᠷ ᠰᠢᠢᠳᠪᠦᠷᠢᠯᠡᠬᠦ ᠬᠡᠷᠡᠭᠲᠡᠢ》 ᠭᠡᠰᠡᠨ ᠱᠠᠭᠠᠷᠳᠠᠯᠭ᠎ᠠ ᠶ᠋ᠢ ᠪᠦᠬᠦ ᠲᠠᠯ᠎ᠠ ᠪᠠᠷ ᠬᠠᠷᠢᠴᠠᠭᠤᠯᠤᠨ᠎ᠠ ᠃
ᠭᠤᠷᠪᠠ ᠳ᠋ᠤ᠌᠂ ᠰᠦᠪᠡᠭᠴᠢ ᠶ᠋ᠢ ᠪᠠᠢᠴᠠᠭᠠᠨ ᠰᠢᠢᠳᠪᠦᠷᠢᠯᠡᠬᠦ ᠪᠠ ᠬᠡᠷᠡᠭ ᠢ᠋ ᠰᠢᠪᠲᠤᠯᠬᠤ ᠡᠷᠴᠢᠮ ᠢ᠋ ᠤᠯᠠᠮ ᠨᠢᠭᠡ ᠠᠯᠬᠤᠮ ᠴᠢᠩᠭ᠋ᠠᠳᠬᠠᠬᠤ ᠬᠡᠷᠡᠭᠲᠡᠢ ᠃ ᠰᠦᠪᠡᠭᠴᠢ ᠶ᠋ᠢ ᠬᠠᠷᠭᠤᠭᠤᠯᠤᠨ ᠪᠠᠢᠴᠠᠭᠠᠬᠤ ᠪᠣᠯ ᠰᠦᠷᠦᠭ ᠠᠳᠤᠭᠤ ᠶ᠋ᠢ ᠤᠰᠠᠳᠬᠠᠬᠤ ᠶ᠋ᠢᠨ ᠴᠢᠬᠤᠯᠠ ᠤᠷᠢᠳᠠᠯ ᠮᠥᠨ ᠂ ᠬᠡᠮ ᠠᠷᠬᠠᠭ ᠭᠡᠮ ᠢ᠋ ᠴᠡᠭᠴᠡᠯᠡᠨ ᠵᠠᠰᠠᠬᠤ ᠶ᠋ᠢᠨ ᠴᠢᠬᠤᠯᠠ ᠲᠦᠯᠬᠢᠴᠡ ᠬᠦᠴᠦᠨ ᠮᠥᠨ ᠂ ᠮᠥᠨᠴᠥ ᠰᠤᠷᠭᠠᠨ ᠬᠥᠮᠦᠵᠢᠭᠦᠯᠦᠨ ᠴᠡᠭᠴᠡᠯᠡᠬᠦ ᠶ᠋ᠢᠨ ᠭᠣᠣᠯ ᠦᠷ᠎ᠡ ᠪᠦᠲᠦᠭᠡᠯ ᠦ᠋ᠨ ᠢᠯᠡᠷᠡᠯ ᠮᠥᠨ ᠃ ᠰᠦᠪᠡᠭᠴᠢ ᠶ᠋ᠢ ᠬᠠᠷᠭᠤᠭᠤᠯᠤᠨ ᠪᠠᠢᠴᠠᠭᠠᠬᠤ ᠪᠠ ᠬᠡᠷᠡᠭ ᠢ᠋ ᠪᠠᠢᠴᠠᠭᠠᠨ ᠰᠢᠢᠳᠪᠦᠷᠢᠯᠡᠬᠦ ᠶ᠋ᠢ ᠴᠢᠩᠭ᠎ᠠ ᠠᠳᠬᠤᠨ ᠂ ᠡᠨᠡ ᠬᠦ᠌ ᠬᠣᠯᠪᠣᠭᠳᠠᠵᠤ ᠪᠠᠢᠭ᠎ᠠ ᠪᠥᠭᠡᠳ ᠪᠦᠬᠦ ᠪᠡᠶ᠎ᠡ ᠶ᠋ᠢᠨ ᠠᠰᠠᠭᠤᠳᠠᠯ ᠢ᠋ ᠰᠢᠢᠳᠪᠦᠷᠢᠯᠡᠬᠦ ᠬᠡᠷᠡᠭᠲᠡᠢ᠃ ᠠᠰᠠᠭᠤᠳᠠᠯ ᠢ᠋ᠶ᠋ᠠᠷ ᠤᠳᠤᠷᠢᠳᠤᠮᠵᠢ ᠪᠣᠯᠭᠠᠬᠤ ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠂ ᠦᠷ᠎ᠡ ᠳ᠋ᠦᠩ ᠢ᠋ᠶ᠋ᠡᠷ ᠬᠥᠲᠥᠯᠦᠭᠦᠯᠦᠨ ᠦᠨᠡᠨ ᠬᠦ᠌ ᠬᠦᠷᠦᠯᠴᠡᠬᠦ ᠪᠠ ᠰᠦᠪᠡᠭᠴᠢ ᠶ᠋ᠢ ᠬᠠᠷᠭᠤᠭᠤᠯᠤᠨ ᠪᠠᠢᠴᠠᠭᠠᠬᠤ ᠪᠠ ᠬᠡᠷᠡᠭ ᠢ᠋ ᠪᠠᠢᠴᠠᠭᠠᠨ ᠰᠢᠢᠳᠪᠦᠷᠢᠯᠡᠬᠦ ᠠᠵᠢᠯ ᠢ᠋ ᠦᠨᠡᠨᠬᠦ ᠴᠢᠩᠭᠠᠳᠬᠠᠵᠤ ᠂ ᠥᠪᠡᠰᠦᠪᠡᠨ ᠪᠠᠢᠴᠠᠭᠠᠭᠰᠠᠨ ᠶᠠᠰᠤ ᠴᠢᠨᠠᠷ ᠂ ᠴᠡᠭᠴᠡᠯᠡᠨ ᠰᠠᠢᠵᠢᠷᠠᠭᠤᠯᠤᠭᠰᠠᠨ ᠦᠷ᠎ᠡ ᠪᠦᠲᠦᠮᠵᠢ ᠪᠡᠨ ᠦᠨᠡᠨᠬᠦ ᠪᠥᠬᠥ ᠲᠠᠯ᠎ᠠ ᠪᠠᠷ ᠴᠡᠭᠴᠡᠯᠡᠨ ᠵᠠᠰᠠᠨ᠎ᠠ ᠃
ᠦᠨᠡᠯᠡᠬᠦ 0ᠦᠨᠡᠯᠡᠯᠲᠡ᠎ᠲᠠᠢ