ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡ ᠶ᠋ᠢᠨ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠵᠢᠯ ᠤ᠋ᠨ ᠭᠦᠨᠵᠡᠭᠡᠢᠷᠡᠬᠦ ᠶ᠋ᠢ ᠤᠯᠠᠮ ᠨᠢᠭᠡ ᠠᠯᠬᠤᠮ ᠠᠬᠢᠭᠤᠯᠬᠤ ᠶ᠋ᠢᠨ ᠲᠤᠰᠠᠳᠠ 5 ᠰᠠᠷ᠎ᠠ ᠶ᠋ᠢᠨ 29 ᠦ᠌ ᠦᠳᠡ ᠶ᠋ᠢᠨ ᠡᠮᠦᠨ᠎ᠡ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠨᠠᠷ ᠳᠠᠯᠠᠳ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠳ᠋ᠤ᠌ ᠬᠦᠷᠴᠦ ᠡᠩᠨᠡᠭᠡ ᠶ᠋ᠢᠨ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠵᠢᠯ ᠤ᠋ᠨ ᠴᠡᠭᠴᠡᠯᠡᠯᠲᠡ ᠶ᠋ᠢᠨ ᠠᠵᠢᠯ ᠢ᠋ ᠪᠠᠢᠴᠠᠭᠠᠨ ᠰᠤᠳᠤᠯᠪᠠ ᠃
ᠰᠦ᠍ ᠯᠢ ᠵᠢᠶᠦ᠋ᠨ ᠳᠡᠯᠡᠳ ᠬᠤᠰᠢᠭᠤᠨ ᠤ᠋ ᠰᠢᠭᠦᠬᠦ ᠬᠣᠷᠢᠶᠠᠨ ᠤ᠋ ᠠᠵᠤ ᠠᠬᠤᠢ ᠶ᠋ᠢᠨ ᠨᠡᠭᠡᠭᠡᠯᠲᠡ ᠶ᠋ᠢᠨ ᠲᠣᠭᠣᠷᠢᠭ ᠤ᠋ᠨ ᠠᠷᠠᠳ ᠤ᠋ᠨ ᠰᠢᠭᠦᠬᠦ ᠲᠢᠩᠬᠢᠮ᠂ ᠰᠤᠷᠭᠠᠨ ᠬᠥᠮᠦᠵᠢᠯ ᠢ᠋ ᠴᠡᠭᠴᠡᠯᠡᠬᠦ ᠤᠳᠤᠷᠢᠳᠬᠤ ᠳᠤᠭᠤᠢᠯᠠᠩ ᠤ᠋ᠨ ᠠᠯᠪᠠᠨ ᠭᠡᠷ ᠵᠡᠷᠭᠡ ᠭᠠᠵᠠᠷ ᠬᠠᠮᠢᠶ᠎ᠠ ᠪᠦᠬᠦᠢ ᠳᠠᠩᠰᠠ ᠡᠪᠬᠡᠮᠡᠯ ᠪᠣᠯᠤᠨ ᠳᠠᠩᠰᠠ ᠡᠪᠬᠡᠮᠡᠯ ᠦ᠋ᠨ ᠮᠠᠲ᠋ᠧᠷᠢᠶᠠᠯ ᠢ᠋ ᠪᠣᠳᠠᠲᠤ ᠭᠠᠵᠠᠷ ᠲᠤᠨᠢ ᠪᠠᠢᠴᠠᠭᠠᠨ ᠦᠵᠡᠵᠡᠢ᠃ ᠳᠠᠷᠠᠭ᠎ᠠ ᠪᠠᠷ ᠨᠢ ᠶᠠᠷᠢᠯᠴᠠᠬᠤ ᠬᠤᠷᠠᠯ ᠬᠢᠵᠦ ᠂ ᠤᠳᠤᠷᠢᠳᠬᠤ ᠪᠠᠭ᠎ᠠ ᠶ᠋ᠢᠨ ᠪᠦᠷᠢᠯᠳᠦᠬᠦᠨ ᠨᠠᠷ ᠲᠠᠢ ᠬᠠᠮᠲᠤ ᠪᠠᠷ ᠶᠠᠷᠢᠯᠴᠠᠪᠠ ᠃
ᠰᠦ᠍ ᠯᠢ ᠵᠢᠶᠥᠢᠨ ᠵᠢᠭᠠᠵᠤ ᠭᠠᠷᠭᠠᠭᠰᠠᠨ ᠨᠢ ᠂ ᠪᠠᠢᠴᠠᠭᠠᠨ ᠵᠠᠯᠠᠷᠠᠭᠤᠯᠵᠤ ᠴᠡᠭᠴᠡᠯᠡᠬᠦ ᠪᠣᠯ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠭᠣᠣᠯ ᠵᠠᠩᠭᠢᠯᠠᠭ᠎ᠠ ᠶ᠋ᠢᠨ ᠭᠣᠭᠴᠣᠭ᠎ᠠ ᠪᠣᠯᠤᠨ᠎ᠠ ᠂ ᠰᠦᠪᠡᠭᠴᠢ ᠶ᠋ᠢ ᠬᠠᠷᠭᠤᠭᠤᠯᠤᠨ ᠪᠠᠢᠴᠠᠭᠠᠬᠤ ᠪᠠ ᠬᠡᠷᠡᠭ ᠢ᠋ ᠪᠠᠢᠴᠠᠭᠠᠨ ᠰᠢᠢᠳᠪᠦᠷᠢᠯᠡᠬᠦ ᠠᠵᠢᠯ ᠢ᠋ ᠴᠢᠩᠭ᠎ᠠ ᠠᠳᠬᠤᠨ ᠠᠪᠴᠤ ᠂ ᠰᠡᠳᠬᠢᠯ ᠦ᠋ᠨ ᠶᠠᠷᠢᠯᠴᠠᠭ᠎ᠠ ᠥᠷᠨᠢᠭᠦᠯᠵᠦ ᠂ ᠪᠠᠢᠴᠠᠭᠠᠨ ᠵᠠᠯᠠᠷᠠᠭᠤᠯᠵᠤ ᠰᠠᠢᠵᠢᠷᠠᠭᠤᠯᠬᠤ ᠡᠯ᠎ᠡ ᠵᠦᠢᠯ ᠦ᠋ᠨ ᠠᠵᠢᠯ ᠢ᠋ ᠡᠮᠬᠢ ᠵᠢᠷᠤᠮ ᠲᠠᠢ ᠠᠬᠢᠭᠤᠯᠬᠤ ᠶ᠋ᠢ ᠪᠠᠲᠤᠯᠠᠬᠤ ᠬᠡᠷᠡᠭᠲᠡᠢ ᠭᠡᠵᠡᠢ ᠃
ᠨᠢᠭᠡ ᠳ᠋ᠦ᠍᠂ ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ ᠃ ᠤᠯᠤᠰ ᠲᠥᠷᠥ ᠶ᠋ᠢᠨ ᠮᠠᠭᠠᠳᠯᠠᠬᠤ ᠴᠢᠳᠠᠪᠤᠷᠢ ᠂ ᠤᠯᠤᠰ ᠲᠥᠷᠥ ᠶ᠋ᠢᠨ ᠲᠤᠯᠭᠠᠭᠤᠷᠢᠯᠠᠬᠤ ᠴᠢᠳᠠᠪᠤᠷᠢ ᠂ ᠤᠯᠤᠰ ᠲᠥᠷᠥ ᠶ᠋ᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠦᠵᠡᠯ ᠰᠠᠨᠠᠭᠠᠨ ᠤ᠋ ᠤᠬᠠᠮᠰᠠᠷ ᠂ ᠤᠯᠤᠰ ᠲᠥᠷᠥ ᠶ᠋ᠢᠨ ᠤᠬᠠᠮᠰᠠᠷ ᠂ ᠦᠢᠯᠡ ᠠᠵᠢᠯᠯᠠᠭ᠎ᠠ ᠤᠬᠠᠮᠰᠠᠷ ᠠ᠋ᠴᠠ ᠪᠠᠨ ᠴᠢᠩᠭᠠᠳᠬᠠᠵᠤ ᠂ ᠰᠢᠭᠦᠬᠦ ᠬᠣᠷᠢᠶᠠᠨ ᠤ᠋ ᠡᠩᠨᠡᠭᠡ ᠶ᠋ᠢᠨ ᠦᠨᠡᠨᠴᠢ ᠰᠢᠳᠤᠷᠭᠤ ᠴᠡᠪᠡᠷ ᠨᠠᠢᠳᠠᠪᠤᠷᠢᠲᠠᠢ ᠂ ᠰᠢᠭᠦᠨ ᠲᠠᠰᠤᠯᠬᠤ ᠭᠦᠢᠴᠡᠳᠬᠡᠬᠦ ᠴᠢᠨᠠᠷ ᠪᠦᠲᠦᠮᠵᠢ ᠂ ᠠᠷᠠᠳ ᠤ᠋ᠨ ᠲᠥᠯᠥᠭᠡ ᠬᠠᠤᠯᠢ ᠬᠡᠷᠡᠭᠵᠢᠭᠦᠯᠬᠦ ᠂ ᠬᠠᠤᠯᠢ ᠪᠠᠷᠢᠬᠤ ᠣᠪᠣᠷ ᠰᠤᠷᠲᠠᠯ ᠂ ᠬᠠᠤᠯᠢ ᠴᠠᠭᠠᠵᠠ ᠶ᠋ᠢᠨ ᠣᠯᠠᠨ ᠨᠡᠢᠲᠡ ᠶ᠋ᠢᠨ ᠢᠲᠡᠭᠡᠮᠵᠢ ᠶ᠋ᠢ ᠪᠥᠬᠥ ᠲᠠᠯ᠎ᠠ ᠪᠠᠷ ᠳᠡᠭᠡᠭᠰᠢᠯᠡᠭᠦᠯᠬᠦ ᠶ᠋ᠢ ᠦᠨᠡᠨᠬᠦ ᠪᠠᠲᠤᠯᠠᠬᠤ ᠬᠡᠷᠡᠭᠲᠡᠢ ᠃
ᠬᠣᠶᠠᠷ ᠲᠤ᠌᠂ ᠲᠥᠷᠥ ᠶ᠋ᠢᠨ ᠪᠣᠳᠣᠯᠭ᠎ᠠ ᠶ᠋ᠢ ᠤᠬᠠᠭᠤᠯᠤᠨ ᠲᠠᠢᠯᠪᠤᠷᠢᠯᠠᠬᠤ ᠡᠷᠴᠢᠮ ᠢ᠋ᠶ᠋ᠡᠨ ᠦᠷᠭᠦᠯᠵᠢᠯᠡᠨ ᠴᠢᠩᠭ᠋ᠠᠳᠬᠠᠨ᠎ᠠ ᠃ 《ᠥᠪᠡᠷᠲᠡᠭᠡᠨ ᠪᠠᠢᠴᠠᠭᠠᠵᠤ ᠠᠭᠤᠴᠢᠯᠠᠬᠤ ᠂ ᠪᠠᠢᠴᠠᠭᠠᠬᠤ ᠬᠡᠪᠴᠢᠶᠡᠨ ᠳ᠋ᠦ᠍ ᠴᠢᠩᠭ᠎ᠠ ᠪᠠᠢᠬᠤ》 ᠲᠥᠷᠥ ᠶ᠋ᠢᠨ ᠪᠣᠳᠣᠯᠭ᠎ᠠ ᠶ᠋ᠢᠨ ᠬᠥᠲᠥᠯᠦᠨ ᠵᠢᠯᠣᠭᠣᠳᠬᠤ ᠦᠢᠯᠡᠳᠦᠯ ᠢ᠋ ᠪᠠᠳᠠᠷᠠᠭᠤᠯᠵᠤ ᠂ ᠰᠡᠳᠬᠢᠯ ᠲᠠᠯᠪᠢᠨ ᠶᠠᠷᠢᠯᠴᠠᠬᠤ ᠠᠵᠢᠯ ᠢ᠋ ᠰᠡᠳᠬᠢᠯ ᠲᠠᠯᠪᠢᠨ ᠨᠠᠷᠢᠨ ᠨᠢᠮᠪᠠᠢ ᠬᠢᠵᠦ ᠂ ᠰᠢᠯᠤᠭᠤᠨ ᠱᠤᠭᠤᠮ ᠢ᠋ᠶ᠋ᠠᠷ ᠭᠦᠨᠵᠡᠭᠡᠢ ᠶᠠᠷᠢᠬᠤ ᠂ ᠬᠡᠷᠡᠭ ᠦ᠋ᠨ ᠵᠢᠱ᠌ᠢᠶ᠎ᠡ ᠦᠵᠡᠭᠦᠯᠬᠦ ᠂ ᠲᠥᠷᠥ ᠶ᠋ᠢᠨ ᠪᠣᠳᠣᠯᠭ᠎ᠠ ᠶ᠋ᠢ ᠪᠣᠳᠠᠲᠠᠢ ᠨᠠᠢᠳᠠᠪᠤᠷᠢᠵᠢᠭᠤᠯᠵᠤ ᠂ ᠬᠠᠤᠯᠢ ᠪᠠᠷ ᠲᠣᠳᠣᠷᠬᠠᠢ ᠪᠣᠯᠭᠠᠬᠤ ᠂ ᠵᠦᠢ ᠶᠣᠰᠣ ᠶ᠋ᠢ ᠮᠡᠳᠡᠨ ᠂ ᠦᠢᠯᠡ ᠠᠵᠢᠯᠯᠠᠭ᠎ᠠ ᠪᠠᠷ ᠢ᠋ᠶ᠋ᠠᠨ ᠪᠡᠶᠡᠯᠡᠭᠦᠯᠬᠦ ᠬᠡᠷᠡᠭᠲᠡᠢ ᠃ ᠠᠰᠠᠭᠤᠳᠠᠯ ᠢ᠋ ᠮᠡᠳᠡᠭᠦᠯᠬᠦ ᠪᠠ ᠲᠠᠭᠯᠠᠨ ᠮᠡᠳᠡᠭᠦᠯᠬᠦ ᠠᠰᠠᠭᠤᠳᠠᠯ ᠤ᠋ᠨ ᠲᠣᠭ᠎ᠠ ᠬᠡᠮᠵᠢᠶ᠎ᠡ ᠪᠠ ᠶᠠᠰᠤ ᠴᠢᠨᠠᠷ ᠢ᠋ ᠳᠡᠭᠡᠭᠰᠢᠯᠡᠭᠦᠯᠦᠨ ᠪᠦᠬᠦ ᠠᠵᠢᠯᠲᠠᠨ ᠢ᠋ ᠲᠠᠭᠯᠠᠨ ᠮᠡᠳᠡᠭᠦᠯᠬᠦ ᠂ ᠨᠢᠭᠡ ᠬᠥᠮᠦᠨ ᠢ᠋ ᠣᠷᠬᠢᠭᠳᠠᠭᠤᠯᠬᠤ ᠥᠬᠡᠢ ᠪᠠᠢᠬᠤ ᠶ᠋ᠢ ᠦᠨᠡᠨᠬᠦ ᠪᠠᠲᠤᠯᠠᠬᠤ ᠬᠡᠷᠡᠭᠲᠡᠢ ᠃
ᠭᠤᠷᠪᠠ ᠳ᠋ᠤ᠌᠂ ᠪᠠᠢᠴᠠᠭᠠᠨ ᠵᠠᠯᠠᠷᠠᠭᠤᠯᠬᠤ ᠡᠷᠴᠢᠮ ᠢ᠋ ᠦᠷᠭᠦᠯᠵᠢᠯᠡᠨ ᠴᠢᠩᠭ᠋ᠠᠳᠬᠠᠬᠤ ᠬᠡᠷᠡᠭᠲᠡᠢ ᠃ ᠰᠦᠪᠡᠭᠴᠢ ᠶ᠋ᠢ ᠬᠠᠷᠭᠤᠭᠤᠯᠤᠨ ᠪᠠᠢᠴᠠᠭᠠᠬᠤ ᠪᠠ ᠬᠡᠷᠡᠭ ᠢ᠋ ᠪᠠᠢᠴᠠᠭᠠᠨ ᠰᠢᠢᠳᠪᠦᠷᠢᠯᠡᠬᠦ ᠠᠬᠢᠴᠠ ᠶ᠋ᠢ ᠲᠦᠷᠭᠡᠳᠬᠡᠵᠦ ᠂ ᠰᠦᠪᠡᠭᠴᠢ ᠶ᠋ᠢ ᠲᠥᠷᠥᠯ ᠬᠤᠪᠢᠶᠠᠨ ᠬᠠᠷᠭᠤᠭᠤᠯᠤᠨ ᠪᠠᠢᠴᠠᠭᠠᠬᠤ ᠠᠵᠢᠯ ᠤ᠋ᠨ ᠶᠠᠰᠤ ᠴᠢᠨᠠᠷ ᠢ᠋ ᠳᠡᠭᠡᠭᠰᠢᠯᠡᠭᠦᠯᠦᠨ᠎ᠡ ᠃ ᠠᠵᠢᠯ ᠤ᠋ᠨ ᠭᠣᠣᠯᠳᠠᠯᠭ᠎ᠠ ᠶ᠋ᠢ ᠳᠣᠪᠣᠢᠯᠭᠠᠵᠤ ᠂ ᠰᠦᠪᠡᠭᠴᠢ ᠶ᠋ᠢ ᠬᠠᠷᠭᠤᠭᠤᠯᠤᠨ ᠪᠠᠢᠴᠠᠭᠠᠬᠤ ᠪᠠᠷ ᠳᠠᠮᠵᠢᠨ ᠬᠡᠮ ᠠᠷᠬᠠᠭ ᠭᠡᠮ ᠢ᠋ ᠴᠡᠭᠴᠡᠯᠡᠨ ᠵᠠᠰᠠᠬᠤ ᠠᠵᠢᠯ ᠢ᠋ ᠲᠦᠯᠬᠢᠨ ᠠᠬᠢᠭᠤᠯᠵᠤ ᠂ ᠬᠡᠮ ᠠᠷᠬᠠᠭ ᠭᠡᠮ ᠢ᠋ ᠰᠢᠢᠳᠪᠦᠷᠢᠯᠡᠬᠦ ᠠᠵᠢᠯ ᠢ᠋ ᠡᠯ᠎ᠡ ᠲᠥᠷᠥᠯ ᠦ᠋ᠨ ᠭᠣᠣᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠵᠤ ᠂ ᠬᠡᠷᠡᠭ ᠶᠠᠪᠤᠳᠠᠯ ᠪᠣᠯᠭᠠᠨ ᠳ᠋ᠤ᠌ ᠣᠷᠣᠰᠢᠵᠤ ᠂ ᠴᠡᠭᠴᠡᠯᠡᠨ ᠥᠭᠡᠷᠡᠴᠢᠯᠡᠬᠦ ᠠᠵᠢᠯ ᠢ᠋ ᠪᠣᠳᠠᠲᠠᠢ ᠳ᠋ᠤ᠌ ᠨᠠᠢᠳᠠᠪᠤᠷᠢᠵᠢᠭᠤᠯᠬᠤ ᠬᠡᠷᠡᠭᠲᠡᠢ ᠃
ᠳᠥᠷᠪᠡ ᠳ᠋ᠦ᠍ ᠂ ᠵᠣᠬᠢᠶᠠᠨ ᠪᠠᠢᠭᠤᠯᠵᠤ ᠤᠳᠤᠷᠢᠳᠬᠤ ᠦᠢᠯᠡᠳᠦᠯ ᠢ᠋ᠶ᠋ᠡᠨ ᠪᠠᠳᠠᠷᠠᠭᠤᠯᠤᠨ᠎ᠠ ᠃ ᠤᠳᠤᠷᠢᠳᠬᠤ ᠪᠠᠭ ᠤ᠋ᠨ ᠬᠢᠨ ᠭᠣᠣᠯ ᠴᠣᠭᠴᠠ ᠶ᠋ᠢᠨ ᠬᠠᠷᠢᠭᠤᠴᠠᠯᠭ᠎ᠠ ᠪᠠᠨ ᠰᠠᠢᠲᠤᠷ ᠭᠦᠢᠴᠡᠳᠬᠡᠵᠦ ᠂《ᠵᠠᠩᠭᠢᠯᠠᠭ᠎ᠠ ᠶ᠋ᠢᠨ ᠴᠥᠭᠡᠨ ᠲᠣᠭ᠎ᠠ》 ᠶ᠋ᠢᠨ ᠦᠢᠯᠡᠳᠦᠯ ᠢ᠋ ᠭᠦᠢᠴᠡᠳ ᠪᠠᠳᠠᠷᠠᠭᠤᠯᠬᠤ ᠬᠡᠷᠡᠭᠲᠡᠢ ᠃ ᠬᠢᠨᠠᠨ ᠵᠢᠯᠣᠭᠣᠳᠤᠯᠭ᠎ᠠ ᠪᠠ ᠵᠢᠯᠣᠭᠣᠳᠤᠯᠭ᠎ᠠ ᠶ᠋ᠢ ᠤᠬᠠᠮᠰᠠᠷ ᠠ᠋ᠴᠠ ᠪᠠᠨ ᠰᠠᠨᠠᠭᠠᠴᠢᠯᠠᠭ᠎ᠠ ᠠ᠋ᠴᠠ ᠪᠠᠨ ᠬᠦᠯᠢᠶᠡᠵᠦ ᠂ ᠲᠥᠪ ᠦ᠋ᠨ ᠬᠢᠨᠠᠨ ᠵᠢᠯᠣᠭᠣᠳᠬᠤ ᠳᠤᠭᠤᠢᠯᠠᠩ ᠂ ᠥᠪᠡᠷᠲᠡᠭᠡᠨ ᠵᠠᠰᠠᠬᠤ ᠣᠷᠣᠨ ᠤ᠋ ᠵᠢᠯᠣᠭᠣᠳᠬᠤ ᠳᠤᠭᠤᠢᠯᠠᠩ ᠤ᠋ᠨ ᠳᠤᠷᠠᠳᠤᠭᠰᠠᠨ ᠴᠡᠭᠴᠡᠯᠡᠨ ᠥᠭᠡᠷᠡᠴᠢᠯᠡᠬᠦ ᠱᠠᠭᠠᠷᠳᠠᠯᠭ᠎ᠠ ᠶ᠋ᠢ ᠡᠷᠡᠰ ᠬᠡᠷᠡᠭᠵᠢᠭᠦᠯᠵᠦ ᠂ ᠴᠡᠭᠴᠡᠯᠡᠨ ᠰᠠᠢᠵᠢᠷᠠᠭᠤᠯᠬᠤ ᠶ᠋ᠢ ᠦᠨᠡᠨᠬᠦ ᠡᠴᠦᠰ ᠲᠤᠨᠢ ᠲᠤᠯᠲᠠᠯ᠎ᠠ ᠠᠳᠬᠤᠵᠤ ᠂ ᠪᠣᠳᠠᠲᠠᠢ ᠨᠠᠢᠳᠠᠪᠤᠷᠢᠵᠢᠭᠤᠯᠬᠤ ᠬᠡᠷᠡᠭᠲᠡᠢ ᠃
ᠦᠨᠡᠯᠡᠬᠦ 0ᠦᠨᠡᠯᠡᠯᠲᠡ᠎ᠲᠠᠢ