ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠡᠯ᠎ᠡ ᠨᠠᠮ ᠤ᠋ᠨ ᠡᠭᠦᠷ ᠦ᠋ᠨ ᠱ᠋ᠢ ᠵᠢᠨ ᠫᠢᠩ ᠶᠡᠷᠦᠩᠬᠡᠢ ᠱᠦᠵᠢ ᠶ᠋ᠢᠨ《 7.1》ᠦ᠌ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠶ᠋ᠢ ᠲᠥᠪᠯᠡᠷᠡᠩᠭᠦᠢ ᠰᠤᠷᠤᠯᠴᠠᠨ ᠰᠤᠳᠤᠯᠤᠨ ᠶᠠᠷᠢᠯᠴᠠᠪᠠ
2021.07.19 ᠲᠣᠰ ᠥᠷᠲᠡᠭᠡᠨ ᠦ ᠨᠠᠢᠷᠠᠭᠤᠯᠤᠭᠴᠢ

     ᠶᠡᠷᠦᠩᠬᠡᠢ ᠱᠦᠵᠢ ᠰᠢ ᠵᠢᠨ ᠫᠢᠩ ᠦ᠋ᠨ ᠳᠤᠮᠳᠠᠳᠤ ᠤᠯᠤᠰ ᠤ᠋ᠨ ᠡᠪ ᠬᠠᠮᠲᠤ ᠨᠠᠮ ᠪᠠᠢᠭᠤᠯᠤᠭᠳᠠᠭᠰᠠᠨ 100 ᠵᠢᠯ ᠦ᠋ᠨ ᠣᠢ ᠶ᠋ᠢ ᠪᠡᠯᠭᠡᠯᠡᠬᠦ ᠶᠡᠬᠡ ᠬᠤᠷᠠᠯ ᠳᠡᠭᠡᠷ᠎ᠡ  ᠶᠠᠷᠢᠶᠠᠨ ᠤ᠋ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶ᠋ᠢᠨ ᠲᠥᠯᠥᠭᠡ ᠭᠦᠨᠵᠡᠭᠡᠢ ᠣᠢᠯᠠᠭᠠᠵᠤ ᠂ ᠭᠦᠨ ᠭᠦᠨᠵᠡᠭᠡᠢ ᠠᠭᠤᠯᠤᠭᠳᠠᠬᠤᠨ ᠣᠷᠣᠭᠤᠯᠵᠤ ᠂ ᠦᠨᠡᠨᠴᠢ ᠢᠲᠡᠭᠡᠮᠵᠢᠲᠡᠢ ᠦᠷᠭᠦᠯᠵᠢᠯᠡᠨ ᠬᠥᠭᠵᠢᠬᠦ ᠬᠤᠪᠢᠰᠬᠠᠯᠲᠤ ᠰᠤᠳᠠᠰᠤ ᠶ᠋ᠢ ᠤᠯᠠᠮ ᠨᠢᠭᠡ ᠠᠯᠬᠤᠮ ᠬᠥᠭᠵᠢᠭᠦᠯᠦᠨ ᠠᠭᠤᠤ ᠶᠡᠬᠡ ᠨᠠᠮ ᠪᠠᠢᠭᠤᠯᠬᠤ ᠵᠣᠷᠢᠭ ᠰᠠᠨᠠᠭ᠎ᠠ ᠶ᠋ᠢ ᠪᠣᠢ ᠪᠣᠯᠭᠠᠨ ᠭᠦᠨᠵᠡᠭᠡᠢ ᠰᠤᠷᠤᠯᠴᠠᠨ᠂ᠡᠯ᠎ᠡ ᠨᠠᠮ ᠤ᠋ᠨ ᠡᠭᠦᠷ ᠱᠠᠭᠠᠷᠳᠠᠯᠭ᠎ᠠ ᠶᠣᠰᠣᠭᠠᠷ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ᠋ ᠪᠤᠰᠢᠭᠤ ᠲᠦᠷᠭᠡᠨ ᠬᠤᠷᠠᠯᠳᠤᠭᠤᠯᠵᠤ ᠂ ᠶᠡᠷᠦᠩᠬᠡᠢ ᠱᠦᠵᠢ ᠰᠢ ᠵᠢᠨ ᠫᠢᠩ ᠦ᠋ᠨ《 ᠳᠣᠯᠣᠭᠠᠨ ᠰᠠᠷ᠎ᠠ ᠶ᠋ᠢᠨ ᠨᠢᠭᠡᠨ》  ᠦ᠌ ᠶᠠᠷᠢᠶᠠᠨ ᠤ᠋ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠣᠢᠯᠠᠭᠠᠵᠤ ᠂ ᠨᠠᠮ ᠤ᠋ᠨ ᠭᠡᠰᠢᠭᠦᠨ ᠨᠢᠭᠡᠪᠦᠷᠢ ᠴᠥᠮ ᠰᠤᠳᠤᠯᠤᠨ ᠶᠠᠷᠢᠯᠴᠠᠬᠤ ᠮᠠᠲ᠋ᠧᠷᠢᠶᠠᠯ ᠪᠢᠴᠢᠬᠦ ᠶ᠋ᠢᠨ ᠬᠠᠮᠲᠤ ᠣᠪᠣᠷ ᠢ᠋ᠶ᠋ᠠᠨ ᠢᠯᠡᠳᠬᠡᠵᠦ ᠦᠭᠡ ᠬᠡᠯᠡᠪᠡ ᠃

     ᠨᠢᠭᠡᠳᠦᠭᠡᠷ ᠨᠠᠮ ᠤ᠋ᠨ ᠡᠭᠦᠷ ᠦ᠋ᠨ ᠱᠦᠵᠢ ᠾᠧ ᠶᠠᠨ ᠴᠦᠨ ᠬᠡᠯᠡᠬᠦ ᠳ᠋ᠡᠭᠡᠨ ᠂ ᠡᠪ ᠬᠠᠮᠲᠤ ᠨᠠᠮ ᠤ᠋ᠨ ᠭᠡᠰᠢᠭᠦᠨ ᠪᠣᠯᠤᠭᠰᠠᠨ ᠤ᠋ ᠬᠤᠪᠢ ᠳ᠋ᠤ᠌ ᠬᠡᠵᠢᠶᠡᠳᠡ ᠠᠷᠠᠳ ᠣᠯᠠᠨ ᠲᠠᠢ ᠰᠡᠳᠬᠢᠯ ᠰᠠᠨᠠᠭ᠎ᠠ ᠪᠠᠨ ᠨᠢᠭᠡᠳᠬᠡᠵᠦ ᠂ ᠬᠤᠪᠢ ᠵᠠᠶᠠᠭ᠎ᠠ ᠪᠠᠨ ᠬᠠᠮᠲᠤᠳᠬᠠᠨ ᠂ ᠠᠵᠢᠯ ᠦᠢᠯᠡᠰ ᠢ᠋ᠶ᠋ᠡᠨ ᠳᠡᠭᠡᠳᠦᠯᠡᠵᠦ ᠂ ᠴᠣᠭ ᠪᠠᠳᠠᠷᠠᠩᠭᠤᠢ ᠲᠡᠮᠡᠴᠡᠯ ᠦ᠋ᠨ ᠵᠣᠷᠢᠭ ᠰᠥᠰᠥ ᠪᠡᠷ ᠠᠵᠢᠯ ᠢ᠋ᠶ᠋ᠠᠨ ᠡᠬᠢᠯᠡᠭᠦᠯᠵᠦ ᠪᠦᠬᠦ ᠰᠡᠳᠬᠢᠯ ᠪᠥᠬᠥ ᠵᠣᠷᠢᠭ ᠢ᠋ᠶ᠋ᠠᠷ ᠠᠷᠠᠳ ᠣᠯᠠᠨ ᠤ᠋ ᠬᠠᠤᠯᠢ ᠶᠣᠰᠣᠨ ᠤ᠋ ᠡᠷᠬᠡ ᠠᠰᠢᠭ ᠢ᠋ ᠬᠠᠮᠠᠭᠠᠯᠠᠵᠤ ᠂ ᠰᠢᠨ᠎ᠡ ᠴᠠᠭ ᠦᠶ᠎ᠡ ᠶ᠋ᠢᠨ ᠰᠢᠭᠦᠬᠦ ᠬᠣᠷᠢᠶᠠᠨ ᠤ᠋ ᠠᠵᠢᠯ ᠤ᠋ᠨ ᠥᠨᠳᠥᠷ ᠴᠢᠨᠠᠷ ᠴᠢᠨᠰᠠᠭ᠎ᠠ ᠲᠠᠢ ᠬᠥᠭᠵᠢᠯᠲᠡ ᠳ᠋ᠦ᠍ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠡᠢ ᠃

     ᠬᠣᠶᠠᠳᠤᠭᠠᠷ ᠨᠠᠮ ᠤ᠋ᠨ ᠡᠭᠦᠷ ᠸᠠᠩ ᠬᠠᠨ ᠬᠠᠨ ᠰᠢᠨ᠎ᠡ ᠴᠠᠭ ᠦᠶ᠎ᠡ ᠶ᠋ᠢᠨ ᠰᠢᠭᠦᠬᠦ ᠬᠣᠷᠢᠶᠠᠨ ᠤ᠋ ᠬᠥᠮᠦᠨ ᠪᠣᠯᠤᠭᠰᠠᠨ ᠤ᠋ ᠬᠤᠪᠢ ᠳ᠋ᠤ᠌ ᠠᠬᠠᠮᠠᠳ ᠨᠢᠭᠡ ᠦᠶ᠎ᠡ ᠶ᠋ᠢᠨ ᠬᠤᠪᠢᠰᠬᠠᠯᠴᠢᠳ ᠳᠠᠷᠤᠤ ᠬᠢᠴᠢᠶᠡᠩᠭᠦᠢ ᠂ ᠪᠠᠷᠳᠠᠮᠨᠠᠬᠤ ᠦᠭᠡᠢ ᠪᠠᠴᠢᠮᠳᠠᠬᠤ ᠦᠭᠡᠢ ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ ᠰᠢᠯᠢᠳᠡᠭ ᠰᠤᠷᠲᠠᠯ ᠢ᠋ ᠵᠠᠯᠭᠠᠮᠵᠢᠯᠠᠨ ᠪᠠᠳᠠᠷᠠᠭᠤᠯᠵᠤ ᠂ ᠬᠢᠷᠢ ᠲᠡᠩᠴᠡᠭᠰᠡᠨ ᠨᠠᠮ ᠤ᠋ᠨ ᠭᠡᠰᠢᠭᠦᠨ ᠦ᠌ ᠪᠠᠷᠢᠮᠵᠢᠶ᠎ᠠ ᠶ᠋ᠢ ᠪᠠᠲᠤ ᠴᠡᠭᠡᠵᠢᠯᠡᠵᠦ ᠂ ᠨᠠᠮ ᠤ᠋ᠨ ᠳᠠᠭᠠᠵᠤ ᠶᠠᠪᠤᠬᠤ ᠨᠢ ᠢᠮᠠᠭᠲᠠ ᠴᠣᠭ ᠪᠠᠳᠠᠷᠠᠩᠭᠤᠢ ᠪᠠᠷ ᠤᠷᠤᠭᠰᠢᠯᠠᠨ ᠲᠠᠪᠰᠢᠵᠤ ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠬᠤ ᠣᠶᠤᠨ ᠰᠠᠨᠠᠭᠠᠨ ᠤ᠋ ᠳᠦᠷᠰᠦ ᠪᠠᠢᠳᠠᠯ ᠢ᠋ᠶ᠋ᠠᠨ ᠪᠠᠲᠤᠯᠠᠵᠤ ᠂ ᠲᠤᠬᠠᠢᠯᠠᠭᠰᠠᠨ ᠠᠵᠢᠯ ᠢ᠋ᠶ᠋ᠠᠨ ᠪᠦᠬᠦ ᠬᠦᠴᠦᠨ ᠢ᠋ᠶ᠋ᠡᠷ ᠢ᠋ᠶ᠋ᠡᠨ ᠰᠠᠢᠲᠤᠷ ᠬᠢᠬᠦ ᠬᠡᠷᠡᠭᠲᠡᠢ ᠭᠡᠵᠦ ᠬᠡᠯᠡᠪᠡ ᠃

     ᠭᠤᠷᠪᠠᠳᠠᠬᠢ ᠨᠠᠮ ᠤ᠋ᠨ ᠡᠭᠦᠷ ᠤᠨ ᠭᠡᠰᠢᠭᠦᠨ ᠸᠠᠩ ᠶᠠᠨ ᠨᠢ ᠨᠢᠭᠡᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠺᠠᠲᠠᠷ ᠪᠣᠯᠤᠭᠰᠠᠨ ᠤ᠋ ᠬᠤᠪᠢ ᠳ᠋ᠤ᠌ ᠬᠣᠢᠰᠢᠳᠠ ᠪᠠᠭ᠎ᠠ ᠶᠠᠪᠤᠳᠠᠯ ᠠ᠋ᠴᠠ ᠲᠦᠷᠦᠭᠦᠯᠡᠨ ᠬᠡᠪ ᠳᠠᠭᠤᠷᠢᠶᠠᠯ ᠪᠣᠯᠵᠤ ᠂ ᠪᠡᠶ᠎ᠡ ᠪᠡᠷ ᠢ᠋ᠶ᠋ᠡᠨ ᠬᠡᠪ ᠳᠦᠷᠢᠮ ᠪᠣᠯᠵᠤ ᠂ ᠠᠵᠢᠯ ᠪᠣᠯᠭᠠᠨ ᠳ᠋ᠤ᠌ ᠥᠴᠦᠬᠡᠨ ᠴᠦ᠍ ᠣᠰᠣᠯᠳᠠᠬᠤ ᠦᠭᠡᠢ ᠂ ᠲᠡᠷᠢᠭᠦᠨ ᠦ᠌ ᠵᠢᠱ᠌ᠢᠶᠡᠴᠢ ᠨᠠᠮ ᠤ᠋ᠨ ᠭᠡᠰᠢᠭᠦᠳ ᠲᠦ᠍ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠰᠤᠷᠤᠯᠴᠠᠵᠤ ᠂ ᠣᠯᠠᠨ ᠤ᠋ ᠰᠢᠭᠦᠮᠵᠢᠯᠡᠯ ᠪᠠ ᠰᠠᠨᠠᠭᠤᠯᠭ᠎ᠠ ᠶ᠋ᠢ ᠳᠠᠷᠤᠤ ᠬᠢᠴᠢᠶᠡᠩᠭᠦᠢ ᠪᠡᠷ ᠬᠦᠯᠢᠶᠡᠨ ᠠᠪᠬᠤ ᠬᠡᠷᠡᠭᠲᠡᠢ ᠃

     ᠳᠥᠷᠪᠡᠳᠦᠭᠡᠷ ᠨᠠᠮ ᠤ᠋ᠨ ᠡᠭᠦᠷ ᠦ᠋ᠨ ᠱᠦᠵᠢ ᠳ᠋ᠦ᠍ ᠪᠤᠤ ᠪᠦᠸᠧ ᠂ ᠠᠷᠠᠳ ᠤ᠋ᠨ ᠬᠠᠤᠯᠢ ᠶ᠋ᠢᠨ ᠲᠤᠰᠢᠶᠠᠯᠲᠠᠨ ᠤ᠋ ᠬᠤᠪᠢ ᠪᠠᠷ ᠶᠡᠷᠦᠩᠬᠡᠢ ᠱᠦᠵᠢ ᠰᠢ ᠵᠢᠨ ᠫᠢᠩ ᠦ᠋ᠨ ᠨᠠᠮ ᠪᠠᠢᠭᠤᠯᠤᠭᠳᠠᠭᠰᠠᠨ 100 ᠵᠢᠯ ᠦ᠋ᠨ ᠣᠢ ᠶ᠋ᠢ ᠪᠡᠯᠭᠡᠯᠡᠬᠦ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠶ᠋ᠢ ᠲᠤᠤᠱᠯᠠᠭᠤᠯᠬᠤ ᠨᠢ ᠳᠠᠷᠤᠢ ᠶᠠᠷᠢᠶᠠᠨ ᠤ᠋ ᠵᠣᠷᠢᠭ ᠰᠠᠨᠠᠭ᠎ᠠ ᠶ᠋ᠢ ᠲᠤᠰ ᠪᠡᠶ᠎ᠡ ᠶ᠋ᠢᠨ ᠠᠵᠢᠯ ᠲᠠᠢ ᠤᠶᠠᠯᠳᠤᠭᠤᠯᠤᠨ ᠂ ᠠᠷᠠᠳ ᠤ᠋ᠨ ᠲᠥᠯᠥᠭᠡ ᠬᠠᠤᠯᠢ ᠴᠠᠭᠠᠵᠠ ᠶ᠋ᠢ ᠲᠥᠪ ᠭᠣᠣᠯᠴᠢ ᠪᠠᠷ ᠬᠡᠷᠡᠭᠵᠢᠭᠦᠯᠬᠦ ᠵᠣᠷᠢᠯᠲᠠ ᠶ᠋ᠢ ᠤᠶᠠᠯᠳᠤᠭᠤᠯᠤᠨ ᠂ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠪᠠ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠬᠦᠷᠲᠡᠵᠦ ᠂ ᠣᠯᠠᠨ ᠲᠦᠮᠡᠨ ᠦ᠌ ᠬᠦᠴᠢᠷ ᠠᠰᠠᠭᠤᠳᠠᠯ ᠢ᠋ ᠴᠢᠷᠮᠠᠢᠨ ᠰᠢᠢᠳᠪᠦᠷᠢᠯᠡᠬᠦ ᠶ᠋ᠢ ᠬᠦᠰᠡᠭᠰᠡᠨ ᠪᠠᠢᠨ᠎ᠠ ᠃

     ᠲᠠᠪᠤᠳᠤᠭᠠᠷ ᠨᠠᠮ ᠤ᠋ᠨ ᠡᠭᠦᠷ ᠤᠨ ᠭᠡᠰᠢᠭᠦᠨ ᠬᠦ᠌ ᠬᠠᠨ ᠶᠡᠷᠦᠩᠬᠡᠢ ᠱᠦᠵᠢ ᠶ᠋ᠢᠨ ᠨᠠᠮ ᠪᠠᠢᠭᠤᠯᠤᠭᠳᠠᠭᠰᠠᠨ 100 ᠵᠢᠯ ᠦ᠋ᠨ ᠣᠢ ᠶ᠋ᠢ ᠪᠡᠯᠭᠡᠯᠡᠬᠦ ᠶᠡᠬᠡ ᠬᠤᠷᠠᠯ ᠳᠡᠭᠡᠷᠡᠬᠢ ᠶᠠᠷᠢᠶ᠎ᠠ ᠶ᠋ᠢ ᠨᠠᠷᠢᠨ ᠬᠢᠨᠠᠮᠠᠭᠠᠢ ᠰᠣᠨᠣᠰᠤᠨ ᠰᠤᠷᠤᠯᠴᠠᠬᠤ ᠲᠤᠬᠠᠢ ᠶᠠᠷᠢᠶ᠎ᠠ ᠲᠠᠯᠪᠢᠵᠠᠢ ᠃ ᠡᠭᠦᠷᠭᠡ ᠪᠣᠯ ᠥᠩᠭᠡ ᠭᠡᠷᠡᠯ ᠲᠡᠢ , ᠶᠡᠷᠦᠩᠬᠡᠢ ᠱᠦᠵᠢ ᠶ᠋ᠢᠨ ᠤᠷᠢᠶᠠᠯᠠᠭ᠎ᠠ ᠶ᠋ᠢ ᠴᠢᠷᠮᠠᠢᠨ ᠴᠤᠤᠷᠢᠶᠠᠲᠤᠨ ᠳᠠᠭᠠᠵᠤ ᠂ ᠠᠭᠤᠤ ᠶᠡᠬᠡ ᠨᠠᠮ ᠪᠠᠢᠭᠤᠯᠬᠤ ᠵᠣᠷᠢᠭ ᠰᠠᠨᠠᠭ᠎ᠠ ᠶ᠋ᠢ ᠭᠤᠢᠪᠢᠰᠢ ᠥᠬᠡᠢ ᠰᠠᠢᠲᠤᠷ ᠵᠠᠯᠭᠠᠮᠵᠢᠯᠠᠵᠤ ᠂ ᠳᠣᠲᠣᠷ᠎ᠠ ᠠ᠋ᠴᠠ ᠣᠶᠤᠨ ᠰᠠᠨᠠᠭᠠᠨ ᠤ᠋ ᠬᠦᠴᠦᠨ ᠢ᠋ ᠰᠠᠢᠲᠤᠷ ᠪᠠᠳᠠᠷᠠᠭᠤᠯᠵᠤ ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ ᠰᠢᠨ᠎ᠡ ᠴᠠᠭ ᠦᠶ᠎ᠡ ᠳ᠋ᠦ᠍ ᠰᠢᠨ᠎ᠡ ᠳᠦᠷᠢ ᠲᠦᠷᠬᠦ ᠪᠡᠨ ᠴᠢᠷᠮᠠᠢᠨ ᠢᠯᠡᠷᠡᠭᠦᠯᠵᠦ ᠂ ᠰᠢᠨ᠎ᠡ ᠠᠶ᠎ᠠ ᠳ᠋ᠤ᠌ ᠰᠢᠨ᠎ᠡ ᠵᠢᠳᠬᠦᠯ ᠦᠵᠡᠭᠦᠯᠬᠦ ᠶ᠋ᠢ ᠪᠡᠶᠡᠯᠡᠭᠦᠯᠦᠨ᠎ᠡ ᠃

     ᠵᠢᠷᠭᠤᠳᠤᠭᠠᠷ ᠨᠠᠮ ᠤ᠋ᠨ ᠡᠭᠦᠷ ᠤᠨ ᠭᠡᠰᠢᠭᠦᠨ ᠯᠢᠦ ᠬᠠᠢ ᠳ᠋ᠦᠩ ᠢᠯᠡᠷᠬᠡᠢᠯᠡᠬᠦ ᠳ᠋ᠡᠭᠡᠨ ᠂ ᠶᠡᠷᠦᠩᠬᠡᠢ ᠱᠦᠵᠢ ᠰᠢ ᠵᠢᠨ ᠫᠢᠩ ᠦ᠋ᠨ ᠪᠥᠬᠥ ᠡᠪ ᠬᠠᠮᠲᠤ ᠨᠠᠮ ᠤ᠋ᠨ ᠭᠡᠰᠢᠭᠦᠨ ᠳ᠋ᠦ᠍ ᠳᠤᠷᠠᠳᠤᠭᠰᠠᠨ ᠤᠷᠢᠶᠠᠯᠠᠭ᠎ᠠ ᠶ᠋ᠢᠨ ᠱᠠᠭᠠᠷᠳᠠᠯᠭ᠎ᠠ ᠶ᠋ᠢ ᠡᠷᠡᠰ ᠴᠤᠤᠷᠢᠶᠠᠲᠤᠵᠤ ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠢᠲᠡᠭᠡᠯ ᠵᠣᠷᠢᠭ ᠢ᠋ᠶ᠋ᠠᠨ ᠪᠠᠲᠤᠳᠬᠠᠨ ᠂ ᠨᠠᠮ ᠤ᠋ᠨ ᠵᠣᠷᠢᠯᠲᠠ ᠶ᠋ᠢ ᠦᠢᠯᠡᠳᠦᠯᠭᠡᠵᠢᠭᠦᠯᠵᠦ ᠂ ᠠᠷᠠᠳ ᠲᠦᠮᠡᠨ ᠲᠡᠢ ᠬᠠᠮᠲᠤ ᠪᠠᠢᠬᠤ ᠂ ᠠᠷᠠᠳ ᠲᠦᠮᠡᠨ ᠲᠡᠢ ᠬᠠᠮᠲᠤ ᠠᠵᠢᠯᠯᠠᠬᠤ ᠂ ᠬᠦᠴᠢᠷ ᠪᠡᠷᠬᠡ ᠶ᠋ᠢ ᠬᠠᠮᠲᠤᠪᠠᠷ ᠲᠤᠭᠤᠯᠬᠤ ᠂ ᠠᠷᠠᠳ ᠣᠯᠠᠨ ᠤ᠋ ᠰᠠᠢᠨ ᠰᠠᠢᠬᠠᠨ ᠠᠮᠢᠳᠤᠷᠠᠯ ᠤ᠋ᠨ ᠬᠦᠰᠡᠯ ᠱᠠᠭᠠᠷᠳᠠᠯᠭ᠎ᠠ ᠶ᠋ᠢ ᠴᠢᠷᠮᠠᠢᠨ ᠪᠡᠶᠡᠯᠡᠭᠦᠯᠦᠨ᠎ᠡ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )