ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠵᠢᠯ ᠢ᠋ ᠠᠬᠢᠭᠤᠯᠬᠤ ᠬᠤᠷᠠᠯ ᠬᠤᠷᠠᠯᠳᠤᠭᠤᠯᠪᠠ
2021.06.04 ᠲᠣᠰ ᠥᠷᠲᠡᠭᠡᠨ ᠦ ᠨᠠᠢᠷᠠᠭᠤᠯᠤᠭᠴᠢ

     ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠡᠯ᠎ᠡ ᠪᠠᠢᠷᠢᠯᠠᠭᠤᠯᠤᠯᠲᠠ ᠦᠷ᠎ᠡ ᠠᠰᠢᠭ ᠢ᠋ ᠳᠡᠭᠡᠭᠰᠢᠯᠡᠭᠦᠯᠬᠦ ᠶ᠋ᠢ ᠠᠬᠢᠭᠤᠯᠬᠤ ᠶ᠋ᠢᠨ ᠲᠥᠯᠥᠭᠡ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠪᠠᠢᠴᠠᠭᠠᠨ ᠵᠠᠯᠠᠷᠠᠭᠤᠯᠵᠤ ᠴᠡᠭᠴᠡᠯᠡᠬᠦ ᠶᠠᠪᠤᠴᠠ ᠶ᠋ᠢ ᠭᠦᠨᠵᠡᠭᠡᠢᠷᠡᠭᠦᠯᠬᠦ ᠲᠤᠬᠠᠢ 5 ᠰᠠᠷ᠎ᠠ ᠶ᠋ᠢᠨ 29 ᠦ᠌ ᠦᠳᠡ ᠶ᠋ᠢᠨ ᠬᠣᠢᠨ᠎ᠠ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠡᠩᠨᠡᠭᠡᠨ ᠦ᠌ ᠰᠤᠷᠭᠠᠨ ᠬᠥᠮᠦᠵᠢᠯ ᠢ᠋ ᠴᠡᠭᠴᠡᠯᠡᠬᠦ ᠠᠵᠢᠯ ᠢ᠋ ᠠᠬᠢᠭᠤᠯᠬᠤ ᠬᠤᠷᠠᠯ ᠬᠤᠷᠠᠯᠳᠤᠭᠤᠯᠵᠤ ᠂ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠬᠤᠷᠠᠯ ᠢ᠋ ᠡᠷᠬᠢᠯᠡᠨ ᠶᠠᠷᠢᠶ᠎ᠠ ᠲᠠᠯᠪᠢᠵᠤ ᠂ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠤᠳᠤᠷᠢᠳᠬᠤ ᠪᠠᠭ ᠤ᠋ᠨ ᠪᠦᠷᠢᠯᠳᠦᠬᠦᠨ ᠵᠢᠴᠢ ᠪᠦᠬᠦ ᠭᠡᠰᠢᠭᠦᠨ ᠬᠤᠷᠠᠯ ᠳ᠋ᠤ᠌ ᠣᠷᠣᠯᠴᠠᠵᠠᠢ ᠃

 

     ᠬᠤᠷᠠᠯ ᠳᠡᠭᠡᠷ᠎ᠡ ᠯᠢ ᠵᠢᠩ ᠭᠦᠸᠧ ᠥᠪᠥᠷ ᠮᠣᠩᠭᠣᠯ ᠤ᠋ᠨ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡ ᠶ᠋ᠢᠨ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠵᠢᠯ ᠤ᠋ᠨ ᠲᠠᠪᠤᠳᠤᠭᠠᠷ ᠤᠳᠠᠭᠠᠨ ᠤ᠋ ᠠᠬᠢᠭᠤᠯᠬᠤ ᠬᠤᠷᠠᠯ ᠤ᠋ᠨ ᠵᠣᠷᠢᠭ ᠰᠠᠨᠠᠭ᠎ᠠ ᠵᠢᠴᠢ ᠪᠥᠬᠥ ᠬᠣᠲᠠ ᠶ᠋ᠢᠨ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡ ᠶ᠋ᠢᠨ ᠰᠤᠷᠭᠠᠨ ᠬᠥᠮᠦᠵᠢᠯ ᠢ᠋ ᠴᠡᠭᠴᠡᠯᠡᠬᠦ ᠠᠵᠢᠯ ᠢ᠋ ᠠᠬᠢᠭᠤᠯᠬᠤ ᠬᠤᠷᠠᠯ ᠤ᠋ᠨ ᠵᠣᠷᠢᠭ ᠰᠠᠨᠠᠭ᠎ᠠ ᠶ᠋ᠢ ᠤᠯᠠᠮᠵᠢᠯᠠᠨ ᠳᠠᠮᠵᠢᠭᠤᠯᠪᠠ ᠃

     ᠬᠤᠷᠠᠯ ᠠ᠋ᠴᠠ ᠵᠢᠭᠠᠵᠤ ᠭᠠᠷᠭᠠᠭᠰᠠᠨ ᠨᠢ ᠂ ᠪᠦᠬᠦ ᠺᠠᠲᠠᠷ ᠴᠠᠭᠳᠠᠭ᠎ᠠ ᠥᠪᠥᠷ ᠮᠣᠩᠭᠣᠯ ᠤ᠋ᠨ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠲᠠᠪᠤᠳᠤᠭᠠᠷ ᠤᠳᠠᠭᠠᠨ ᠤ᠋ ᠠᠬᠢᠭᠤᠯᠬᠤ ᠬᠤᠷᠠᠯ ᠵᠢᠴᠢ ᠪᠥᠬᠥ ᠬᠣᠲᠠ ᠶ᠋ᠢᠨ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠵᠢᠯ ᠢ᠋ ᠠᠬᠢᠭᠤᠯᠬᠤ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠣᠢᠯᠠᠭᠠᠵᠤ ᠂ ᠣᠳᠣᠬᠠᠨ ᠤ᠋ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠵᠢᠯ ᠳ᠋ᠤ᠌ ᠣᠷᠣᠰᠢᠵᠤ ᠪᠠᠢᠭ᠎ᠠ ᠬᠦᠷᠦᠯᠴᠡᠬᠦ ᠥᠬᠡᠢ ᠲᠠᠯ᠎ᠠ ᠶ᠋ᠢ ᠭᠦᠢᠴᠡᠳ ᠮᠡᠳᠡᠵᠦ ᠂ ᠬᠤᠷᠴᠠ ᠬᠢᠲᠤᠭ᠎ᠠ ᠬᠡᠷᠡᠭᠯᠡᠬᠦ ᠥᠬᠡᠢ ᠪᠡᠷ ᠳᠣᠲᠣᠭᠰᠢ ᠂ ᠮᠡᠰᠡ ᠵᠠᠰᠠᠯ ᠬᠢᠬᠦ ᠂ ᠬᠣᠣᠷ ᠢ᠋ ᠵᠠᠰᠠᠬᠤ ᠥᠪᠡᠷ ᠦ᠋ᠨ ᠬᠤᠪᠢᠰᠬᠠᠯᠲᠤ ᠵᠣᠷᠢᠭ ᠰᠠᠨᠠᠭ᠎ᠠ ᠪᠠᠷ ᠪᠠᠢᠴᠠᠭᠠᠵᠤ ᠴᠡᠭᠴᠡᠯᠡᠨ ᠵᠠᠰᠠᠬᠤ ᠶ᠋ᠢ ᠠᠬᠢᠭᠤᠯᠬᠤ ᠬᠡᠷᠡᠭᠲᠡᠢ ᠃
 ᠬᠤᠷᠠᠯ ᠠ᠋ᠴᠠ ᠂ ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠵᠦ ᠂ ᠬᠢᠨᠠᠨ ᠵᠢᠯᠣᠭᠣᠳᠴᠤ ᠲᠤᠰᠬᠠᠭᠰᠠᠨ ᠠᠰᠠᠭᠤᠳᠠᠯ ᠢ᠋ ᠴᠡᠭᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ ᠶ᠋ᠢ ᠪᠦᠬᠦ ᠬᠦᠴᠢ ᠪᠡᠷ ᠢ᠋ᠶ᠋ᠡᠨ ᠰᠠᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ ᠃ ᠪᠦᠬᠦ ᠴᠠᠭᠳᠠᠭ᠎ᠠ ᠶ᠋ᠢᠨ 《 ᠳᠠᠬᠢᠨ ᠥᠪᠡᠰᠦᠪᠡᠨ ᠪᠠᠢᠴᠠᠭᠠᠬᠤ 》 ᠠᠵᠢᠯᠯᠠᠭ᠎ᠠ ᠶ᠋ᠢ ᠭᠦᠨᠵᠡᠭᠡᠢ ᠥᠷᠨᠢᠭᠦᠯᠵᠦ ᠂ ᠲᠥᠷᠥ ᠶ᠋ᠢᠨ ᠪᠣᠳᠣᠯᠭ᠎ᠠ ᠶ᠋ᠢᠨ ᠲᠠᠢᠯᠤᠮᠵᠢ ᠪᠠ ᠬᠡᠷᠡᠭ ᠦ᠋ᠨ ᠵᠢᠱ᠌ᠢᠶ᠎ᠡ ᠶ᠋ᠢᠨ ᠵᠠᠳᠠᠯᠤᠯᠲᠠ ᠶ᠋ᠢ ᠴᠢᠩᠭᠠᠳᠬᠠᠵᠤ ᠂ ᠰᠦᠪᠡᠭᠴᠢ ᠡᠰᠡᠬᠦ ᠶ᠋ᠢ ᠪᠠᠢᠴᠠᠭᠠᠨ 《ᠡᠷᠭᠢᠵᠦ ᠬᠠᠷᠠᠬᠤ 》ᠠᠵᠢᠯᠯᠠᠭ᠎ᠠ ᠶ᠋ᠢ ᠪᠦᠬᠦ ᠲᠠᠯ᠎ᠠ ᠪᠠᠷ ᠥᠷᠨᠢᠭᠦᠯᠵᠦ ᠂ ᠰᠦᠪᠡᠭᠴᠢ ᠶ᠋ᠢ ᠬᠠᠷᠭᠤᠭᠤᠯᠤᠨ ᠪᠠᠶ᠋ᠢᠴᠠᠭᠠᠬᠤ ᠶᠠᠰᠤ ᠴᠢᠨᠠᠷ ᠢ᠋ ᠳᠡᠭᠡᠭᠰᠢᠯᠡᠭᠦᠯᠬᠦ ᠬᠡᠷᠡᠭᠲᠡᠢ ᠃ ᠬᠡᠷᠡᠭ ᠲᠦ᠍ ᠬᠣᠯᠪᠣᠭᠳᠠᠭᠰᠠᠨ 《 ᠲᠣᠮᠣ ᠰᠤᠷᠪᠤᠯᠵᠢᠯᠠᠭ᠎ᠠ》  ᠶ᠋ᠢ ᠦᠷᠭᠦᠯᠵᠢᠯᠡᠨ ᠴᠢᠩᠭᠠᠳᠬᠠᠵᠤ ᠂ ᠣᠯᠠᠨ ᠲᠦᠮᠡᠨ ᠦ᠌ ᠬᠠᠨᠤᠮᠵᠢ ᠶ᠋ᠢᠨ ᠨᠣᠷᠮ᠎ᠠ ᠶ᠋ᠢ ᠴᠢᠷᠮᠠᠢᠨ ᠳᠡᠭᠡᠭᠰᠢᠯᠡᠭᠦᠯᠬᠦ ᠬᠡᠷᠡᠭᠲᠡᠢ ᠃ ᠤᠷᠢᠳᠴᠢᠯᠠᠨ ᠲᠥᠯᠥᠪᠯᠡᠵᠦ ᠤᠷᠢᠳᠴᠢᠯᠠᠨ ᠪᠠᠢᠷᠢᠯᠠᠭᠤᠯᠬᠤ ᠬᠡᠷᠡᠭᠲᠡᠢ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )