ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠡᠩᠨᠡᠭᠡᠨ ᠦ᠌ ᠰᠤᠷᠭᠠᠨ ᠬᠥᠮᠦᠵᠢᠯ ᠢ᠋ ᠴᠡᠭᠴᠡᠯᠡᠬᠦ ᠤᠳᠤᠷᠢᠳᠬᠤ ᠳᠤᠭᠤᠢᠯᠠᠩ ᠤ᠋ᠨ ᠬᠤᠷᠠᠯ ᠬᠤᠷᠠᠯᠳᠤᠭᠤᠯᠪᠠ
2021.06.04 ᠲᠣᠰ ᠥᠷᠲᠡᠭᠡᠨ᠎ᠦ ᠨᠠᠢᠷᠠᠭᠤᠯᠤᠭᠴᠢ

     5 ᠰᠠᠷ᠎ᠠ ᠶ᠋ᠢᠨ 26 ᠤ᠋ ᠦᠳᠡ ᠶ᠋ᠢᠨ ᠬᠣᠢᠨ᠎ᠠ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠡᠩᠨᠡᠭᠡᠨ ᠦ᠌ ᠰᠤᠷᠭᠠᠨ ᠬᠥᠮᠦᠵᠢᠯ ᠢ᠋ ᠴᠡᠭᠴᠡᠯᠡᠨ ᠰᠠᠢᠵᠢᠷᠠᠭᠤᠯᠬᠤ ᠤᠳᠤᠷᠢᠳᠬᠤ ᠳᠤᠭᠤᠢᠯᠠᠩ ᠤ᠋ᠨ ᠬᠤᠷᠠᠯ ᠬᠤᠷᠠᠯᠳᠤᠭᠤᠯᠪᠠ ᠃ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ ᠂ ᠬᠣᠲᠠ ᠶ᠋ᠢᠨ  ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ ᠪᠦᠷᠢᠯᠳᠦᠬᠦᠨ ᠨᠢᠭᠡᠪᠦᠷᠢ ᠶ᠋ᠢᠨ ᠠᠵᠢᠯ ᠤ᠋ᠨ ᠲᠤᠰᠬᠠᠢ ᠠᠩᠭᠢ ᠂ ᠬᠡᠮ ᠠᠷᠬᠠᠭ ᠭᠡᠮ ᠢ᠋ ᠴᠡᠭᠴᠡᠯᠡᠨ ᠵᠠᠰᠠᠬᠤ ᠳᠤᠭᠤᠢᠯᠠᠩ ᠤ᠋ᠨ ᠬᠠᠷᠢᠯᠴᠠᠭᠴᠢ ᠬᠤᠷᠠᠯ ᠳ᠋ᠤ᠌ ᠣᠷᠣᠯᠴᠠᠵᠠᠢ ᠃

 

     ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ᠋ ᠶᠢᠰᠦᠳᠦᠭᠡᠷ ᠵᠢᠭᠠᠨ ᠵᠢᠯᠣᠭᠣᠳᠬᠤ ᠳᠤᠭᠤᠢᠯᠠᠩ 5 ᠰᠠᠷ᠎ᠠ ᠶ᠋ᠢᠨ 25 ᠤ᠋ ᠡᠳᠦᠷ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠳ᠋ᠤ᠌ ᠬᠦᠷᠴᠦ ᠬᠠᠷᠢᠭᠤ ᠲᠤᠰᠬᠠᠬᠤ ᠰᠠᠨᠠᠯ ᠂ ᠬᠣᠲᠠ ᠶ᠋ᠢᠨ ᠨᠠᠮ ᠤ᠋ᠨ ᠬᠣᠷᠢᠶᠠᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠵᠥᠪᠯᠡᠯ 5 ᠰᠠᠷ᠎ᠠ ᠶ᠋ᠢᠨ 25 ᠤ᠋ ᠡᠳᠦᠷ ᠠᠷᠬᠠᠭ ᠡᠪᠡᠳᠴᠢᠨ ᠢ᠋ ᠴᠡᠭᠴᠡᠯᠡᠨ ᠵᠠᠰᠠᠬᠤ ᠲᠣᠬᠢᠷᠠᠭᠤᠯᠤᠯᠲᠠ ᠶ᠋ᠢᠨ ᠬᠤᠷᠠᠯ ᠤ᠋ᠨ ᠵᠣᠷᠢᠭ ᠰᠠᠨᠠᠭ᠎ᠠ ᠶ᠋ᠢ ᠤᠯᠠᠮᠵᠢᠯᠠᠪᠠ ᠃

     ᠰᠦ᠍ ᠯᠢ ᠵᠢᠶᠦ᠋ᠨ ᠴᠢᠬᠤᠯᠠᠴᠢᠯᠠᠭᠰᠠᠨ ᠨᠢ ᠂ ᠨᠢᠭᠡ ᠳ᠋ᠦ᠍᠂ ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ ᠃ ᠲᠥᠪ ᠦ᠋ᠨ ᠳᠥᠷᠪᠡᠳᠦᠭᠡᠷ ᠬᠢᠨᠠᠨ ᠵᠢᠯᠣᠭᠣᠳᠬᠤ ᠳᠤᠭᠤᠢᠯᠠᠩ ᠳᠣᠷᠣᠭᠰᠢ ᠪᠠᠭᠤᠵᠤ ᠣᠷᠳᠣᠰ ᠬᠣᠲᠠ ᠶ᠋ᠢᠨ ᠬᠢᠨᠠᠨ ᠵᠢᠯᠣᠭᠣᠳᠴᠤ ᠲᠤᠰᠬᠠᠭᠰᠠᠨ ᠠᠰᠠᠭᠤᠳᠠᠯ ᠪᠠ ᠥᠪᠡᠷᠲᠡᠭᠡᠨ ᠵᠠᠰᠠᠬᠤ ᠣᠷᠣᠨ ᠤ᠋ ᠶᠢᠰᠦᠳᠦᠭᠡᠷ ᠵᠢᠭᠠᠨ ᠵᠢᠯᠣᠭᠣᠳᠬᠤ ᠳᠤᠭᠤᠢᠯᠠᠩ ᠴᠡᠭᠴᠡᠯᠡᠨ ᠥᠭᠡᠷᠡᠴᠢᠯᠡᠵᠦ ᠨᠠᠢᠳᠠᠪᠤᠷᠢᠵᠢᠭᠤᠯᠬᠤ ᠠᠵᠢᠯ ᠢ᠋ ᠰᠠᠨᠠᠭᠠᠴᠢᠯᠠᠭ᠎ᠠ ᠲᠠᠢ ᠪᠠᠷ ᠣᠢᠯᠠᠭᠠᠬᠤ ᠂ ᠦᠨᠡᠮᠯᠡᠯ ᠶᠣᠰᠣᠭᠠᠷ ᠪᠦᠬᠦᠨ ᠢ᠋ ᠬᠤᠷᠢᠶᠠᠬᠤ ᠂ ᠪᠠᠷᠢᠮᠵᠢᠶ᠎ᠠ ᠶᠣᠰᠣᠭᠠᠷ ᠬᠠᠷᠢᠭᠤᠯᠲᠠ ᠥᠭᠬᠦ ᠂ ᠲᠣᠭᠲᠠᠭᠰᠠᠨ ᠭᠠᠵᠠᠷ ᠲᠤ᠌ ᠵᠣᠭᠰᠣᠨ ᠥᠭᠡᠷᠡᠴᠢᠯᠡᠨ ᠰᠠᠢᠵᠢᠷᠠᠭᠤᠯᠬᠤ ᠠᠵᠢᠯ ᠤ᠋ᠨ ᠠᠷᠭ᠎ᠠ ᠬᠡᠮᠵᠢᠶ᠎ᠡ ᠶ᠋ᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠨᠠᠢᠳᠠᠪᠤᠷᠢᠵᠢᠭᠤᠯᠬᠤ ᠠᠵᠢᠯ ᠤ᠋ᠨ ᠬᠠᠷᠢᠭᠤᠴᠠᠯᠭ᠎ᠠ ᠶ᠋ᠢ ᠰᠠᠢᠲᠤᠷ ᠨᠠᠢᠳᠠᠪᠤᠷᠢᠵᠢᠭᠤᠯᠬᠤ ᠬᠡᠷᠡᠭᠲᠡᠢ ᠃

     ᠬᠣᠶᠠᠷ ᠲᠤ᠌ ᠂ ᠠᠰᠠᠭᠤᠳᠠᠯ ᠢ᠋ᠶ᠋ᠠᠷ ᠤᠳᠤᠷᠢᠳᠤᠮᠵᠢ ᠪᠣᠯᠭᠠᠬᠤ ᠶ᠋ᠢ ᠪᠠᠷᠢᠮᠲᠠᠯᠠᠵᠤ ᠂ ᠰᠦᠪᠡᠭᠴᠢ ᠶ᠋ᠢᠨ ᠬᠠᠷᠭᠤᠭᠤᠯᠤᠨ ᠪᠠᠢᠴᠠᠭᠠᠬᠤ ᠪᠠ ᠬᠡᠷᠡᠭ ᠢ᠋ ᠪᠠᠢᠴᠠᠭᠠᠨ ᠰᠢᠢᠳᠪᠦᠷᠢᠯᠡᠬᠦ ᠶ᠋ᠢᠨ ᠬᠥᠲᠥᠯᠦᠨ ᠳᠠᠭᠠᠭᠤᠯᠬᠤ ᠴᠢᠨᠠᠷᠲᠠᠢ ᠦᠢᠯᠡᠳᠦᠯ ᠢ᠋ ᠭᠦᠢᠴᠡᠳ ᠪᠠᠳᠠᠷᠠᠭᠤᠯᠤᠨ ᠂ ᠬᠠᠷᠭᠤᠭᠤᠯᠤᠨ ᠪᠠᠢᠴᠠᠭᠠᠬᠤ ᠠᠵᠢᠯ ᠤ᠋ᠨ ᠬᠠᠷᠢᠭᠤᠴᠠᠯᠭ᠎ᠠ ᠶ᠋ᠢᠨ ᠳᠦᠷᠢᠮ ᠢ᠋ ᠨᠠᠢᠳᠠᠪᠤᠷᠢᠵᠢᠭᠤᠯᠵᠤ ᠂ 《ᠪᠠᠢᠴᠠᠭᠠᠬᠤ ᠵᠣᠷᠢᠭ ᠥᠬᠡᠢ ᠂ ᠪᠠᠢᠴᠠᠭᠠᠵᠤ ᠴᠢᠳᠠᠬᠤ ᠥᠬᠡᠢ ᠂ ᠪᠠᠢᠴᠠᠭᠠᠵᠤ ᠴᠢᠳᠠᠬᠤ ᠥᠬᠡᠢ ᠂ ᠭᠦᠨᠵᠡᠭᠡᠢ ᠪᠠᠢᠴᠠᠭᠠᠬᠤ ᠥᠬᠡᠢ 》 ᠵᠡᠷᠭᠡ ᠳᠣᠪᠣᠢᠮ᠎ᠠ ᠠᠰᠠᠭᠤᠳᠠᠯ ᠢ᠋ ᠰᠠᠢᠲᠤᠷ ᠰᠢᠢᠳᠪᠦᠷᠢᠯᠡᠨ᠎ᠡ ᠃ ᠬᠡᠷᠡᠭ ᠦ᠋ᠨ ᠰᠦᠪᠡᠭᠴᠢ ᠶ᠋ᠢ ᠡᠮᠬᠢᠯᠡᠨ ᠲᠢᠭᠯᠡᠬᠦ ᠠᠵᠢᠯ ᠢ᠋ ᠴᠢᠩᠭᠠᠳᠬᠠᠵᠤ ᠂ ᠰᠦᠪᠡᠭᠴᠢ ᠶ᠋ᠢ ᠬᠠᠷᠭᠤᠭᠤᠯᠵᠤ ᠪᠠᠢᠴᠠᠭᠠᠬᠤ ᠠᠬᠢᠴᠠ ᠶ᠋ᠢ ᠲᠦᠷᠭᠡᠳᠬᠡᠨ ᠂ ᠰᠦᠪᠡᠭᠴᠢ ᠶ᠋ᠢ ᠬᠠᠷᠭᠤᠭᠤᠯᠵᠤ ᠪᠠᠢᠴᠠᠭᠠᠬᠤ ᠶᠠᠰᠤ ᠴᠢᠨᠠᠷ ᠢ᠋ ᠳᠡᠭᠡᠭᠰᠢᠯᠡᠭᠦᠯᠦᠨ ᠂ ᠬᠦᠴᠦ ᠪᠡᠨ ᠲᠥᠪᠯᠡᠷᠡᠭᠦᠯᠦᠨ ᠰᠦᠪᠡᠭᠴᠢ ᠶ᠋ᠢ ᠬᠠᠷᠭᠤᠭᠤᠯᠤᠨ ᠪᠠᠢᠴᠠᠭᠠᠬᠤ ᠪᠠ ᠬᠡᠷᠡᠭ ᠢ᠋ ᠪᠠᠢᠴᠠᠭᠠᠨ ᠰᠢᠢᠳᠪᠦᠷᠢᠯᠡᠬᠦ ᠠᠵᠢᠯ ᠢ᠋ ᠴᠢᠩᠭ᠎ᠠ ᠠᠳᠬᠤᠨ᠎ᠠ ᠃

     ᠭᠤᠷᠪᠠ ᠳ᠋ᠤ᠌ ᠂ ᠦᠨᠡᠯᠡᠬᠦ ᠠᠵᠢᠯ ᠢ᠋ ᠰᠠᠢᠲᠤᠷ ᠬᠢᠬᠦ ᠳ᠋ᠦ᠍ ᠪᠠᠢᠴᠠᠭᠠᠨ ᠵᠠᠯᠠᠷᠠᠭᠤᠯᠬᠤ ᠠᠵᠢᠯ ᠤ᠋ᠨ ᠭᠣᠭᠴᠣᠭ᠎ᠠ 《ᠲᠠᠪᠤ ᠶ᠋ᠢ ᠪᠠᠢᠴᠠᠭᠠᠬᠤ》 ᠱᠠᠭᠠᠷᠳᠠᠯᠭ᠎ᠠ ᠲᠠᠢ ᠤᠶᠠᠯᠳᠤᠭᠤᠯᠵᠤ ᠂ ᠥᠪᠡᠷ ᠢ᠋ ᠪᠡᠨ ᠪᠦᠷᠢᠨ ᠬᠠᠮᠤᠷᠤᠭᠰᠠᠨ ᠡᠰᠡᠬᠦ ᠂ ᠰᠦᠪᠡᠭᠴᠢ ᠶ᠋ᠢ ᠲᠤᠢᠯᠪᠤᠷᠢᠲᠠᠢ ᠪᠠᠢᠴᠠᠭᠠᠵᠤ ᠂ ᠣᠯᠠᠨ ᠳ᠋ᠤ᠌ ᠬᠥᠨᠥᠭᠡᠯ ᠤᠴᠠᠷᠠᠭᠤᠯᠤᠭᠰᠠᠨ ᠮᠣᠷᠢ ᠶ᠋ᠢ ᠴᠡᠪᠡᠷᠯᠡᠨ ᠠᠷᠢᠯᠭᠠᠭᠰᠠᠨ ᠡᠰᠡᠬᠦ ᠂ ᠲᠥᠷᠥ ᠶ᠋ᠢᠨ ᠪᠣᠳᠣᠯᠭ᠎ᠠ ᠶ᠋ᠢ ᠬᠡᠷᠡᠭᠯᠡᠭᠰᠡᠨ ᠨᠢ ᠣᠨᠣᠪᠴᠢᠲᠠᠢ ᠡᠰᠡᠬᠦ ᠂ ᠬᠡᠮ ᠠᠷᠬᠠᠭ ᠭᠡᠮ ᠢ᠋ ᠪᠦᠲᠦᠮᠵᠢᠲᠡᠢ ᠴᠡᠭᠴᠡᠯᠡᠨ ᠵᠠᠰᠠᠭᠰᠠᠨ ᠡᠰᠡᠬᠦ ᠵᠡᠷᠭᠡ ᠲᠠᠪᠤᠨ ᠲᠠᠯ᠎ᠠ ᠠ᠋ᠴᠠ ᠨᠠᠷᠢᠨ ᠨᠢᠮᠪᠠᠢ ᠦᠨᠡᠯᠡᠨ ᠵᠢᠱ᠌ᠢᠵᠦ ᠂ ᠭᠡᠮ ᠰᠣᠭᠣᠭ ᠲᠠᠢ ᠡᠰᠡᠬᠦ ᠶ᠋ᠢ ᠪᠠᠢᠴᠠᠭᠠᠵᠤ ᠨᠥᠬᠥᠪᠥᠷᠢᠯᠡᠨ ᠵᠠᠯᠠᠷᠠᠭᠤᠯᠬᠤ ᠠᠵᠢᠯ ᠢ᠋ ᠦᠨᠡᠨᠬᠦ ᠰᠠᠢᠲᠤᠷ ᠬᠢᠬᠦ ᠬᠡᠷᠡᠭᠲᠡᠢ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )