ᠮᠠᠯᠵᠢᠬᠤ ᠣᠷᠣᠨ ᠳ᠋ᠤ᠌ ᠭᠦᠨᠵᠡᠭᠡᠢᠷᠡᠨ ᠵᠢᠭᠤᠷᠠᠯᠳᠤᠭᠠᠨ ᠢ᠋ ᠡᠶᠡᠳᠡᠭᠦᠯᠵᠦ ᠭᠡᠷ ᠲᠦ᠍ ᠨᠢᠬᠦᠷᠴᠦ ᠦᠢᠯᠡᠴᠢᠯᠡᠨ ᠬᠥᠮᠦᠨ  ᠤ ᠰᠡᠳᠬᠢᠯ ᠢ᠋ ᠳᠤᠯᠠᠭᠠᠴᠠᠭᠤᠯᠤᠶ᠎ᠠ
2021.06.04 ᠲᠣᠰ ᠥᠷᠲᠡᠭᠡᠨ ᠦ ᠨᠠᠢᠷᠠᠭᠤᠯᠤᠭᠴᠢ

     ᠣᠢᠷ᠎ᠠ ᠳ᠋ᠤ᠌ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠣᠲᠣᠭ ᠬᠤᠰᠢᠭᠤᠨ ᠤ᠋ ᠠᠷᠪᠠᠰ ᠰᠤᠮᠤᠨ ᠤ᠋ ᠨᠢᠭᠡᠨ ᠭᠠᠴᠠᠭ᠎ᠠ ᠳ᠋ᠤ᠌ ᠭᠦᠨᠵᠡᠭᠡᠢᠷᠡᠨ ᠂ ᠳᠡᠭᠡᠭᠰᠢ ᠵᠠᠭᠠᠯᠳᠤᠭᠴᠢ ᠬᠠ ᠣᠪᠣᠭᠲᠤ ᠪᠣᠯᠤᠨ ᠳᠡᠭᠡᠭᠰᠢ ᠵᠠᠭᠠᠯᠳᠤᠭᠳᠠᠭᠴᠢ ᠷᠸᠠ ᠣᠪᠣᠭᠲᠤ᠂ ᠤᠤᠯ ᠰᠢᠭᠦᠯᠲᠡ ᠶ᠋ᠢᠨ ᠵᠠᠭᠠᠯᠳᠤᠭᠳᠠᠭᠴᠢ ᠨᠠ ᠣᠪᠣᠭᠲᠤ ᠶ᠋ᠢᠨ ᠬᠣᠭᠣᠷᠣᠨᠳᠣᠬᠢ ᠭᠡᠷᠢᠶᠡᠰᠦᠯᠡᠨ ᠬᠦᠷᠭᠡᠬᠦ ᠲᠤᠬᠠᠢ ᠵᠢᠭᠤᠷᠠᠯᠳᠤᠭᠠᠨ ᠤ᠋ ᠬᠡᠷᠡᠭ ᠢ᠋ ᠡᠭᠦᠳᠡᠨ ᠳ᠋ᠦ᠍ ᠨᠢ ᠡᠶᠡᠳᠡᠭᠦᠯᠬᠦ ᠳ᠋ᠦ᠍ ᠬᠣᠶᠠᠷ ᠲᠠᠯ᠎ᠠ ᠪᠠᠷ ᠢ᠋ᠶ᠋ᠠᠨ ᠭᠡᠷᠢᠶᠡᠰᠦᠯᠡᠨ ᠬᠦᠷᠭᠡᠬᠦ ᠲᠤᠬᠠᠢ ᠡᠶᠡᠳᠡᠭᠦᠯᠭᠡ ᠶ᠋ᠢᠨ ᠬᠡᠯᠡᠯᠴᠡᠭᠡᠷ ᠲᠣᠭᠲᠠᠪᠠ ᠃

 

     2020 ᠣᠨ ᠤ᠋ 1 ᠰᠠᠷ᠎ᠠ ᠶ᠋ᠢᠨ 3 ᠤ᠋ ᠡᠳᠦᠷ ᠬᠠ ᠣᠪᠣᠭᠲᠤ ᠶ᠋ᠢᠨ ᠡᠴᠢᠭᠡ ᠦ᠋ ᠣᠪᠣᠭᠲᠤ ᠶ᠋ᠢᠨ ᠨᠠᠰᠤ ᠪᠠᠷᠠᠬᠤ ᠠ᠋ᠴᠠ ᠡᠮᠦᠨᠡᠬᠢ 《ᠬᠠᠮᠲᠤ ᠠᠮᠢᠳᠤᠷᠠᠭᠴᠢ》ᠿᠧ ᠣᠪᠣᠭᠲᠤ ᠡᠪᠡᠳᠴᠢᠯᠡᠭᠰᠡᠨ ᠬᠤᠭᠤᠴᠠᠭᠠᠨ ᠳ᠋ᠤ᠌ 3 ᠵᠢᠯ ᠦ᠋ᠨ ᠦ᠋ ᠣᠪᠣᠭᠲᠤ ᠶ᠋ᠢ 2020 ᠣᠨ ᠤ᠋ 1 ᠰᠠᠷ᠎ᠠ ᠶ᠋ᠢᠨ 2 ᠤ᠋ ᠡᠳᠦᠷ ᠬᠠᠷᠠᠭᠠᠯᠵᠠᠨ ᠭᠡᠷᠢᠶᠡᠰ ᠪᠢᠴᠢᠭᠰᠡᠨ ᠪᠠᠢᠳᠠᠭ᠃ ᠭᠡᠷᠢᠶᠡᠰ ᠪᠢᠴᠢᠬᠦ ᠳ᠋ᠡᠭᠡᠨ᠂ ᠲᠡᠭᠦᠨ ᠦ᠌ ᠨᠡᠷ᠎ᠡ ᠳᠡᠭᠡᠷ᠎ᠡ 60 ᠲᠡᠭᠰᠢ ᠳᠥᠷᠪᠡᠯᠵᠢᠨ ᠮᠧᠲ᠋ᠷ ᠭᠡᠷ ᠬᠥᠷᠥᠩᠭᠡ ᠵᠢᠴᠢ ᠠᠮᠢᠳᠤᠷᠠᠯ ᠤ᠋ᠨ ᠬᠡᠷᠡᠭᠰᠡᠯ ᠨᠢ ᠿᠧ ᠣᠪᠣᠭᠲᠤ ᠳ᠋ᠤ᠌ ᠬᠦᠷᠭᠡᠵᠦ ᠥᠭᠴᠡᠢ᠃ ᠦ ᠣᠪᠣᠭᠲᠤ ᠨᠠᠰᠤ ᠪᠠᠷᠠᠭᠰᠠᠨ ᠤ᠋ ᠳᠠᠷᠠᠭ᠎ᠠ ᠬᠠ ᠣᠪᠣᠭᠲᠤ᠂ ᠨᠠ ᠣᠪᠣᠭᠲᠤ ᠠᠪᠤ ᠶ᠋ᠢᠨ ᠢ᠋ᠶ᠋ᠡᠨ ᠭᠡᠷᠢᠶᠡᠰ ᠶᠣᠰᠣᠭᠠᠷ ᠭᠡᠷ ᠪᠠᠢᠰᠢᠩ ᠢ᠋ᠶ᠋ᠠᠨ ᠲᠤᠰᠢᠶᠠᠭᠰᠠᠨ ᠡᠭᠦᠷᠭᠡ ᠭᠦᠢᠴᠡᠳᠬᠡᠭᠰᠡᠨ ᠦᠭᠡᠢ᠂  ᠿᠧ ᠣᠪᠣᠭᠲᠤ ᠨᠢᠭᠡᠳᠦᠭᠡᠷ ᠰᠢᠭᠦᠯᠲᠡ ᠶ᠋ᠢᠨ ᠰᠢᠭᠦᠬᠦ ᠬᠣᠷᠢᠶ᠎ᠠ ᠳ᠋ᠤ᠌ ᠦ᠋ ᠣᠪᠣᠭᠲᠤ ᠶ᠋ᠢᠨ ᠥᠪ ᠵᠠᠯᠭᠠᠮᠵᠢᠯᠠᠭᠴᠢ ᠳ᠋ᠤ᠌ ᠭᠡᠷᠢᠶᠡᠰ ᠦ᠋ᠨ ᠠᠭᠤᠯᠭ᠎ᠠ ᠶ᠋ᠢ ᠭᠦᠢᠴᠡᠳᠬᠡᠵᠦ ᠭᠡᠷ ᠪᠠᠢᠰᠢᠩ ᠵᠢᠴᠢ ᠠᠮᠢᠳᠤᠷᠠᠯ ᠤ᠋ᠨ ᠬᠡᠷᠡᠭᠰᠡᠯ ᠢ᠋ᠶ᠋ᠡᠨ ᠲᠤᠰᠢᠶᠠᠪᠠ ᠃ ᠨᠢᠭᠡᠳᠦᠭᠡᠷ ᠰᠢᠭᠦᠯᠲᠡ ᠶ᠋ᠢᠨ ᠰᠢᠭᠦᠬᠦ ᠬᠣᠷᠢᠶ᠎ᠠ ᠨᠢ ᠭᠡᠷᠢᠶᠡᠰᠦᠯᠡᠨ ᠬᠦᠷᠭᠡᠬᠦ ᠵᠥᠪᠯᠡᠯᠴᠡᠬᠡᠷ ᠢ᠋ ᠦᠨᠳᠦᠰᠦᠯᠡᠨ ᠬᠠ ᠣᠪᠣᠭᠲᠤ ᠶ᠋ᠢ ᠰᠢᠭᠦᠨ ᠲᠠᠰᠤᠯᠵᠤ᠂ ᠲᠡᠷᠡ ᠳᠡᠭᠡᠷ᠎ᠡ ᠳᠤᠷᠠᠳᠤᠭᠰᠠᠨ ᠭᠡᠷ ᠪᠠᠢᠰᠢᠩ ᠢ᠋  ᠿᠧ ᠣᠪᠤᠭᠲᠤ ᠳ᠋ᠤ᠌ ᠲᠤᠰᠢᠶᠠᠨ ᠥᠭᠴᠦ ᠨᠢᠭᠡᠳᠦᠭᠡᠷ ᠰᠢᠭᠦᠯᠲᠡ ᠶ᠋ᠢᠨ ᠰᠢᠭᠦᠨ ᠲᠠᠰᠤᠯᠤᠯᠲᠠ ᠶ᠋ᠢ ᠵᠥᠪᠰᠢᠶᠡᠷᠡᠬᠦ ᠦᠭᠡᠢ ᠪᠡᠷ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠳ᠋ᠤ᠌ ᠵᠠᠭᠠᠯᠳᠤᠵᠠᠢ᠃

     ᠬᠡᠷᠡᠭ ᠢ᠋ ᠬᠦᠯᠢᠶᠡᠨ ᠠᠪᠤᠭᠰᠠᠨ ᠤ᠋ ᠳᠠᠷᠠᠭ᠎ᠠ ᠬᠠ ᠣᠪᠣᠭᠲᠤ᠂ ᠲᠡᠷᠡ ᠣᠳᠣ ᠶᠠᠭ ᠲᠠᠷᠢᠶᠠᠯᠠᠩ ᠤ᠋ᠨ ᠶᠠᠭᠠᠷᠠᠤ ᠱᠠᠲᠤᠨ ᠳ᠋ᠤ᠌ ᠪᠠᠢᠨ᠎ᠠ ᠂  ᠿᠧ ᠣᠪᠣᠭᠲᠤ ᠶ᠋ᠢᠨ ᠪᠡᠶ᠎ᠡ ᠨᠢ ᠰᠤᠯᠠ ᠳᠣᠷᠣᠢ ᠪᠣᠯᠬᠣᠷ ᠬᠥᠳᠡᠯᠵᠦ ᠪᠠᠷᠢᠬᠤ ᠳ᠋ᠤ᠌ ᠳᠥᠭᠥᠮ ᠦᠭᠡᠢ ᠃ ᠲᠤᠬᠠᠢ ᠶ᠋ᠢ ᠬᠥᠮᠦᠨ ᠦ᠌ ᠬᠦᠴᠢᠷᠳᠡᠯ ᠢ᠋ ᠰᠢᠢᠳᠪᠦᠷᠢᠯᠡᠬᠦ ᠲᠤᠬᠠᠢ ᠰᠢᠭᠦᠭᠴᠢ ᠲᠤᠰᠢᠶᠠᠯᠲᠠᠨ ᠤ᠋ ᠬᠡᠷᠡᠭ ᠲᠦ᠍ ᠣᠷᠣᠯᠴᠠᠵᠤ ᠬᠥᠳᠡᠭᠡ ᠪᠠᠭᠤᠵᠤ ᠶᠠᠮᠠᠷ ᠨᠢᠭᠡᠨ ᠪᠠᠢᠭ᠎ᠠ ᠮᠠᠯᠵᠢᠬᠤ ᠣᠷᠣᠨ ᠳ᠋ᠤ᠌ ᠪᠣᠯᠵᠣᠶ᠎ᠠ ᠲᠤᠰ ᠬᠡᠷᠡᠭ ᠦ᠋ᠨ ᠤᠷᠤᠭᠰᠢᠲᠠᠢ ᠡᠶᠡᠳᠡᠭᠦᠯᠭᠡ ᠨᠢ ᠲᠤᠬᠠᠢ ᠶ᠋ᠢᠨ ᠬᠥᠮᠦᠨ ᠦ᠌ ᠵᠠᠭᠠᠯᠳᠤᠯᠭ᠎ᠠ ᠶ᠋ᠢᠨ ᠶᠠᠳᠠᠷᠠᠭ᠎ᠠ ᠶ᠋ᠢ ᠪᠠᠭᠠᠰᠬᠠᠭᠰᠠᠨ ᠢ᠋ᠶ᠋ᠠᠷ ᠪᠠᠷᠠᠬᠤ ᠦᠭᠡᠢ ᠂ ᠬᠣᠶᠠᠷ ᠲᠠᠯ᠎ᠠ ᠶ᠋ᠢᠨ ᠲᠤᠬᠠᠢ ᠶ᠋ᠢᠨ ᠬᠥᠮᠦᠨ ᠦ᠌ ᠵᠥᠷᠢᠴᠡᠯ ᠢ᠋ ᠴᠦ᠍ ᠦᠨᠳᠦᠰᠦᠨ ᠡᠴᠡ ᠨᠢ ᠰᠢᠢᠳᠪᠦᠷᠢᠯᠡᠵᠡᠢ ᠃

     ᠡᠨᠡᠬᠦ ᠬᠡᠷᠡᠭ ᠢ᠋ ᠠᠮᠵᠢᠯᠲᠠ ᠲᠠᠢ ᠡᠶᠡᠳᠡᠭᠦᠯᠦᠯᠲᠡ ᠨᠢ ᠵᠥᠪᠬᠡᠨ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ 《 ᠪᠢ ᠣᠯᠠᠨ ᠲᠦᠮᠡᠨ ᠳ᠋ᠦ᠍ ᠪᠣᠳᠠᠲᠠᠢ ᠠᠵᠢᠯ ᠬᠢᠵᠦ ᠦᠭᠭᠦᠭᠰᠡᠨ》 ᠬᠤᠷᠢᠶᠠᠩᠭᠤᠢ ᠳᠦᠷᠢ ᠪᠣᠯᠤᠨ᠎ᠠ ᠃ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡ ᠶ᠋ᠢᠨ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠵᠢᠯ ᠢ᠋ ᠥᠷᠨᠢᠭᠦᠯᠦᠭᠰᠡᠨ ᠡᠴᠡ ᠨᠡᠰᠢ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ 《ᠲᠠᠪᠤᠨ ᠨᠢᠭᠡ》 ᠶ᠋ᠢᠨ ᠠᠵᠢᠯᠯᠠᠭ᠎ᠠ ᠶ᠋ᠢ ᠢᠳᠡᠪᠬᠢᠲᠡᠢ ᠥᠷᠨᠢᠭᠦᠯᠵᠦ ᠂ ᠰᠠᠨᠠᠭᠠᠴᠢᠯᠠᠭ᠎ᠠ ᠠ᠋ᠴᠠ ᠪᠠᠨ ᠭᠡᠷ ᠲᠤᠨᠢ ᠬᠦᠷᠴᠦ ᠦᠢᠯᠡᠴᠢᠯᠡᠨ ᠂ ᠬᠡᠷᠡᠭ ᠤᠴᠢᠷ ᠢ᠋ ᠳᠠᠭᠠᠭᠤᠯᠤᠨ ᠬᠥᠳᠡᠭᠡ ᠲᠣᠰᠬᠣᠨ ᠳ᠋ᠤ᠌ ᠭᠦᠨᠵᠡᠭᠡᠢᠷᠡᠨ ᠂ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ᠋ ᠠᠵᠢᠯ ᠤ᠋ᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ ᠂ ᠦᠨᠡᠨ ᠪᠣᠳᠠᠲᠠᠢ ᠪᠠᠢᠬᠤ ᠠᠷᠠᠳ ᠤ᠋ᠨ ᠲᠥᠯᠥᠭᠡ ᠦᠢᠯᠡᠴᠢᠯᠡᠬᠦ ᠪᠣᠯᠭᠠᠨ ᠂ ᠠᠷᠠᠳ ᠣᠯᠠᠨ ᠳ᠋ᠤ᠌ ᠬᠠᠤᠯᠢ ᠴᠠᠭᠠᠵᠠ ᠶ᠋ᠢᠨ ᠬᠡᠷᠡᠭ ᠪᠣᠯᠭᠠᠨ ᠪᠣᠯᠭᠠᠨ ᠳ᠋ᠤ᠌ ᠬᠠᠤᠯᠢ ᠴᠠᠭᠠᠵᠠ ᠶ᠋ᠢᠨ ᠬᠠᠢᠷ᠎ᠠ ᠬᠠᠯᠠᠮᠵᠢ ᠶ᠋ᠢ ᠬᠦᠷᠲᠡᠭᠡᠨ᠎ᠡ ᠃
 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )